ᠳ᠋ᠦᠩ ᠾᠧ ᠲᠣᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ︵ᠲᠤᠭ᠎ᠠ ᠪᠠᠷᠢᠮᠲᠠ ᠶᠢᠨ ᠲᠠᠶᠢᠯᠤᠮᠵᠢ︶
ᠨᠡᠶᠢᠲᠡᠯᠡᠭᠰᠡᠨ ᠴᠠᠭ᠄
2024/8/1
     ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ︵GDP︶      ᠳᠡᠭᠡᠷ᠎ᠡ ᠬᠠᠭᠠᠰ ᠵᠢᠯ ᠳᠤ᠂ ᠪᠦᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 245.9 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ ᠳᠥᠷᠪᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠨ᠂ ᠨᠢᠭᠡᠳᠦᠭᠡᠷ ᠤᠯᠠᠷᠢᠯ ᠲᠠᠢ ᠲᠡᠩᠴᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.4 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ 9 ᠳ᠋ᠤᠭᠠᠷᠯᠠᠵᠤ᠂ ᠲᠣᠰ ᠲᠣᠰ ᠪᠥᠬᠦ ᠤᠯᠤᠰ ︵5%︶᠂ ᠥᠪᠡᠷᠲᠡᠭᠡᠨ ᠵᠠᠰᠠᠬᠤ ᠣᠷᠣᠨ ︵6.2 %︶ 3᠂ 1.8 ᠵᠠᠭᠤᠨ ᠤ ᠨᠢᠭᠡᠴᠢ ᠥᠨᠳᠥᠷ ᠪᠣᠯᠵᠤ᠂ ᠪᠦᠬᠦ ᠬᠤᠳᠠ ︵8.7 %︶ ᠠᠴᠠ 0.7 ᠵᠠᠭᠤᠨ ᠤ ᠬᠤᠪᠢ ᠶᠢᠨ ᠴᠡᠭ ᠳᠤᠤᠷ᠎ᠡ ᠪᠤᠯᠪᠠ᠃     ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ      ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠲᠣᠭᠲᠠᠭᠤᠨ ᠢᠶᠠᠷ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠪᠦᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ 255.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ 9.9% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.9 ᠵᠠᠭᠤᠨ ᠤ ᠬᠤᠪᠢ ᠶᠢᠨ ᠴᠡᠭ ᠥᠨᠳᠥᠷ ᠪᠣᠯᠵᠤ᠂ ᠪᠥᠬᠦ ᠬᠤᠲᠠ ᠳᠤ 8 ᠳᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ ︵6%︶᠂ ᠥᠪᠡᠷᠲᠡᠭᠡᠨ ᠵᠠᠰᠠᠬᠤ ᠣᠷᠣᠨ ︵7.5︶ 3.9᠂ 2.4 ᠵᠠᠭᠤᠨ ᠤ ᠴᠡᠭ ᠥᠨᠳᠥᠷ ᠪᠣᠯᠵᠤ᠂ ᠪᠥᠬᠦ ᠬᠤᠲᠠ ︵15.3%︶ ᠠᠴᠠ 5.4 ᠵᠠᠭᠤᠨ ᠤ ᠴᠡᠭ ᠳᠤᠤᠷ᠎ᠠ ᠪᠣᠯᠪᠠ᠃      ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠠᠭᠤᠷᠠᠬᠤ ᠬᠡᠮᠵᠢᠶ᠎ᠡ ᠪᠠᠭᠠᠰᠪᠠ᠃ ᠳᠡᠭᠡᠷ᠎ᠡ ᠬᠠᠭᠠᠰ ᠵᠢᠯ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.8% ᠪᠠᠷ ᠪᠠᠭᠤᠷᠠᠵᠤ᠂ ᠳᠡᠭᠡᠷ᠎ᠡ ᠰᠠᠷ᠎ᠠ ︵-16.9︶ ᠲᠠᠢ ᠬᠠᠷᠢᠴᠠᠭᠤᠯᠪᠠᠯ 8.1 ᠵᠠᠭᠤᠨ ᠤ ᠨᠢᠭᠡᠴᠢ ᠪᠠᠭᠠᠰᠴᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ 8 ᠳ᠋ᠤᠭᠠᠷ ᠲᠤ ᠣᠷᠣᠵᠤ᠂ ᠲᠣᠰ ᠲᠣᠰ ᠪᠥᠬᠦ ᠤᠯᠤᠰ ︵3.9%︶᠂ ᠥᠪᠡᠷᠲᠡᠭᠡᠨ ᠵᠠᠰᠠᠬᠤ ᠣᠷᠣᠨ ︵12%︶ ᠪᠠ ᠪᠥᠬᠦ ᠬᠤᠲᠠ ︵17.5%︶ 12.7᠂ 20.8 ᠪᠠ 26.3 ᠵᠠᠭᠤᠨ ᠤ ᠴᠡᠭ ᠳᠤᠤᠷ᠎ᠠ ᠪᠣᠯᠪᠠ᠃      ᠳᠥᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ      ᠵᠠᠬ᠎ᠠ ᠳᠡᠯᠭᠡᠭᠦᠷ ᠤᠨ ᠪᠣᠷᠣᠯᠠᠭᠤᠯᠤᠯᠲᠠ ᠰᠠᠶᠢᠨ ᠪᠠᠶᠢᠬᠤ ᠶᠢᠨ ᠵᠡᠷᠭᠡ ᠳᠤ ᠠᠬᠢᠯᠲᠠ ᠲᠠᠢ ᠪᠣᠯᠪᠠ᠃ ᠳᠡᠭᠡᠷ᠎ᠡ ᠬᠠᠭᠠᠰ ᠵᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 89.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠳᠤ ᠭᠤᠷᠪᠠᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠵᠢᠷᠭᠤᠳᠤᠭᠠᠷ ᠲᠤ ᠵᠢᠭᠰᠠᠭᠠᠭᠳᠠᠪᠠ᠃ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ ︵7.3%︶ 4.4 ᠵᠠᠭᠤᠨ ᠤ ᠴᠡᠭ ᠳᠣᠣᠷ᠎ᠠ ᠪᠣᠯᠵᠠᠢ᠃ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠤᠯᠤᠰ ︵3.7%︶᠂ ᠪᠥᠬᠦ ᠬᠤᠲᠠ ︵3.6︶ ᠠᠴᠠ 0.8᠂ 0.7 ᠵᠠᠭᠤᠨ ᠤ ᠨᠢᠭᠡᠴᠢ ᠠᠴᠠ ᠳᠣᠤᠷ᠎ᠠ ᠪᠠᠶᠢᠵᠤ᠂ ᠥᠪᠡᠷᠲᠡᠭᠡᠨ ᠵᠠᠰᠠᠬᠤ ᠣᠷᠣᠨ ︵2.8%︶ ᠠᠴᠠ 0.1 ᠵᠠᠭᠤᠨ ᠤ ᠴᠡᠭ ᠥᠨᠳᠥᠷ ᠪᠣᠯᠪᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 5.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.6% ᠪᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠪᠠᠷ ᠬᠤᠪᠢᠶᠠᠭᠳᠠᠵᠤ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 19.9% ᠪᠠᠷ ᠨᠡᠮᠡᠭᠳᠡᠪᠡ᠃ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 28.2% ᠢᠶᠠᠷ ᠨᠡᠮᠡᠭᠳᠡᠪᠡ᠃     ᠲᠠᠪᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ      ᠳᠡᠭᠡᠷ᠎ᠡ ᠬᠠᠭᠠᠰ ᠵᠢᠯ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27995 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.4% ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ 7 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ 3 ᠳ᠋ᠤᠭᠠᠷ ᠲᠤ ᠵᠢᠭᠰᠠᠭᠠᠭᠳᠠᠪᠠ᠃ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 12141 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.9 % ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ 2 ᠳ᠋ᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ 4 ᠳ᠋ᠤᠭᠠᠷ ᠲᠤ ᠵᠢᠭᠰᠠᠭᠠᠭᠳᠠᠵᠠᠶ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1