ᠳ᠋ᠦᠩ ᠾᠧ ᠲᠣᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/8/1
     ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ      ᠳᠡᠭᠡᠷ᠎ᠡ ᠬᠠᠭᠠᠰ ᠵᠢᠯ ᠳᠤ᠂ ᠳ᠋ᠦᠩ ᠾᠧ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 245.9 ᠳ᠋ᠦᠩᠰᠢᠭᠤᠷ ᠲᠥᠭᠦᠷᠢᠭ ᠲᠤ ᠬᠦᠷᠴᠦ᠂ ᠦᠯᠦ ᠬᠤᠪᠢᠰᠬᠤ ᠦᠨ᠎ᠡ ᠪᠠᠷ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.4 ᠵᠠᠭᠤᠨ ᠤ ᠴᠡᠭ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ 3᠂ 1.8 ᠵᠠᠭᠤᠨ ᠤ ᠴᠡᠭ ᠠᠴᠠ ᠥᠨᠳᠥᠷ ᠪᠣᠯᠵᠤ᠂ ᠪᠥᠬᠦ ᠬᠤᠲᠠ ᠶᠢᠨ 0.7 ᠵᠠᠭᠤᠨ ᠤ ᠴᠡᠭ ᠠᠴᠠ ᠳᠣᠤᠷ᠎ᠠ ᠪᠣᠯᠵᠠᠶ᠃      ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 0.5% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 14.5% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ GDP ᠳᠤ ᠡᠵᠡᠯᠡᠬᠦ ᠬᠤᠪᠢ ᠶᠢᠨ ᠵᠢᠩ ᠨᠢ ᠲᠤᠰ ᠲᠤᠰ 1%᠂ 43%᠂ 56%᠃      ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ      ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠳ᠋ᠦᠩ ᠾᠧ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.9% ᠪᠠᠷ ᠨᠡᠮᠡᠭᠳᠡᠵᠦ᠂ ᠳᠡᠭᠡᠷ᠎ᠡ ᠵᠢᠯ ᠤᠨ ᠬᠢ ᠠᠴᠠ 4.9 ᠵᠠᠭᠤᠨ ᠤ ᠴᠡᠭ ᠨᠡᠮᠡᠭᠳᠡᠵᠦ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ 3.9᠂ 2.4 ᠵᠠᠭᠤᠨ ᠤ ᠴᠡᠭ ᠥᠨᠳᠥᠷ ᠪᠣᠯᠵᠤ᠂ ᠪᠥᠬᠦ ᠬᠤᠲᠠ ᠶᠢᠨ 5.4 ᠵᠠᠭᠤᠨ ᠤ ᠨᠢᠭᠡᠴᠢ ᠠᠴᠠ ᠳᠣᠣᠷ᠎ᠠ ᠪᠣᠯᠪᠠ᠃      ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠭᠤᠷᠠᠯᠲᠠ ᠶᠢᠨ ᠬᠡᠮᠵᠢᠶ᠎ᠡ ᠦᠷᠭᠦᠯᠵᠢᠯᠡᠨ ᠪᠠᠭᠠᠰᠪᠠ ᠃ ᠳᠡᠭᠡᠷ᠎ᠡ ᠬᠠᠭᠠᠰ ᠵᠢᠯ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.8% ᠪᠠᠷ ᠪᠠᠭᠤᠷᠠᠵᠤ᠂ ᠳᠡᠭᠡᠷ᠎ᠡ ᠰᠠᠷ᠎ᠠ ᠶᠢᠨ ᠬᠢ ᠠᠴᠠ 8.1 ᠵᠠᠭᠤᠨ ᠤ ᠨᠢᠭᠡᠴᠢ ᠪᠠᠭᠠᠰᠴᠤ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ 12.7᠂ 20.8 ᠪᠠ 26.3 ᠵᠠᠭᠤᠨ ᠤ ᠴᠡᠭ ᠳᠤᠤᠷ᠎ᠠ ᠪᠣᠯᠪᠠ᠃      ᠳᠥᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ      ᠵᠠᠭ᠋᠎ᠠ ᠳᠡᠯᠭᠡᠬᠦᠷ ᠤᠨ ᠪᠦ᠋ᠷᠦᠯᠡᠭᠤᠯᠦᠯᠳᠡ ᠲᠣᠭᠲᠠᠭᠤᠨ ᠪᠠᠶᠢᠯᠭᠠᠬᠤ ᠮᠥᠷᠲᠡᠭᠡᠨ ᠠᠬᠢᠯᠲᠠ ᠲᠠᠢ ᠪᠤᠯᠪᠠ᠃ ᠳᠡᠭᠡᠷ᠎ᠡ ᠬᠠᠭᠠᠰ ᠵᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 89.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ᠂ ᠪᠥᠬᠦ ᠬᠤᠲᠠ ᠶᠢᠨ 0.8᠂ 0.7 ᠵᠠᠭᠤᠨ ᠤ ᠬᠤᠪᠢ ᠶᠢᠨ ᠴᠡᠭ ᠳᠣᠤᠷ᠎ᠠ᠂ ᠥᠪᠡᠷᠲᠡᠭᠡᠨ ᠵᠠᠰᠠᠬᠤ ᠣᠷᠣᠨ ᠤ 0.1 ᠵᠠᠭᠤᠨ ᠤ ᠨᠢᠭᠡᠴᠢ ᠠᠴᠠ ᠥᠨᠳᠥᠷ ᠪᠣᠯᠪᠠ᠃      ᠲᠠᠪᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ      ᠳᠡᠭᠡᠷ᠎ᠡ ᠬᠠᠭᠠᠰ ᠵᠢᠯ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27995 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.4% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ 7 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ 3 ᠳ᠋ᠤᠭᠠᠷ ᠲᠤ ᠵᠢᠭᠰᠠᠭᠠᠭᠳᠠᠪᠠ᠃ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 12141 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.9 % ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ 2 ᠳ᠋ᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ 4 ᠳ᠋ᠤᠭᠠᠷ ᠲᠤ ᠵᠢᠭᠰᠠᠭᠠᠭᠳᠠᠵᠠᠶ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1