ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠪᠠᠭᠠᠵᠢ ᠬᠤᠳᠠᠯᠳᠤᠨ ᠠᠪᠬᠤ ᠳᠤ ᠬᠠᠷᠭᠤᠭᠤᠯᠤᠨ ᠪᠠᠶᠢᠴᠠᠭᠠᠬᠤ ᠠᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2024/8/12
   ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠪᠠᠭᠠᠵᠢ ᠬᠤᠳᠠᠯᠳᠤᠨ ᠠᠪᠬᠤ ᠳᠤ ᠬᠢᠨᠠᠨ ᠰᠢᠯᠭᠠᠬᠤ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠰᠢᠯᠭᠠᠬᠤ ᠠᠵᠢᠯᠯᠠᠭ᠎ᠠ ᠶᠢ ᠵᠢᠷᠤᠮᠵᠢᠭᠤᠯᠤᠨ᠂ ᠬᠠᠮᠢᠶᠠᠷᠤᠯᠲᠠ ᠶᠢᠨ ᠲᠦᠭᠰᠢᠭᠦᠷᠢ ᠶᠢ ᠰᠡᠷᠭᠡᠶᠢᠯᠡᠵᠦ᠂ ᠨᠥᠬᠦᠪᠥᠷᠢ ᠶᠢᠨ ᠪᠠᠯᠠ ᠮᠥᠩᠭᠦ ᠶᠢᠨ ᠠᠮᠤᠷ ᠲᠦᠪᠰᠢᠨ ᠪᠠ ᠲᠥᠷᠥ ᠶᠢᠨ ᠪᠣᠳᠣᠯᠭ᠎ᠠ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠮᠠᠰᠢᠨ ᠪᠠᠭᠠᠵᠢ ᠬᠤᠳᠠᠯᠳᠤᠨ ᠠᠪᠬᠤ ᠳᠤ ᠲᠠᠩᠰᠠ ᠣᠷᠣᠭᠤᠯᠬᠤ ᠵᠢᠷᠤᠮᠵᠢᠯ ᠬᠢᠭᠡᠳ ᠬᠢᠨᠠᠨ ᠰᠢᠯᠭᠠᠬᠤ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠲᠣᠪᠴᠢᠶ᠎ᠠ ︹2019︺ 23 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠵᠢᠯ ᠤᠨ ᠵᠢᠷᠤᠮᠵᠢᠯ ᠢ ᠲᠣᠭᠲᠠᠭᠠᠪᠠ᠃    ᠨᠢᠭᠡ᠂ ᠬᠠᠷᠭᠤᠭᠤᠯᠤᠨ ᠰᠢᠯᠭᠠᠬᠤ ᠠᠭᠤᠯᠭ᠎ᠠ    ᠨᠥᠬᠦᠪᠥᠷᠢ ᠥᠭᠬᠦ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠭᠡᠳᠡᠭ ᠨᠢ ᠣᠷᠣᠨ ᠤ ᠲᠠᠷᠢᠶᠠᠯᠠᠩ ᠤᠨ ᠮᠠᠰᠢᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠢ ᠡᠷᠭᠢᠯᠡᠵᠦ ᠪᠠᠶᠢᠭ᠎ᠠ ᠬᠤᠪᠢ ᠬᠥᠮᠦᠨ ᠪᠠ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ︵ᠳᠣᠷᠣᠭᠰᠢ ︽ᠮᠠᠰᠢᠨ ᠬᠤᠳᠠᠯᠳᠤᠨ ᠠᠪᠤᠭᠴᠢ︾ ᠭᠡᠵᠦ ᠲᠣᠪᠴᠢᠯᠠᠨ᠎ᠠ︶ ᠲᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠪᠠᠷ ᠮᠡᠳᠡᠭᠦᠯᠬᠦ ᠦᠶ᠎ᠡ ᠳᠤ ᠬᠠᠩᠭᠠᠭᠰᠠᠨ ᠬᠠᠮᠢᠶ᠎ᠠ ᠪᠥᠬᠦᠶ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠬᠠᠷᠭᠤᠭᠤᠯᠬᠤ᠂ ᠮᠠᠰᠢᠨ ᠪᠠᠭᠠᠵᠢ ᠳᠤ ᠬᠢᠨᠠᠨ ᠪᠠᠶᠢᠴᠠᠭᠠᠯᠲᠠ ᠬᠢᠬᠦ ᠶᠢ ᠵᠢᠭᠠᠵᠤ ᠪᠣᠶ᠃ ᠬᠠᠷᠭᠤᠭᠤᠯᠤᠨ ᠪᠠᠢᠴᠠᠭᠠᠬᠤ ᠭᠤᠣᠯ ᠠᠭᠤᠯᠭ᠎ᠠ ᠳᠤ᠄    ︵ᠨᠢᠭᠡ᠂ ᠮᠠᠰᠢᠨ ᠬᠤᠳᠠᠯᠳᠤᠨ ᠠᠪᠤᠭᠴᠢ ᠶᠢᠨ ᠪᠡᠶ᠎ᠡ ᠶᠢᠨ ᠭᠠᠷᠤᠯ ᠤᠨ ᠮᠡᠳᠡᠭᠡ ᠵᠠᠩᠭᠢ᠃ ᠬᠤᠪᠢ ᠬᠥᠮᠦᠨ ᠤ ᠪᠡᠶ᠎ᠡ ᠶᠢᠨ ᠦᠨᠡᠮᠯᠡᠯ ᠪᠤᠶᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠨᠡᠮᠯᠡᠯ ᠣᠯᠭᠤᠨ᠎ᠠ︶ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠬᠥᠮᠦᠨ ᠤ ᠪᠡᠶ᠎ᠡ ᠶᠢᠨ ᠦᠨᠡᠮᠯᠡᠯ ᠵᠡᠷᠭᠡ ᠮᠡᠳᠡᠭᠡ ᠵᠠᠩᠭᠢ︔    ︵ᠬᠤᠶᠠᠷ︶ ᠮᠡᠳᠡᠭᠡ ᠵᠠᠩᠭᠢ ᠬᠤᠳᠠᠯᠳᠤᠨ ᠠᠪᠬᠤ᠃ ᠨᠥᠬᠦᠪᠥᠷᠢ ᠥᠭᠬᠦ ᠮᠠᠰᠢᠨ ᠪᠠᠭᠠᠵᠢ ᠶᠢᠨ ᠭᠠᠶᠢᠯᠢ ᠶᠢ ᠬᠢᠵᠠᠭᠠᠷᠯᠠᠬᠤ ᠪᠠᠷᠢᠮᠲᠠ ᠪᠠ ︽ᠥᠪᠥᠷ ᠮᠣᠩᠭᠤᠯ ᠤᠨ ᠮᠠᠰᠢᠨ ᠪᠠᠭᠠᠵᠢ ᠶᠢᠨ ᠦᠨᠳᠦᠰᠦᠨ ᠮᠡᠳᠡᠭᠡ ᠵᠠᠩᠭᠢ ᠶᠢᠨ ᠬᠠᠭᠤᠳᠠᠰᠤ︾ ᠶᠢᠨ ᠮᠡᠳᠡᠭᠡ ᠵᠠᠩᠭᠢ ᠶᠢ ᠬᠤᠳᠠᠯᠳᠤᠨ ᠠᠪᠤᠨ᠎ᠠ︔    ︵ᠭᠤᠷᠪᠠ︶ ᠮᠠᠰᠢᠨ ᠪᠠᠭᠠᠵᠢ ᠶᠢᠨ ᠮᠡᠳᠡᠭᠡ ᠵᠠᠩᠭᠢ᠃ ᠮᠠᠰᠢᠨ ᠪᠠᠭᠠᠵᠢ ᠶᠢᠨ ᠪᠣᠳᠠᠲᠤ ᠪᠤᠳᠠᠰ ᠳᠡᠭᠡᠷᠡᠬᠢ ᠲᠣᠭᠲᠠᠮᠠᠯ ᠫᠠᠶᠢᠰᠠ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠬᠠᠮᠢᠶᠠᠷᠤᠯᠲᠠ ᠶᠢᠨ ᠰᠢᠰᠲ᠋ᠧᠮ ᠤᠨ ᠬᠠᠷᠠᠭᠠᠯᠵᠠᠭᠰᠠᠨ ᠮᠠᠰᠢᠨ ᠪᠠᠭᠠᠵᠢ ᠶᠢᠨ ᠮᠡᠳᠡᠭᠡ ᠵᠠᠩᠭᠢ᠂ ᠫᠠᠶᠢᠰᠠ ᠦᠨᠡᠮᠯᠡᠯ ᠤᠨ ᠬᠠᠮᠢᠶᠠᠷᠤᠯᠲᠠ ᠶᠢᠨ ᠮᠠᠰᠢᠨ ᠪᠠᠭᠠᠵᠢ ᠶᠢᠨ ᠵᠠᠮ ᠳᠤ ᠭᠠᠷᠬᠤ ᠦᠨᠡᠮᠯᠡᠯ ᠤᠨ ᠮᠡᠳᠡᠭᠡ ᠵᠠᠩᠭᠢ︔    ︵ᠲᠦᠷᠪᠡ︶ ᠪᠤᠰᠤᠳ ᠵᠠᠩᠭᠢ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠱᠠᠭᠠᠷᠳᠠᠯᠭ᠎ᠠ ᠬᠠᠩᠭᠠᠭᠰᠠᠨ ᠪᠤᠰᠤᠳ ᠴᠢᠬᠤᠯᠠ ᠪᠦᠬᠦᠢ ᠮᠡᠳᠡᠭᠡ ᠵᠠᠩᠭᠢ᠃    ᠳᠡᠭᠡᠷ᠎ᠡ ᠳᠤᠷᠠᠳᠤᠭᠰᠠᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠪᠦᠲᠦᠮᠵᠢᠲᠦ ᠴᠢᠨᠠᠷ ᠢ ᠮᠠᠰᠢᠨ ᠬᠤᠳᠠᠯᠳᠤᠨ ᠠᠪᠤᠭᠴᠢ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠵᠤ ᠠᠬᠤᠶᠢᠯᠠᠯ ᠪᠣᠯᠤᠨ ᠲᠠᠷᠢᠶᠠᠯᠠᠩ ᠤᠨ ᠮᠠᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠰ ᠲᠤᠰ ᠬᠠᠷᠢᠭᠤᠴᠠᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠵᠤ ᠠᠬᠤᠶᠢᠯᠠᠯ ᠤᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠶᠢᠨ ᠬᠠᠮᠲᠤ ᠵᠣᠬᠢᠴᠠᠩᠭᠤᠶ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃    ᠬᠤᠶᠠᠷ᠂ ᠬᠠᠷᠭᠤᠭᠤᠯᠤᠨ ᠰᠢᠯᠭᠠᠬᠤ ᠶᠠᠪᠤᠴᠠ ᠵᠢᠴᠢ ᠱᠠᠭᠠᠷᠳᠠᠯᠭ᠎ᠠ    ︵ᠨᠢᠭᠡ︶ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ    ᠮᠠᠰᠢᠨ ᠬᠤᠳᠠᠯᠳᠤᠨ ᠠᠪᠤᠭᠴᠢ ᠶᠢᠨ ᠡᠵᠡᠨ ᠮᠡᠳᠡᠵᠦ ᠨᠥᠬᠦᠪᠥᠷᠢ ᠥᠭᠬᠦ ᠭᠤᠶᠤᠴᠢᠯᠠᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠭᠲᠠᠭᠠᠯ ᠶᠣᠰᠣᠭᠠᠷ ᠴᠠᠭ ᠲᠤᠬᠠᠶ ᠳᠤᠨᠢ ᠬᠦᠯᠢᠶᠡᠨ ᠠᠪᠴᠤ ᠰᠢᠶ᠋ᠳᠪᠦᠷᠢᠯᠡᠬᠦ ᠬᠡᠷᠡᠭᠲᠡᠶ᠃ ᠪᠦᠬᠦ ᠲᠠᠯ᠎ᠠ ᠪᠠᠷ ᠭᠠᠷ ᠤᠲᠠᠰᠤᠨ ᠤ APP᠂ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡᠨ ᠤ ᠴᠣᠩᠬᠤᠪᠴᠢ ᠵᠡᠷᠭᠡ ᠳᠥᠭᠦᠮ ᠳᠥᠲᠡ ᠥᠨᠳᠥᠷ ᠪᠦᠲᠦᠮᠵᠢᠲᠡᠶ ᠠᠷᠭ᠎ᠠ ᠮᠠᠶ᠋ᠢᠭ ᠢᠶᠠᠷ ᠳᠠᠮᠵᠢᠭᠤᠯᠤᠨ ᠨᠥᠬᠦᠪᠥᠷᠢ ᠣᠯᠭᠤᠬᠤ ᠪᠠ ᠭᠤᠶᠤᠴᠢᠯᠠᠨ ᠠᠪᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃    ︵ᠬᠤᠶᠠᠷ︶ ᠮᠠᠲ᠋ᠧᠷᠢᠶᠠᠯ ᠢ ᠬᠠᠷᠭᠤᠭᠤᠯᠤᠨ ᠰᠢᠯᠭᠠᠬᠤ    ᠨᠢᠭᠡ ᠳᠤ ᠮᠠᠰᠢᠨ ᠬᠤᠳᠠᠯᠳᠤᠨ ᠠᠪᠤᠭᠴᠢ ᠵᠢᠴᠢ ᠲᠡᠭᠦᠨ ᠤ ᠪᠡᠶ᠎ᠡ ᠶᠢᠨ ᠭᠠᠷᠤᠯ᠂ ᠮᠠᠰᠢᠨ ᠬᠤᠳᠠᠯᠳᠤᠨ ᠠᠪᠬᠤ ᠭᠠᠶᠢᠯᠢ ᠶᠢᠨ ᠡᠵᠡᠮᠳᠡᠯ ᠤᠨ ᠪᠠᠷᠢᠮᠲᠠ ᠵᠡᠷᠭᠡ ᠮᠠᠲ᠋ᠧᠷᠢᠶᠠᠯ᠃ ᠮᠠᠰᠢᠨ ᠬᠤᠳᠠᠯᠳᠤᠨ ᠠᠪᠤᠭᠴᠢ ᠨᠢ ᠬᠤᠪᠢ ᠬᠥᠮᠦᠨ ᠪᠠᠶᠢᠪᠠᠯ᠂ ᠮᠠᠰᠢᠨ ᠬᠤᠳᠠᠯᠳᠤᠨ ᠠᠪᠤᠭᠴᠢ ᠶᠢᠨ ᠲᠤᠰ ᠬᠥᠮᠦᠨ ᠨᠢ ᠲᠡᠭᠦᠨ ᠤ ᠪᠡᠶ᠎ᠡ ᠶᠢᠨ ᠦᠨᠡᠮᠯᠡᠯ ᠤᠨ ᠬᠥᠷᠥᠭ ᠵᠢᠷᠤᠭ ᠲᠠᠢ ᠨᠡᠶᠢᠴᠡᠬᠦ ᠡᠰᠡᠬᠦ ᠶᠢ ᠭᠤᠤᠯᠳᠠᠯᠭ᠎ᠠ ᠲᠠᠢ ᠬᠢᠨᠠᠨ ᠰᠢᠯᠭᠠᠵᠤ᠂ ᠮᠠᠰᠢᠨ ᠬᠤᠳᠠᠯᠳᠤᠨ ᠠᠪᠤᠭᠴᠢ ᠶᠢᠨ ᠣᠪᠣᠭ ᠨᠡᠷ᠎ᠡ ᠬᠢᠭᠡᠳ ᠮᠠᠰᠢᠨ ᠬᠤᠳᠠᠯᠳᠤᠨ ᠠᠪᠤᠭᠴᠢ ᠶᠢᠨ ᠪᠡᠶ᠎ᠡ ᠶᠢᠨ ᠦᠨᠡᠮᠯᠡᠯ ᠤᠨ ᠦᠨᠡᠮᠯᠡᠯ ᠯᠦᠭᠡ ᠨᠢᠭᠡᠳᠦᠯᠲᠡᠶ ᠪᠠᠶᠢᠬᠤ ᠡᠰᠡᠬᠦ ᠶᠢ ᠭᠤᠤᠯᠳᠠᠯᠭ᠎ᠠ ᠲᠠᠢ ᠬᠢᠨᠠᠨ ᠰᠢᠯᠭᠠᠨ᠎ᠠ᠃    ᠬᠤᠶᠠᠷ ᠲᠤ᠂ ᠮᠠᠰᠢᠨ ᠬᠤᠳᠠᠯᠳᠤᠨ ᠠᠪᠬᠤ ᠦᠨ᠎ᠡ ᠬᠠᠩᠰᠢ ᠶᠢᠨ ᠦᠨᠡᠨ ᠪᠣᠳᠠᠲᠤ ᠴᠢᠨᠠᠷ ᠤᠨ ᠠᠮᠠᠯᠠᠯᠲᠠ᠃ ᠮᠠᠰᠢᠨ ᠬᠤᠳᠠᠯᠳᠤᠨ ᠠᠪᠤᠭᠴᠢ ᠳᠤ ᠮᠠᠰᠢᠨ ᠬᠤᠳᠠᠯᠳᠤᠨ ᠠᠪᠬᠤ ᠭᠠᠶᠢᠯᠢ ᠶᠢᠨ ᠡᠵᠡᠮᠳᠡᠯ ᠤᠨ ᠪᠠᠷᠢᠮᠲᠠ ᠳᠡᠭᠡᠷᠡᠬᠢ ᠮᠠᠰᠢᠨ ᠬᠤᠳᠠᠯᠳᠤᠨ ᠠᠪᠬᠤ ᠵᠣᠭᠤᠰ ᠤᠨ ᠲᠤᠭ᠎ᠠ ᠬᠢᠭᠡᠳ ᠪᠣᠳᠠᠲᠠᠶ ᠪᠠᠷ ᠪᠦᠬᠦᠨ ᠢ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠳᠤ ᠥᠭᠭᠦᠭᠰᠡᠨ ᠪᠡᠯᠡ ᠮᠥᠩᠭᠦ ᠨᠢ ᠨᠢᠭᠡᠳᠦᠯᠲᠡᠶ ᠪᠠᠶᠢᠬᠤ ᠡᠰᠡᠬᠦ᠂ ᠵᠢᠴᠢ ᠨᠢᠭᠤᠨ ᠳᠠᠯᠳᠠᠯᠠᠵᠤ᠂ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠠᠳ ᠡᠭᠦᠷᠭᠡᠯᠡᠬᠦ ᠴᠢᠬᠤᠯᠠᠲᠠᠶ ᠲᠣᠭᠲᠠᠭᠠᠯ ᠠᠴᠠ ᠵᠥᠷᠢᠴᠡᠭᠰᠡᠨ ᠬᠠᠷᠢᠭᠤᠴᠠᠯᠭ᠎ᠠ ᠶᠢ ᠮᠡᠳᠡᠭᠳᠡᠵᠦ᠂ ᠮᠠᠰᠢᠨ ᠬᠤᠳᠠᠯᠳᠤᠨ ᠠᠪᠤᠭᠴᠢ ᠳᠤ ᠮᠠᠰᠢᠨ ᠬᠤᠳᠠᠯᠳᠤᠨ ᠠᠪᠬᠤ ᠦᠨ᠎ᠡ ᠬᠠᠩᠰᠢ ᠶᠢᠨ ᠦᠨᠡᠨ ᠪᠣᠳᠠᠲᠤ ᠴᠢᠨᠠᠷ ᠲᠤ ᠭᠠᠷ ᠤᠨ ᠦᠰᠦᠭ ᠵᠢᠷᠤᠵᠤ ᠨᠤᠲᠠᠯᠠᠬᠤ ᠶᠢ ᠰᠠᠨᠠᠭᠤᠯᠬᠤ ᠬᠡᠷᠡᠭᠲᠡᠶ᠃     ᠭᠤᠷᠪᠠ ᠳᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠱᠠᠭᠠᠷᠳᠠᠯᠭ᠎ᠠ ᠳᠤ ᠬᠠᠩᠭᠠᠭᠰᠠᠨ ᠪᠤᠰᠤᠳ ᠮᠠᠲ᠋ᠧᠷᠢᠶᠠᠯ   ᠬᠢᠨᠠᠨ ᠰᠢᠯᠭᠠᠬᠤ ᠪᠠᠷ ᠳᠠᠮᠵᠢᠭᠠᠳ ᠦᠭᠡᠶ ᠪᠣᠯ ᠣᠯᠵᠤ ᠮᠡᠳᠡᠭᠰᠡᠨ ᠠᠰᠠᠭᠤᠳᠠᠯ ᠢᠶᠠᠨ ᠮᠠᠰᠢᠨ ᠬᠤᠳᠠᠯᠳᠤᠨ ᠠᠪᠤᠭᠴᠢ ᠳᠤ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠶᠢᠨ ᠬᠠᠮᠲᠤ ᠠᠷᠭ᠎ᠠ ᠪᠠᠨ ᠲᠡᠭᠦᠯᠳᠡᠷᠵᠢᠭᠦᠯᠬᠦ ᠬᠡᠷᠡᠭᠲᠡᠶ᠃    ︵ᠭᠤᠷᠪᠠ︶ ᠮᠠᠰᠢᠨ ᠪᠠᠭᠠᠵᠢ ᠬᠢᠨᠠᠨ ᠰᠢᠯᠭᠠᠬᠤ    ᠨᠢᠭᠡ ᠳᠤ ᠭᠤᠤᠯᠳᠠᠯᠭ᠎ᠠ ᠲᠠᠢ ᠮᠠᠰᠢᠨ ᠪᠠᠭᠠᠵᠢ ᠶᠢ ᠬᠢᠨᠠᠨ ᠰᠢᠯᠭᠠᠬᠤ ᠬᠡᠷᠡᠭᠲᠡᠶ᠃ ᠭᠤᠤᠯᠳᠠᠯᠭ᠎ᠠ ᠲᠠᠢ ᠮᠠᠰᠢᠨ ᠬᠡᠷᠡᠭᠰᠡᠯ ᠢ 100% ᠪᠠᠷ ᠬᠢᠨ᠋ᠠᠨ ᠰᠢᠯᠬᠠᠨ᠎ᠠ᠃ ᠮᠠᠰᠢᠨ ᠪᠠᠭᠠᠵᠢ ᠶᠢᠨ ᠪᠣᠳᠠᠲᠤ ᠪᠣᠳᠠᠰ ᠤᠨ ᠫᠠᠶᠢᠰᠠ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮ ᠤᠨ ᠳᠣᠲᠣᠷᠠᠬᠢ ᠬᠠᠷᠠᠭᠠᠯᠵᠠᠭᠰᠠᠨ ᠮᠠᠰᠢᠨ ᠪᠠᠭᠠᠵᠢ ᠶᠢᠨ ᠮᠡᠳᠡᠭᠡ ᠵᠠᠩᠭᠢ᠂ ᠭᠠᠶᠢᠯᠢ ᠡᠵᠡᠮᠳᠡᠬᠦ ᠪᠠᠷᠢᠮᠲᠠ ᠵᠡᠷᠭᠡ ᠭᠤᠷᠪᠠᠨ ᠲᠠᠯ᠎ᠠ ᠳᠤ ᠲᠡᠮᠳᠡᠭᠯᠡᠭᠰᠡᠨ ᠦᠢᠯᠡᠳᠬᠦᠨ ᠤ ᠨᠡᠷᠡᠶᠢᠳᠦᠯ᠂ ᠦᠢᠯᠡᠳᠪᠦᠷᠢᠯᠡᠬᠦ ᠠᠵᠤ ᠠᠬᠤᠶᠢᠯᠠᠯ᠂ ᠪᠣᠷᠣᠯᠠᠭᠤᠯᠬᠤ ᠠᠵᠤ ᠠᠬᠤᠶᠢᠯᠠᠯ᠂ ᠬᠡᠯᠪᠡᠷᠢ ᠮᠠᠶ᠋ᠢᠭ᠂ ᠳᠠᠶᠢᠴᠢᠯᠠᠬᠤ ᠮᠠᠰᠢᠨ ᠤ ᠨᠣᠮᠧᠷ ︵ᠳᠠᠶᠢᠴᠢᠯᠠᠬᠤ ᠬᠦᠴᠦᠨ ᠥᠬᠡᠶ ᠪᠣᠯ ᠬᠠᠷᠭᠤᠭᠤᠯᠤᠨ ᠪᠠᠶᠢᠴᠠᠭᠠᠬᠤ ᠥᠬᠡᠶ︾᠂ ᠦᠢᠯᠡᠳᠪᠦᠷᠢ ᠠᠴᠠ ᠭᠠᠷᠭᠠᠬᠤ ᠳ᠋ᠤᠭᠠᠷ ᠵᠡᠷᠭᠡ ᠮᠡᠳᠡᠭᠡ ᠵᠠᠩᠭᠢ ᠶᠢᠨ ᠮᠡᠳᠡᠭᠡ ᠵᠠᠩᠭᠢ ᠶᠢᠨ ᠨᠢᠭᠡᠳᠦᠯᠲᠡᠶ ᠪᠠᠶᠢᠬᠤ ᠡᠰᠡᠬᠦ ᠶᠢ ᠭᠤᠤᠯᠳᠠᠯᠭ᠎ᠠ ᠲᠠᠢ ᠬᠢᠨᠠᠨ ᠰᠢᠯᠭᠠᠨ᠎ᠠ᠃ ᠫᠠᠶᠢᠰᠠ ᠲᠡᠮᠳᠡᠭ ᠤᠨ ᠬᠠᠮᠢᠶᠠᠷᠤᠯᠲᠠ ᠶᠢᠨ ᠮᠠᠰᠢᠨ ᠪᠠᠭᠠᠵᠢ ᠳᠤ᠂ ᠲᠤᠬᠠᠶ ᠶᠢᠨ ᠲᠠᠯᠠᠪᠤᠷ ᠲᠤ ᠪᠣᠳᠠᠲᠤ ᠶᠠᠭᠤᠮ᠎ᠠ ᠪᠠᠷ ᠬᠢᠨᠠᠨ ᠰᠢᠯᠭᠠᠬᠤ ᠠᠴᠠ ᠭᠡᠯᠳᠦᠷᠢᠭᠦᠯᠦᠨ᠎ᠡ᠂ ᠭᠡᠪᠡᠴᠦ ︽ᠲᠷᠠᠺᠲ᠋ᠣᠷ ᠪᠠ ᠬᠠᠳᠤᠵᠤ ᠬᠤᠷᠢᠶᠠᠬᠤ ᠬᠠᠮ ᠮᠠᠰᠢᠨ ᠤ ᠲᠡᠷᠭᠡ ᠶᠠᠪᠤᠭᠤᠯᠬᠤ ᠦᠨᠡᠮᠯᠡᠯ︾᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠫᠠᠶᠢᠰᠠ ᠲᠡᠮᠳᠡᠭ ᠤᠨ ᠮᠡᠳᠡᠭᠡ ᠵᠠᠩᠭᠢ᠂ ᠭᠠᠶᠢᠯᠢ ᠡᠵᠡᠮᠳᠡᠯ ᠤᠨ ᠪᠠᠷᠢᠮᠲᠠ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠬᠠᠪᠰᠤᠷᠤᠮᠵᠢ ᠬᠠᠮᠢᠶᠠᠷᠤᠯᠲᠠ ᠶᠢᠨ ᠰᠢᠰᠲ᠋ᠧᠮ ᠤᠨ ᠳᠣᠲᠣᠷᠠᠬᠢ ᠬᠠᠷᠠᠭᠠᠯᠵᠠᠭᠰᠠᠨ ᠮᠠᠰᠢᠨ ᠬᠡᠷᠡᠭᠰᠡᠯ ᠤᠨ ᠮᠡᠳᠡᠭᠡ ᠵᠠᠩᠭᠢ ᠶᠢᠨ ᠳᠥᠷᠪᠡᠨ ᠲᠠᠯ᠎ᠠ ᠳᠤ ᠲᠣᠳᠣᠷᠬᠠᠶ ᠲᠡᠮᠳᠡᠭᠯᠡᠭᠰᠡᠨ ᠮᠠᠰᠢᠨ ᠬᠡᠷᠡᠭᠰᠡᠯ ᠤᠨ ᠮᠡᠳᠡᠭᠡ ᠵᠠᠩᠭᠢ ᠨᠢ ᠨᠢᠭᠡᠳᠦᠯᠲᠡᠶ ᠪᠠᠶᠢᠬᠤ ᠡᠰᠡᠬᠦ ᠶᠢ ᠬᠢᠨᠠᠨ ᠰᠢᠯᠭᠠᠬᠤ ᠬᠡᠷᠡᠭᠲᠡᠶ᠃    ᠬᠤᠶᠠᠷ ᠲᠤ ᠭᠤᠤᠯᠳᠠᠯᠭ᠎ᠠ ᠦᠭᠡᠢ ᠮᠠᠰᠢᠨ ᠬᠡᠷᠡᠭᠰᠡᠯ ᠢ ᠬᠢᠨ᠋ᠠᠨ ᠰᠢᠯᠬᠠᠬᠤ᠃ ᠨᠥᠬᠦᠪᠥᠷᠢ ᠶᠢᠨ ᠲᠤᠭ᠎ᠠ ᠨᠢ ᠨᠡᠯᠢᠶᠡᠳ ᠳᠣᠤᠷ᠎ᠠ᠂ ᠲᠦᠭᠰᠢᠭᠦᠷᠢ ᠶᠢ ᠡᠵᠡᠮᠳᠡᠵᠦ ᠪᠣᠯᠬᠤ ᠬᠡᠮᠵᠢᠶ᠎ᠡ ᠨᠢ ᠥᠨᠳᠥᠷ ᠪᠦᠬᠦᠢ ᠮᠠᠰᠢᠨ ᠪᠠᠭᠠᠵᠢ ᠳᠤ ᠨᠥᠬᠦᠪᠥᠷᠢ ᠪᠡᠯᠡ ᠮᠥᠩᠭᠦ ᠶᠢ ᠣᠯᠭᠤᠬᠤ ᠠᠷᠭ᠎ᠠ ᠶᠢ ᠬᠡᠷᠡᠭᠯᠡᠭᠰᠡᠨ ᠤ ᠳᠠᠷᠠᠭ᠎ᠠ 20% ᠶᠢᠨ ᠬᠠᠷᠢᠴᠠᠯ ᠢᠶᠠᠷ ᠰᠤᠭᠤᠴᠠᠨ ᠪᠠᠶᠢᠴᠠᠭᠠᠵᠤ ᠬᠢᠨᠠᠨ ᠰᠢᠯᠭᠠᠵᠤ᠂ ᠠᠭᠤᠯᠭ᠎ᠠ ᠶᠢ ᠨᠢ ᠭᠤᠤᠯᠳᠠᠯᠭ᠎ᠠ ᠲᠠᠢ ᠮᠠᠰᠢᠨ ᠪᠠᠭᠠᠵᠢ ᠳᠤ ᠬᠠᠷᠭᠤᠭᠤᠯᠤᠨ ᠬᠡᠷᠡᠭᠵᠢᠭᠦᠯᠦᠨ᠎ᠡ᠃    ᠭᠤᠤᠯᠳᠠᠯᠭ᠎ᠠ ᠲᠠᠢ ᠮᠠᠰᠢᠨ ᠪᠠᠭᠠᠵᠢ ᠶᠢᠨ ᠪᠠᠷᠢᠮᠵᠢᠶ᠎ᠠ᠄ ᠪᠤᠶ ᠪᠦᠬᠦᠢ ᠬᠥᠳᠡᠯᠭᠡᠬᠦ ᠬᠦᠴᠦᠨ ᠤ ᠮᠠᠰᠢᠨ ᠬᠢᠭᠡᠳ ᠥᠪᠡᠰᠦᠪᠡᠨ ᠶᠠᠪᠤᠬᠤ ᠮᠠᠰᠢᠨ ᠮᠧᠬᠠᠨᠢᠭ ᠤᠨ ᠨᠥᠬᠦᠪᠥᠷᠢ ᠶᠢᠨ ᠬᠡᠮᠵᠢᠶ᠎ᠡ ᠨᠢ 10000 ᠲᠥᠭᠦᠷᠢᠭ ᠠᠴᠠ ᠳᠡᠭᠡᠭᠰᠢᠬᠢ ᠪᠤᠰᠤᠳ ᠮᠠᠰᠢᠨ ᠪᠣᠯᠤᠨ᠎ᠠ᠃    ᠬᠢᠨᠠᠨ ᠰᠢᠯᠭᠠᠬᠤ ᠠᠷᠭ᠎ᠠ ᠮᠠᠶ᠋ᠢᠭ᠄ ᠲᠣᠰᠬᠤᠨ ᠳᠤ ᠣᠷᠣᠵᠤ ᠡᠷᠦᠬᠡ ᠳᠤ ᠣᠷᠣᠬᠤ᠂ ᠤᠷᠢᠳᠴᠢᠯᠠᠨ ᠪᠣᠯᠵᠣᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠨᠠᠨ ᠰᠢᠯᠭᠠᠬᠤ ᠠᠵᠢᠯ ᠢ ᠥᠷᠨᠢᠭᠦᠯᠵᠦ᠂ ᠮᠠᠰᠢᠨ ᠬᠤᠳᠠᠯᠳᠤᠨ ᠠᠪᠤᠭᠴᠢ ᠵᠢᠴᠢ ᠪᠡᠯᠡᠳᠬᠡᠮᠵᠢ ᠤᠭᠰᠠᠷᠠᠬᠤ ᠲᠥᠷᠥᠯ ᠤᠨ ᠮᠠᠰᠢᠨ ᠪᠠᠭᠠᠵᠢ ᠬᠢᠨᠠᠨ ᠰᠢᠯᠭᠠᠬᠤ ᠳᠤ ᠲᠥᠬᠦᠮ ᠦᠵᠡᠭᠦᠯᠵᠦ ᠪᠣᠯᠤᠨ᠎ᠠ᠃ ᠰᠤᠭᠤᠴᠢᠨ ᠪᠠᠶᠢᠴᠠᠭᠠᠬᠤ ᠡᠲᠡᠭᠡᠳ ᠢᠶᠠᠷ ᠲᠣᠭᠳᠠᠭᠠᠭᠳᠠᠭᠰᠠᠨ ᠪᠠᠶᠢᠪᠠᠯ ᠡᠷᠬᠡᠪᠰᠢ ᠬᠥᠮᠦᠨ ᠲᠠᠢ ᠠᠭᠤᠯᠵᠠᠵᠤ᠂ ᠲᠤᠬᠠᠶ ᠶᠢᠨ ᠲᠠᠯᠠᠪᠠᠶ ᠳᠤ ᠬᠠᠷᠭᠤᠭᠤᠯᠤᠨ ᠪᠠᠶᠢᠴᠠᠭᠠᠬᠤ ᠬᠦᠰᠦᠨᠦᠭᠲᠦ ᠶᠢ ᠲᠠᠭᠯᠠᠨ ᠪᠢᠴᠢᠬᠦ ᠬᠡᠷᠡᠭᠲᠡᠶ᠃ ᠣᠨᠴᠠ ᠵᠠᠷᠢᠮ ᠭᠠᠳᠠᠷ ᠣᠷᠣᠨ ᠤ ᠣᠷᠣᠨ ᠠᠯᠤᠰᠯᠠᠨ ᠠᠵᠢᠯᠯᠠᠵᠤ᠂ ᠲᠡᠭᠡᠭᠡᠪᠦᠷᠢ ᠶᠢᠨ ᠥᠪᠡᠷ ᠤᠨ ᠥᠷᠲᠡᠭ ᠨᠢ ᠬᠡᠳᠦ ᠥᠨᠳᠥᠷ ᠨᠥᠬᠦᠪᠥᠷᠢ ᠥᠭᠬᠦ ᠮᠠᠰᠢᠨ ᠪᠠᠭᠠᠵᠢ ᠳᠤ ᠪᠣᠯ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠪᠠᠷ ᠬᠢᠨᠠᠨ ᠰᠢᠯᠭᠠᠵᠤ ᠰᠢᠯᠭᠠᠨ ᠪᠠᠲᠤᠯᠠᠬᠤ ᠪᠤᠶᠤ ᠮᠠᠰᠢᠨ ᠪᠠᠭᠠᠵᠢ ᠳᠤ ᠬᠦᠷᠴᠦ ᠪᠣᠳᠠᠲᠠᠶ ᠭᠠᠵᠠᠷ ᠲᠤᠨᠢ ᠬᠢᠨᠠᠨ ᠰᠢᠯᠭᠠᠵᠤ ᠪᠣᠯᠤᠨ᠎ᠠ᠂ ᠪᠠᠰᠠ ᠲᠤᠬᠠᠶ ᠶᠢᠨ ᠭᠠᠵᠠᠷ ᠤᠨ ᠲᠠᠷᠢᠶᠠᠯᠠᠩ ᠤᠨ ᠮᠠᠰᠢᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠠᠶᠢᠳᠠᠵᠤ ᠬᠢᠨᠠᠨ ᠰᠢᠯᠭᠠᠵᠤ ᠪᠣᠯᠤᠨ᠎ᠠ᠂ ᠭᠡᠬᠦ ᠳᠡᠭᠡᠨ ᠰᠡᠭᠦᠳᠡᠷᠯᠡᠬᠦ ᠬᠡᠯᠪᠡᠷᠢ ᠪᠠᠷ ᠬᠢᠨᠠᠨ ᠰᠢᠯᠭᠠᠵᠤ ᠪᠣᠯᠬᠤ ᠦᠭᠡᠶ᠃ ᠶᠠᠮᠠᠷᠪᠠ ᠰᠢᠯᠲᠠᠭᠠᠨ ᠢᠶᠠᠷ ᠬᠢᠨᠠᠨ ᠰᠢᠯᠭᠠᠬᠤ ᠭᠤᠶᠤᠴᠢᠯᠠᠭᠴᠢ ᠶᠢ ᠬᠠᠷᠰᠢᠯᠠᠬᠤ ᠨᠢ ᠬᠤᠳᠠᠯ ᠬᠠᠭᠤᠷᠮᠠᠭ ᠮᠠᠰᠢᠨ ᠬᠤᠳᠠᠯᠳᠤᠨ ᠠᠪᠤᠭᠰᠠᠨ ᠢᠶᠠᠷ ᠦᠵᠡᠨ᠎ᠡ᠃    ᠬᠢᠨᠠᠨ ᠰᠢᠯᠭᠠᠬᠤ ᠪᠠᠷ ᠳᠠᠮᠵᠢᠭᠠᠳ ᠦᠭᠡᠶ ᠪᠣᠯ ᠣᠯᠵᠤ ᠮᠡᠳᠡᠭᠰᠡᠨ ᠠᠰᠠᠭᠤᠳᠠᠯ ᠢᠶᠠᠨ ᠮᠠᠰᠢᠨ ᠬᠤᠳᠠᠯᠳᠤᠨ ᠠᠪᠤᠭᠴᠢ ᠳᠤ ᠨᠢᠭᠡ ᠤᠳᠠᠭ᠎ᠠ ᠶᠢᠨ ᠴᠢᠨᠠᠷᠲᠠᠶ ᠮᠡᠳᠡᠭᠳᠡᠬᠦ ᠶᠢᠨ ᠬᠠᠮᠲᠤ ᠠᠷᠭ᠎ᠠ ᠵᠠᠮ ᠢᠶᠠᠨ ᠲᠡᠭᠦᠯᠳᠡᠷᠵᠢᠭᠦᠯᠬᠦ ᠵᠢᠴᠢ ᠴᠠᠭ ᠬᠤᠭᠤᠴᠠᠭ᠎ᠠ ᠪᠠᠨ ᠲᠡᠭᠦᠯᠳᠡᠷᠵᠢᠭᠦᠯᠬᠦ ᠬᠡᠷᠡᠭᠲᠡᠶ᠃     ︵ᠲᠦᠷᠪᠡ︶ ᠵᠠᠷᠯᠠᠨ ᠨᠡᠶᠢᠲᠡᠯᠡᠵᠦ ᠮᠡᠳᠡᠭᠦᠯᠦᠨ ᠬᠦᠷᠭᠡᠬᠦ᠃ ᠳᠠᠬᠢᠨ ᠬᠢᠨᠠᠬᠤ ᠪᠠᠷ ᠳᠡᠮᠵᠢᠨ ᠨᠥᠬᠦᠪᠥᠷᠢ ᠭᠤᠶᠤᠴᠢᠯᠠᠬᠤ ᠮᠡᠳᠡᠭᠡ ᠵᠠᠩᠭᠢ ᠶᠢ ᠵᠢᠥ ᠶᠤᠸᠠᠨ ᠲᠣᠭᠤᠷᠢᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ ᠪᠤᠯᠤᠩ ᠳᠤ 30 ᠡᠳᠦᠷ ᠠᠴᠠ ᠳᠤᠲᠠᠭᠤ ᠪᠠᠶᠢᠵᠤ ᠵᠠᠷᠯᠠᠨ ᠨᠡᠶᠢᠲᠡᠯᠡᠵᠦ᠂ ᠢᠯᠡ ᠨᠡᠶᠢᠲᠡᠯᠡᠭᠰᠡᠨ ᠳᠤ ᠣᠨᠳᠣᠤ ᠰᠠᠨᠠᠯ ᠥᠬᠡᠶ ᠪᠣᠯᠤᠭᠰᠠᠨ ᠤ ᠳᠠᠷᠠᠭ᠎ᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠲᠠᠰᠤᠭ ᠲᠤ ᠮᠡᠳᠡᠭᠦᠯᠦᠨ ᠬᠦᠷᠭᠡᠨ᠎ᠡ᠃ ᠡᠳ᠋ ᠤᠨ ᠵᠠᠰᠠᠭ ᠤᠨ ᠲᠣᠪᠴᠢᠶ᠎ᠠ ᠳᠤ ᠰᠡᠵᠢᠭᠲᠡᠶ ᠨᠥᠬᠦᠪᠥᠷᠢ ᠣᠯᠭᠤᠬᠤ ᠭᠤᠶᠤᠴᠢᠯᠠᠯ ᠢ ᠨᠢ ᠬᠢᠨᠠᠨ ᠰᠢᠯᠭᠠᠭᠰᠠᠨ ᠮᠠᠲ᠋ᠧᠷᠢᠶᠠᠯ ᠢᠶᠠᠨ ᠦᠯᠡᠳᠡᠭᠡᠨ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠨ᠂ ᠦᠯᠡᠳᠡᠭᠡᠨ ᠬᠠᠳᠠᠭᠠᠯᠠᠬᠤ ᠬᠤᠭᠤᠴᠠᠭ᠎ᠠ ᠨᠢ 5 ᠵᠢᠯ ᠠᠴᠠ ᠳᠤᠲᠠᠭᠤ ᠪᠠᠶᠢᠵᠤ ᠪᠣᠯᠬᠤ ᠦᠭᠡᠶ᠃    ᠭᠤᠷᠪᠠ᠂ ᠬᠢᠨᠠᠯᠲᠠ ᠬᠠᠮᠢᠶᠠᠷᠤᠯᠲᠠ    ︵ᠨᠢᠭᠡ︶ ᠬᠠᠷᠭᠤᠭᠤᠯᠤᠨ ᠪᠠᠢᠴᠠᠭᠠᠬᠤ ᠬᠥᠮᠦᠰ ᠤᠨ ᠡᠩᠨᠡᠭᠡᠨ ᠤ ᠪᠠᠢᠭᠤᠯᠤᠯᠲᠠ ᠶᠢ ᠴᠢᠩᠭᠠᠳᠭᠠᠨ᠎ᠠ᠃ ᠬᠠᠷᠭᠤᠭᠤᠯᠤᠨ ᠪᠠᠶᠢᠴᠠᠭᠠᠬᠤ ᠠᠵᠢᠯ ᠬᠢᠵᠦ ᠪᠠᠶᠢᠭ᠎ᠠ ᠠᠵᠢᠯᠲᠠᠨ ᠳᠤ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠵᠡᠷᠭᠡ ᠲᠠᠯ᠎ᠠ ᠶᠢᠨ ᠬᠥᠮᠦᠵᠢᠯ ᠪᠣᠯᠪᠠᠰᠤᠷᠠᠭᠤᠯᠤᠯ ᠢ ᠥᠷᠨᠢᠭᠦᠯᠬᠦ ᠬᠡᠷᠡᠭᠲᠡᠶ᠃ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠥᠬᠦᠪᠥᠷᠢ ᠠᠪᠬᠤ ᠪᠠᠷ ᠭᠤᠶᠤᠴᠢᠯᠠᠬᠤ ᠶᠢ ᠬᠦᠯᠢᠶᠡᠨ ᠠᠪᠴᠤ ᠰᠢᠶ᠋ᠳᠪᠦᠷᠢᠯᠡᠬᠦ᠂ ᠨᠥᠬᠦᠪᠥᠷᠢ ᠥᠭᠬᠦ ᠮᠠᠰᠢᠨ ᠪᠠᠭᠠᠵᠢ ᠶᠢᠨ ᠬᠢᠨᠠᠨ ᠰᠢᠯᠭᠠᠬᠤ ᠠᠵᠢᠯ ᠤᠨ ᠪᠠᠶᠢᠷᠢ ᠶᠢ ᠰᠠᠯᠭᠠᠬᠤ ᠶᠢ ᠬᠡᠷᠡᠭᠵᠢᠭᠦᠯᠵᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃    ︵ᠬᠤᠶᠠᠷ︶ ᠮᠠᠰᠢᠨ ᠬᠤᠳᠠᠯᠳᠤᠨ ᠠᠪᠬᠤ ᠠᠮᠠᠯᠠᠯ ᠢ ᠬᠡᠷᠡᠭᠵᠢᠭᠦᠯᠦᠨ᠎ᠡ᠃ ᠮᠠᠰᠢᠨ ᠬᠤᠳᠠᠯᠳᠤᠨ ᠠᠪᠤᠭᠴᠢ ᠶᠢᠨ ᠨᠥᠬᠦᠪᠥᠷᠢ ᠭᠤᠶᠤᠴᠢᠯᠠᠬᠤ ᠦᠢᠯᠡ ᠠᠵᠢᠯᠯᠠᠭ᠎ᠠ ᠶᠢᠨ ᠥᠪᠡᠷ ᠢ ᠪᠠᠨ ᠬᠢᠵᠠᠭᠠᠷᠯᠠᠬᠤ ᠪᠠ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠥᠬᠦᠪᠥᠷᠢ ᠭᠤᠶᠤᠴᠢᠯᠠᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠪᠦᠲᠦᠮᠵᠢᠲᠦ ᠴᠢᠨᠠᠷ ᠤᠨ ᠪᠡᠶ᠎ᠡ ᠪᠠᠨ ᠳᠠᠭᠠᠭᠠᠵᠤ ᠠᠮᠠᠯᠳᠠᠬᠤ ᠶᠢ ᠬᠡᠷᠡᠭᠵᠢᠭᠦᠯᠦᠨ᠎ᠡ᠃    ︵ᠭᠤᠷᠪᠠ︶ ᠲᠣᠭᠲᠠᠭᠠᠯ ᠠᠴᠠ ᠵᠥᠷᠢᠴᠡᠭᠰᠡᠨ ᠰᠦᠪᠡᠭᠴᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠬᠢᠨᠠᠨ ᠰᠢᠯᠭᠠᠬᠤ ᠳᠤᠮᠳᠠ ᠣᠯᠵᠤ ᠮᠡᠳᠡᠭᠰᠡᠨ ᠨᠥᠬᠦᠪᠥᠷᠢ ᠭᠤᠶᠤᠴᠢᠯᠠᠨ ᠠᠪᠬᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠶᠢ ᠬᠢᠨᠠᠨ ᠰᠢᠯᠭᠠᠬᠤ ᠠᠵᠢᠯᠲᠠᠨ ᠵᠤᠷᠪᠤᠰ ᠳᠠᠷᠠᠭᠠᠯᠠᠨ ᠪᠢᠴᠢᠭ ᠢᠶᠠᠷ ᠳᠠᠩᠰᠠᠯᠠᠬᠤ ᠶᠢᠨ ᠬᠠᠮᠲᠤ ᠴᠠᠭ ᠲᠤᠬᠠᠶ ᠳᠤᠨᠢ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠳᠤ ᠮᠡᠳᠡᠭᠦᠯᠬᠦ ᠬᠡᠷᠡᠭᠲᠡᠶ᠃ ᠲᠣᠭᠲᠠᠭᠠᠯ ᠠᠴᠠ ᠵᠥᠷᠢᠴᠡᠭᠰᠡᠨ ᠰᠦᠪᠡᠭᠴᠢ ᠶᠢ ᠬᠠᠮᠲᠤ ᠪᠠᠷ ᠰᠤᠳᠤᠯᠬᠤ ᠠᠵᠢᠯ ᠢ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ ᠰᠡᠵᠢᠭ ᠲᠠᠢ ᠨᠡᠯᠢᠶᠡᠳ ᠶᠡᠭᠡ ᠪᠤᠶᠤ ᠳᠠᠬᠢᠨ ᠳᠠᠪᠲᠠᠨ ᠢᠯᠡᠷᠡᠭᠰᠡᠨ ᠠᠰᠠᠭᠤᠳᠠᠯ ᠳᠤ ᠪᠠᠶᠢᠴᠠᠭᠠᠯᠲᠠ ᠶᠢᠨ ᠳᠡᠰ ᠳᠠᠷᠠᠭᠠᠯᠠᠯ ᠢ ᠡᠬᠢᠯᠡᠭᠦᠯᠵᠦ᠂ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠢ ᠨᠡᠯᠢᠶᠡᠳ ᠪᠠᠭ᠎ᠠ ᠪᠠᠶᠢᠭ᠎ᠠ ᠮᠠᠲ᠋ᠧᠷᠢᠶᠠᠯ ᠢ ᠪᠠᠶᠢᠴᠠᠭᠠᠬᠤ ᠳᠤ ᠪᠡᠯᠡᠳᠬᠡᠨ᠎ᠡ᠃ ᠨᠥᠬᠦᠪᠥᠷᠢ ᠥᠭᠬᠦ ᠮᠠᠰᠢᠨ ᠪᠠᠭᠠᠵᠢ ᠶᠢ ᠬᠠᠷᠭᠤᠭᠤᠯᠤᠨ ᠪᠠᠶᠢᠴᠠᠭᠠᠬᠤ ᠮᠠᠷᠭᠤᠯᠳᠤᠭᠠᠨ ᠢ ᠰᠢᠢᠳᠪᠦᠷᠢᠯᠡᠬᠦ ᠵᠡᠷᠭᠡ ᠴᠢᠬᠤᠯᠠ ᠶᠡᠭᠡ ᠵᠦᠢᠯᠡᠰ ᠢ ᠴᠠᠭ ᠲᠤᠬᠠᠶ ᠳᠤᠨᠢ ᠵᠢᠦ ᠶᠤᠸᠠᠨ ᠲᠣᠭᠤᠷᠢᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠰᠤᠳᠤᠯᠤᠨ ᠰᠢᠢᠳᠪᠦᠷᠢᠲᠦ ᠪᠤᠳᠤᠯᠭ᠎ᠠ ᠲᠣᠭᠲᠠᠭᠠᠯᠭᠠᠨ᠎ᠠ᠃    ︵ᠲᠦᠷᠪᠡ︶ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠳᠣᠲᠣᠭᠠᠳᠤ ᠶᠢᠨ ᠡᠵᠡᠮᠳᠡᠬᠦ ᠳᠦᠷᠢᠮ ᠢ ᠪᠦᠷᠢᠨᠰᠢᠬᠦᠯᠵᠦ᠂ ︽ᠬᠡᠨ ᠬᠢᠨᠠᠨ ᠰᠢᠯᠭᠠᠬᠤ ᠳᠤ᠂ ᠲᠡᠷᠡ ᠬᠠᠷᠢᠭᠤᠴᠠᠵᠤ᠂ ᠬᠡᠨ ᠭᠠᠷ ᠤᠨ ᠦᠰᠦᠭ ᠵᠢᠷᠤᠭᠰᠠᠨ ᠪᠣᠯ ᠲᠡᠷᠡ ᠬᠠᠷᠢᠭᠤᠴᠠᠬᠤ︾ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠵᠦ᠂ ᠮᠠᠰᠢᠨ ᠬᠤᠳᠠᠯᠳᠤᠨ ᠠᠪᠤᠭᠴᠢ ᠪᠠ ᠮᠠᠰᠢᠨ ᠪᠠᠭᠠᠵᠢ ᠪᠣᠯᠤᠨ ᠮᠠᠲ᠋ᠧᠷᠢᠶᠠᠯ ᠤᠨ ᠰᠢᠰᠲ᠋ᠧᠮ ᠤᠨ ᠮᠡᠳᠡᠭᠡ ᠵᠠᠩᠭᠢ ᠶᠢᠨ ᠨᠢᠭᠡᠳᠦᠯᠲᠡᠶ ᠪᠠᠶᠢᠬᠤ ᠵᠢᠴᠢ ᠮᠠᠰᠢᠨ ᠬᠤᠳᠠᠯᠳᠤᠨ ᠠᠪᠬᠤ ᠦᠨᠡᠨ ᠪᠣᠳᠠᠲᠠᠶ ᠴᠢᠨᠠᠷ ᠢ ᠦᠨᠡᠨᠬᠦ ᠪᠠᠲᠤᠯᠠᠵᠤ᠂ ᠭᠤᠷᠪᠠᠳᠠᠬᠢ ᠡᠲᠡᠭᠡᠳ ᠠᠴᠠ ᠪᠡᠶ᠎ᠡ ᠪᠠᠨ ᠳᠠᠭᠠᠭᠠᠵᠤ ᠰᠤᠭᠤᠴᠠᠨ ᠪᠠᠶᠢᠴᠠᠭᠠᠵᠤ ᠬᠢᠨᠠᠨ ᠰᠢᠯᠭᠠᠬᠤ ᠪᠠ ᠮᠡᠳᠡᠭᠡ ᠵᠠᠩᠬᠢᠵᠢᠯ ᠤᠨ ᠮᠡᠷᠭᠡᠵᠢᠯ ᠤᠨ ᠬᠢᠨᠠᠨ ᠰᠢᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ᠃
 
ᠢᠷᠡᠯᠲᠡ᠄ ᠳ᠋ᠦᠩ ᠾᠧ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1