ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ | 2024 ᠣᠨ ᠤ 1 ᠰᠠᠷ᠎ᠠ ᠶᠢᠨ 24 ᠤ ᠡᠳᠦᠷ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ | ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠳᠡᠭᠡᠷ᠎ᠡ | ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ | ᠵᠠᠩ ᠯᠢ ᠵᠢᠶᠦ᠋ᠨ | ᠲᠥᠯᠥᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠲᠤᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ | ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2023 ᠤᠨ ᠪᠣᠯ ᠳ᠋ᠦᠩ ᠾᠧ ᠲᠣᠭᠤᠷᠢᠭ ᠤᠨ ᠬᠥᠭᠵᠢᠯᠲᠡ ᠶᠢᠨ ᠶᠠᠪᠤᠴᠠ ᠳᠠᠬᠢ | ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠬᠤ ᠪᠥᠭᠡᠳ ᠬᠦᠴᠢᠷ ᠪᠡᠷᠬᠡᠰᠢᠶᠡᠯ ᠤᠨ ᠳᠤᠮᠳᠠ ᠠᠮᠵᠢᠯᠲᠠ ᠣᠯᠵᠤ᠂ | ᠡᠯᠪᠡᠭ ᠦᠷ᠎ᠡ ᠪᠦᠲᠦᠭᠡᠯ ᠤᠯᠬᠤ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠥᠷᠭᠡᠨ ᠬᠡᠷᠡᠭᠴᠡᠭᠡᠨ ᠤ | ᠲᠠᠸᠠᠷ ᠤᠨ ᠦᠨ᠎ᠡ ᠬᠠᠩᠰᠢ ᠦᠷᠭᠦᠯᠵᠢᠯᠡᠨ ᠪᠠᠭᠤᠷᠠᠵᠤ᠂ ᠭᠠᠵᠠᠷ ᠣᠷᠣᠨ ᠤ ᠬᠥᠭᠵᠢᠯᠲᠡ ᠨᠢᠭᠡ ᠨᠢᠭᠡ ᠪᠠᠨ | ᠬᠥᠭᠡᠭᠡᠴᠡᠯᠳᠦᠬᠦ ᠥᠷᠢᠰᠥᠯᠳᠦᠭᠡᠨ ᠤ ᠡᠮᠦᠨ᠎ᠡ᠂ ᠪᠢᠳᠡ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ | ᠠᠵᠢᠯ ᠤᠨ ᠭᠤᠣᠯ ᠰᠢᠵᠢᠮ ᠪᠣᠯᠭᠠᠵᠤ᠂ ︽ᠳ᠋ᠦᠩ ᠾᠧ ᠰᠦᠷ ᠵᠢᠪᠬᠤᠭ᠎ᠠ ᠶᠢ ᠲᠠᠬᠢᠨ ᠪᠠᠳᠠᠷᠠᠭᠤᠯᠵᠤ᠂ | ᠥᠩᠭᠡᠷᠡᠭᠰᠡᠨ ᠰᠢᠭ ᠢᠶᠠᠨ ᠴᠡᠴᠡᠭᠯᠡᠨ ᠤᠷᠤᠭᠰᠢᠯᠠᠬᠤ︾ ᠱᠠᠭᠠᠷᠳᠠᠯᠭ᠎ᠠ ᠶᠣᠰᠣᠭᠠᠷ᠂ ᠪᠦᠬᠦ ᠲᠤᠭᠤᠷᠢᠭ ᠤᠨ ᠠᠷᠠᠳ | ᠲᠦᠮᠡᠨ ᠲᠠᠢ ᠬᠠᠮᠲᠤ ᠪᠠᠷ ᠬᠦᠨᠳᠦ ᠡᠭᠦᠷᠭᠡ ᠶᠢ ᠡᠭᠦᠷᠭᠡᠯᠡᠨ ᠡᠷᠡᠯᠬᠡᠭᠯᠡᠨ ᠤᠷᠤᠭᠰᠢᠯᠠᠵᠤ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ ᠳᠤᠲᠠᠭᠤᠳᠠᠯ ᠢᠶᠠᠨ ᠨᠥᠬᠦᠪᠥᠷᠢᠯᠡᠵᠦ᠂ ᠰᠠᠭᠤᠷᠢ ᠪᠠᠨ ᠪᠠᠲᠤᠳᠬᠠᠵᠤ᠂ | ᠳᠠᠪᠠᠭᠤᠯᠢᠭ ᠢᠶᠠᠨ ᠪᠠᠳᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠲᠤᠭᠤᠷᠢᠭ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠡᠷᠡᠰ ᠰᠢᠭᠤᠷᠬᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠯᠠᠪᠳᠠᠭᠤᠨ ᠪᠠᠲᠤᠲᠠᠢ ᠤᠷᠤᠭᠰᠢᠯᠠᠵᠤ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠲᠤᠰᠢᠶᠠᠵᠤ᠂ ᠪᠦᠬᠦ ᠲᠣᠭᠤᠷᠢᠭ ᠤᠨ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠨᠡᠩ ᠯᠠᠪᠳᠠᠭᠤᠨ ᠪᠠᠲᠤᠲᠠᠢ᠂ ᠪᠠᠶᠢᠳᠠᠯ ᠨᠡᠩ ᠰᠠᠶᠢᠵᠢᠷᠠᠪᠠ᠃ ᠪᠣᠳᠠᠲᠠᠢ ᠢᠯᠡᠷᠡᠯ ᠨᠢ᠄ | ︽ᠳᠥᠷᠪᠡᠨ ᠲᠡᠦᠬᠡ ᠶᠢᠨ ᠬᠠᠮᠤᠭ ᠤᠨ ᠰᠠᠶᠢᠨ ᠬᠢᠷᠢ ᠪᠦᠲᠦᠮᠵᠢ︾ ᠶᠢ ᠡᠭᠦᠳᠪᠡ᠃ | ᠨᠢᠭᠡ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠦᠷ᠎ᠡ ᠪᠦᠲᠦᠮᠵᠢ ᠨᠢ ᠬᠠᠮᠤᠭ ᠤᠨ ᠰᠠᠶᠢᠨ | ᠪᠠᠶᠢᠨ᠎ᠠ᠃ ᠬᠦᠩᠭᠡᠨᠴᠠᠭᠠᠨ ᠵᠢᠴᠢ ᠬᠦᠩᠭᠡᠨᠴᠠᠭᠠᠨ ᠢ ᠨᠠᠷᠢᠯᠢᠭ ᠡᠳ᠋ᠰᠢᠭᠦᠯᠬᠦ᠂ ᠬᠤᠲᠠ ᠶᠢᠨ ᠠᠭᠤᠷᠬᠠᠶ ᠶᠢᠨ ᠭᠠᠷᠤᠯᠲᠠ | ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠪᠣᠬᠢᠷᠲᠤᠯ ᠥᠬᠡᠶ ᠲᠠᠷᠢᠶᠠᠯᠠᠩ ᠵᠡᠷᠭᠡ ᠳᠠᠪᠠᠭᠤᠯᠢᠭ ᠤᠨᠴᠠᠯᠢᠭᠳᠤ | ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ︽ᠬᠤᠶᠠᠷ ᠵᠢᠷᠤᠭ ᠬᠤᠶᠠᠷ ᠬᠥᠮᠥᠷᠭᠡ ᠬᠤᠶᠠᠷ ᠬᠦᠰᠦᠨᠦᠭᠲᠦ︾ | ᠶᠢᠨ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠦᠨ᠎ᠡ᠃ ᠪᠥᠬᠦ ᠵᠢᠯ ᠳᠤ 28 ᠲᠥᠷᠥᠯ | ᠵᠦᠢᠯ ︵ᠡᠭᠦᠨ ᠳᠤ ᠠᠵᠤ ᠦᠢᠯᠡᠰ ᠤᠨ ᠲᠥᠷᠥᠯ ᠤᠨ ᠲᠥᠷᠥᠯ ᠵᠦᠢᠯ 17᠂ ᠦᠢᠯᠡᠴᠢᠯᠡᠭᠡᠨ ᠤ ᠲᠥᠷᠥᠯ ᠤᠨ | ᠲᠥᠷᠥᠯ ᠵᠦᠢᠯ 11︶ ᠲᠤ ᠭᠡᠷ᠎ᠡ ᠲᠣᠭᠲᠠᠵᠤ᠂ ᠠᠳᠠᠯᠢ ᠬᠤᠭᠤᠴᠠᠭᠠᠨ ᠤ ᠬᠢ ᠠᠴᠠ 17% ᠪᠠᠷ ᠨᠡᠮᠡᠭᠳᠡᠪᠡ᠃ | ᠵᠥᠪᠳᠡᠯᠴᠡᠭᠡᠷ ᠤᠨ ᠶᠡᠷᠦᠩᠬᠡᠢ ᠵᠣᠭᠤᠰ ᠤᠨ ᠲᠤᠭ᠎ᠠ 83 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 34% ᠪᠠᠷ ᠨᠡᠮᠡᠭᠳᠡᠪᠡ᠃ ᠬᠥᠩᠭᠡᠨᠴᠠᠭᠠᠨ ᠢ ᠨᠠᠷᠢᠯᠢᠭ ᠪᠣᠯᠪᠠᠰᠤᠷᠠᠭᠤᠯᠬᠤ ᠠᠵᠤ | ᠦᠢᠯᠡᠰ ᠪᠠ ᠰᠢᠨ᠎ᠡ ᠠᠵᠤ ᠦᠢᠯᠡᠰ ᠤᠨ ᠲᠥᠷᠥᠯ ᠵᠦᠢᠯ 10 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 20 | % ᠪᠠᠷ ᠨᠡᠮᠡᠭᠳᠡᠪᠡ᠃ ᠲᠥᠷᠥᠯ ᠵᠦᠢᠯ ᠢ ᠨᠠᠶᠢᠳᠠᠪᠤᠷᠢᠵᠢᠭᠤᠯᠬᠤ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ ᠳᠡᠭᠡᠷ᠎ᠡ | ᠵᠢᠯ ᠤᠨ ᠬᠢ ᠠᠴᠠ ᠲᠣᠰ ᠲᠣᠰ 15 ᠵᠠᠭᠤᠨ ᠤ ᠨᠢᠭᠡᠴᠢ ᠪᠠ 5 ᠵᠠᠭᠤᠨ ᠤ ᠴᠡᠭ ᠳᠡᠭᠡᠭᠰᠢᠯᠡᠵᠡᠶ᠂ ᠡᠭᠦᠨ ᠳᠤ ᠠᠵᠢᠯ | ᠡᠬᠢᠯᠡᠭᠦᠯᠦᠭᠰᠡᠨ ᠲᠥᠷᠥᠯ ᠵᠦᠢᠯ 13 ᠪᠠᠶᠢᠵᠤ᠂ ᠠᠵᠢᠯ ᠡᠬᠢᠯᠡᠭᠦᠯᠦᠭᠰᠡᠨ ᠨᠣᠷᠮ᠎ᠠ 46% ᠳᠤ ᠬᠦᠷᠴᠦ᠂ ᠪᠥᠬᠦ | ᠬᠤᠲᠠ ᠳᠤ ᠬᠤᠶᠠᠳᠤᠭᠠᠷ ᠲᠤ ᠣᠷᠣᠪᠠ᠃ ᠤᠯᠤᠰ ᠤᠨ ᠳᠣᠲᠣᠭᠠᠳᠤ ᠶᠢᠨ ᠪᠣᠳᠠᠲᠠᠶᠢᠵᠢᠭᠤᠯᠤᠭᠰᠠᠨ ᠪᠠᠯᠠ | ᠮᠥᠩᠭᠦ ᠶᠢ 62.87 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠵᠢᠯ ᠤᠨ ᠡᠭᠦᠷᠭᠡ ᠶᠢᠨ 165% ᠶᠢ | ᠪᠡᠶᠡᠯᠡᠭᠦᠯᠵᠦ᠂ ᠠᠬᠢᠴᠠ ᠨᠢ ᠪᠦᠬᠦ ᠬᠤᠲᠠ ᠶᠢᠨ ᠭᠤᠷᠪᠠᠳᠤᠭᠠᠷ ᠲᠤ ᠣᠷᠣᠪᠠ᠃ ᠪᠡᠯᠡ ᠮᠥᠩᠭᠦ ᠶᠢ | ᠪᠣᠳᠠᠲᠠᠶᠢᠵᠢᠭᠤᠯᠤᠭᠰᠠᠨ ᠨᠣᠷᠮ᠎ᠠ 43.5% ᠳᠤ ᠬᠦᠷᠴᠦ᠂ ᠪᠦᠬᠦ ᠬᠤᠲᠠ ᠶᠢᠨ ᠬᠤᠶᠠᠳᠤᠭᠠᠷ ᠲᠤ ᠣᠷᠣᠪᠠ᠃ | ᠭᠠᠳᠠᠭᠠᠳᠤ ᠪᠡᠯᠡ ᠶᠢ 728 ᠲᠦᠮᠡᠨ ᠳ᠋ᠣᠯᠯᠠᠷ ᠪᠣᠳᠠᠲᠠᠶ ᠠᠰᠢᠭᠯᠠᠭᠠᠳ᠂ ᠪᠦᠬᠦ ᠬᠤᠲᠠ ᠶᠢᠨ ᠭᠤᠷᠪᠠᠨ ᠤ ᠨᠢᠭᠡ | ᠬᠤᠪᠢ ᠶᠢ ᠡᠵᠡᠯᠡᠵᠦ᠂ ᠪᠦᠬᠦ ᠬᠤᠲᠠ ᠪᠠᠷ ᠢᠶᠠᠨ ᠬᠤᠶᠠᠳᠤᠭᠠᠷ ᠲᠤ ᠣᠷᠣᠵᠤ᠂ ᠣᠯᠠᠨ ᠵᠢᠯ ᠤᠨ ᠲᠤᠷᠰᠢ ᠭᠠᠳᠠᠭᠠᠳᠤ | ᠪᠡᠯᠡ ᠶᠢ ᠪᠣᠳᠠᠲᠠᠶ ᠠᠰᠢᠭᠯᠠᠭᠰᠠᠨ ᠨᠢ ︽ᠲᠡᠭ︾ ᠪᠠᠶᠢᠭᠰᠠᠨ ᠲᠡᠦᠬᠡ ᠶᠢ ᠡᠴᠦᠰᠯᠡᠭᠦᠯᠪᠡ᠃ ᠬᠤᠳᠠᠯᠳᠤᠭᠠᠴᠢᠨ | ᠤᠷᠢᠵᠤ ᠪᠡᠯᠡ ᠣᠷᠣᠭᠤᠯᠤᠭᠰᠠᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠡᠷᠦᠩᠬᠡᠢ ᠨᠡᠷᠡᠰ ᠤᠨ | ᠵᠢᠭᠰᠠᠭᠠᠯᠲᠠ ᠪᠦᠬᠦ ᠬᠤᠲᠠ ᠶᠢᠨ ᠳᠥᠷᠪᠡᠳᠦᠭᠡᠷ ᠲᠤ ᠣᠷᠣᠪᠠ᠃ ᠬᠤᠶᠠᠷ ᠲᠤ ᠳᠡᠭᠡᠳᠦ ᠱᠠᠲᠤᠨ ᠤ ᠪᠡᠯᠡ | ᠮᠥᠩᠭᠦ ᠶᠢ ᠬᠠᠮᠤᠭ ᠠᠷᠪᠢᠨ ᠴᠢᠷᠮᠠᠶᠢᠨ ᠣᠯᠪᠠ᠃ ᠳᠡᠭᠡᠳᠦ ᠱᠠᠲᠤᠨ ᠤ ᠰᠢᠯᠵᠢᠭᠦᠯᠦᠨ ᠥᠭᠬᠦ ᠪᠡᠯᠡ ᠮᠥᠩᠭᠦ ᠶᠢ | ᠠᠳᠠᠯᠢ ᠬᠤᠭᠤᠴᠠᠭᠠᠨ ᠤ ᠬᠢ ᠠᠴᠠ 6.8 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠴᠢᠷᠮᠠᠶᠢᠵᠤ᠂ 28% ᠪᠠᠷ | ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠡᠭᠦᠨ ᠳᠤ ᠳᠡᠭᠡᠳᠦ | ᠱᠠᠲᠤᠨ ᠤ ᠬᠦᠴᠢᠷᠳᠡᠯᠲᠡᠶ ᠭᠠᠵᠠᠷ ᠣᠷᠣᠨ ᠤ ᠨᠥᠬᠦᠪᠥᠷᠢ ᠶᠢ ᠲᠡᠮᠡᠴᠡᠨ ᠣᠯᠬᠤ ᠵᠡᠷᠭᠡ ᠡᠳ᠋ ᠤᠨ ᠬᠦᠴᠦᠨ ᠤ | ᠴᠢᠨᠠᠷᠲᠠᠶ ᠪᠠᠯᠠ ᠮᠥᠩᠭᠦ ᠶᠢ ᠠᠳᠠᠯᠢ ᠬᠤᠭᠤᠴᠠᠭᠠᠨ ᠤ ᠬᠢ ᠠᠴᠠ 3.56 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ | 30.3% ᠪᠠᠷ ᠨᠡᠮᠡᠭᠳᠡᠭᠦᠯᠦᠨ᠂ ᠣᠶᠢᠷ᠎ᠠ ᠶᠢᠨ 10 ᠵᠢᠯ ᠳᠤ ᠬᠠᠮᠤᠭ ᠤᠨ ᠣᠯᠠᠨ ᠪᠠᠯᠠ ᠮᠥᠩᠭᠦ ᠤᠯᠬᠤ ᠨᠢᠭᠡ ᠵᠢᠯ | ᠪᠣᠯᠤᠨ᠎ᠠ᠃ ᠭᠤᠷᠪᠠ ᠳᠤ᠂ᠥᠷᠢ ᠥᠭᠴᠡᠭᠡᠨ ᠤ ᠨᠣᠷᠮ᠎ᠠ ᠶᠢᠨ ᠪᠠᠭᠤᠷᠠᠯᠲᠠ ᠶᠢᠨ ᠬᠡᠮᠵᠢᠶ᠎ᠡ ᠬᠠᠮᠤᠭ ᠤᠨ ᠲᠦᠷᠭᠡᠨ | ᠪᠣᠯᠪᠠ᠃ ︽ᠲᠣᠭᠤᠭ᠎ᠠ ᠶᠢ ᠪᠠᠯᠪᠠᠴᠢᠨ ᠲᠡᠮᠦᠷ ᠢ ᠬᠤᠳᠠᠯᠳᠤᠬᠤ︾ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ | ᠠᠪᠴᠤ᠂ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠪᠠᠷ ᠳᠡᠮᠵᠢᠨ᠂ ᠵᠠᠰᠠᠭ ᠤᠨ ᠣᠷᠳᠣᠨ ᠤ ᠳᠠᠯᠳᠠ ᠥᠷᠢ | ᠥᠭᠴᠡᠭᠡ ᠶᠢ ᠠᠷᠢᠯᠭᠠᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠶᠡᠷᠦᠩᠬᠡᠶᠢᠯᠡᠭᠰᠡᠨ ᠥᠷᠢ ᠥᠭᠴᠡᠭᠡ ᠶᠢᠨ | ᠨᠣᠷᠮ᠎ᠠ ᠨᠢ 170 ᠵᠠᠭᠤᠨ ᠤ ᠨᠢᠭᠡᠴᠢ ᠪᠠᠭᠤᠷᠠᠵᠤ᠂ ᠮᠠᠨ ᠤ ᠲᠣᠭᠤᠷᠢᠭ ᠤᠨ ᠬᠠᠮᠤᠭ ᠤᠨ ᠶᠡᠭᠡ ᠪᠠᠭᠤᠷᠠᠯᠲᠠ ᠶᠢᠨ | ᠨᠢᠭᠡ ᠵᠢᠯ ᠪᠣᠯᠬᠤ ᠪᠥᠭᠡᠳ ᠪᠠᠰᠠ ᠴᠤ ᠪᠦᠬᠦ ᠬᠤᠲᠠ ᠶᠢᠨ ᠬᠠᠮᠤᠭ ᠤᠨ ᠶᠡᠭᠡ ᠪᠠᠭᠤᠷᠠᠯᠲᠠ ᠶᠢᠨ ᠭᠠᠵᠠᠷ ᠣᠷᠣᠨ | ᠪᠣᠯᠤᠨ᠎ᠠ᠃ ᠳᠥᠷᠪᠡ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠬᠠᠮᠤᠭ ᠤᠨ ᠶᠡᠭᠡ᠃ | ᠪᠦᠬᠦ ᠵᠢᠯ ᠳᠤ 76.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 15. | 1% ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠤᠷᠲᠤ ᠬᠤᠭᠤᠴᠠᠭ᠎ᠠ ᠪᠠᠷ 50 - 60 | ᠳ᠋ᠦᠩᠰᠢᠭᠤᠷ ᠬᠤᠭᠤᠷᠣᠨᠳᠣ ᠬᠤᠯᠬᠢᠳᠠᠵᠤ ᠪᠠᠶᠢᠭ᠎ᠠ ᠪᠠᠶᠢᠳᠠᠯ ᠢ ᠬᠤᠪᠢᠷᠠᠭᠤᠯᠪᠠ᠃ | ︽ᠲᠠᠪᠤ ᠶᠢ ᠨᠡᠯᠢᠶᠡᠳ ᠰᠠᠶᠢᠨ ᠨᠡᠮᠡᠭᠳᠡᠭᠦᠯᠬᠦ︾ ᠶᠢ ᠪᠡᠶᠡᠯᠡᠭᠦᠯᠪᠡ᠃ | ᠨᠢᠭᠡ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 451 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠶᠡᠷᠦᠩᠬᠡᠶ ᠬᠡᠮᠵᠢᠶ᠎ᠡ ᠶᠢ ᠪᠥᠬᠦ ᠬᠤᠲᠠ ᠳᠤ ᠳᠥᠷᠪᠡᠳᠦᠭᠡᠷ ᠲᠤ ᠣᠷᠣᠭᠤᠯᠤᠨ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ 2020 ᠣᠨ ᠤ ᠬᠢ ᠠᠴᠠ 100 | ᠳ᠋ᠦᠩᠰᠢᠭᠤᠷ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠨ᠂ ᠬᠠᠷᠠᠯᠲᠠ ᠠᠴᠠ 1 ᠵᠠᠭᠤᠨ ᠤ | ᠴᠡᠭ ᠥᠨᠳᠥᠷ ᠪᠣᠯᠪᠠ᠃ ᠬᠤᠶᠠᠷ ᠲᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ | ᠶᠡᠷᠦᠩᠬᠡᠶ ᠥᠷᠲᠡᠭ 485 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9% ᠨᠡᠮᠡᠭᠳᠡᠵᠦ᠂ ᠬᠠᠷᠠᠯᠲᠠ ᠠᠴᠠ 4 | ᠵᠠᠭᠤᠨ ᠤ ᠴᠡᠭ ᠥᠨᠳᠥᠷ ᠪᠣᠯᠪᠠ᠃ ᠭᠤᠷᠪᠠ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠪᠥᠬᠦ ᠲᠤᠭ᠎ᠠ ᠶᠢ 195 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ | ᠭᠤᠷᠪᠠᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 8.1% ᠪᠠᠷ ᠨᠡᠮᠡᠭᠳᠡᠨ᠂ ᠬᠠᠷᠠᠯᠲᠠ ᠠᠴᠠ ᠪᠠᠨ | 2.1 ᠵᠠᠭᠤᠨ ᠤ ᠨᠢᠭᠡᠴᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠡᠷᠡᠰ ᠤᠨ | ᠵᠢᠭᠰᠠᠭᠠᠯᠲᠠ ᠨᠢ ᠳᠡᠭᠡᠷ᠎ᠡ ᠵᠢᠯ ᠤᠨ ᠬᠢ ᠠᠴᠠ 3 ᠨᠡᠮᠡᠭᠳᠡᠪᠡ᠃ ᠳᠥᠷᠪᠡ ᠳᠤ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ 11 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6. | 2% ᠨᠡᠮᠡᠭᠳᠡᠵᠦ᠂ ᠬᠠᠷᠠᠯᠲᠠ ᠠᠴᠠ 0.2 ᠵᠠᠭᠤᠨ ᠤ ᠴᠡᠭ ᠥᠨᠳᠥᠷ ᠪᠣᠯᠵᠤ᠂ ᠭᠠᠶᠢᠯᠢ ᠲᠠᠲᠠᠪᠤᠷᠢ ᠶᠢᠨ | ᠣᠷᠣᠯᠭ᠎ᠠ ᠶᠢᠨ ᠡᠵᠡᠯᠡᠬᠦ ᠬᠠᠷᠢᠴᠠᠯ 87% ᠶᠢ ᠳᠠᠪᠠᠵᠤ᠂ ᠪᠥᠬᠦ ᠬᠤᠲᠠ ᠶᠢᠨ 5 ᠵᠠᠭᠤᠨ ᠤ ᠴᠡᠭ ᠠᠴᠠ ᠥᠨᠳᠥᠷ | ᠪᠠᠶᠢᠨ᠎ᠠ᠃ ᠲᠠᠪᠤ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠶ ᠶᠢᠨ | ᠨᠡᠮᠡᠭᠳᠡᠯ ᠲᠠᠢ ᠵᠡᠷᠭᠡᠴᠡᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 53106 ᠲᠥᠭᠦᠷᠢᠭ ᠲᠤ ᠬᠦᠷᠴᠦ᠂ ᠲᠠᠷᠢᠶᠠᠴᠢᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 32440 ᠲᠥᠭᠦᠷᠢᠭ ᠲᠤ ᠬᠦᠷᠴᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ ᠨᠢᠭᠡᠳᠦᠭᠡᠷ ᠲᠤ | ᠣᠷᠣᠵᠤ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠨ᠂ ᠪᠥᠬᠦ ᠬᠤᠲᠠ ᠶᠢᠨ 0.1 ᠵᠠᠭᠤᠨ ᠤ | ᠨᠢᠭᠡᠴᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠨᠡᠷᠡᠰ ᠤᠨ ᠵᠢᠭᠰᠠᠭᠠᠯᠲᠠ ᠨᠢ ᠳᠡᠭᠡᠷ᠎ᠡ | ᠵᠢᠯ ᠤᠨ ᠬᠢ ᠠᠴᠠ 2 ᠢᠶᠠᠷ ᠳᠡᠭᠡᠭᠰᠢᠯᠡᠪᠡ᠃ | ᠳᠣᠯᠤᠭᠠᠨ ᠢᠯᠠᠣᠠᠲᠠ ᠠᠭᠢᠴᠠ ᠲᠠᠢ ᠪᠤᠯᠪᠠ | ᠨᠢᠭᠡ ᠳᠤ ᠬᠦᠩᠭᠡᠨᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠴᠣ ᠰᠢᠨ᠎ᠡ ᠬᠠᠷᠠᠯᠲᠠ ᠲᠡᠶᠢᠰᠢ | ᠤᠷᠤᠭᠰᠢᠯᠠᠪᠠ᠃ ︽ᠮᠢᠩᠭᠠᠨ ᠳ᠋ᠦᠩᠰᠢᠭᠤᠷ ᠲᠠᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ | ᠤᠯᠤᠰ ᠤᠨ ᠲᠠᠰ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ | ᠪᠥᠲᠥᠭᠡᠨ ᠪᠠᠶᠢᠭᠤᠯᠵᠤ᠂ ᠪᠥᠬᠦ ᠤᠯᠤᠰ ᠤᠨ ᠪᠣᠬᠢᠷᠲᠤᠯ ᠥᠬᠡᠶ ᠬᠥᠩᠭᠡᠨ ᠴᠠᠭᠠᠨ ᠵᠢᠴᠢ ᠬᠥᠩᠭᠡᠨ ᠴᠠᠭᠠᠨ ᠤ | ᠰᠠᠭᠤᠷᠢ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠪᠠ ᠪᠠᠷᠠᠭᠤᠨ ᠣᠷᠣᠨ ᠤ | ᠬᠠᠮᠤᠭ ᠤᠨ ᠶᠡᠭᠡ ᠳᠡᠭᠡᠳᠦ ᠲᠠᠰ ᠤᠨ ᠬᠥᠩᠭᠡᠨ ᠴᠠᠭᠠᠨ ᠢ ᠨᠠᠷᠢᠯᠢᠭ ᠭᠦᠨᠵᠡᠭᠡᠶ ᠡᠳ᠋ᠰᠢᠭᠦᠯᠬᠦ ᠰᠠᠭᠤᠷᠢᠨ ᠭᠠᠵᠠᠷ ᠢ | ᠪᠠᠶᠢᠭᠤᠯᠬᠤ︾ ᠴᠣ ᠰᠢᠨ᠎ᠡ ᠬᠠᠷᠠᠯᠲᠠ ᠶᠢ ᠲᠣᠭᠲᠠᠭᠠᠵᠤ᠂ ᠲᠤᠰᠬᠠᠶ ᠪᠠᠶᠢᠭᠤᠯᠤᠮᠵᠢ ᠶᠢᠨ ᠣᠷᠣᠨ ᠲᠤᠭ᠎ᠠ ᠶᠢᠨ | ᠪᠥᠲᠥᠭᠡᠨ ᠪᠠᠶᠢᠭᠤᠯᠤᠯᠲᠠ ᠶᠢᠨ ᠲᠥᠰᠦᠯ ᠪᠠ ᠠᠵᠢᠯᠯᠠᠭᠠᠨ ᠤ ᠲᠥᠰᠦᠯ ᠢ ᠨᠠᠶᠢᠳᠠᠪᠦᠷᠢᠵᠢᠭᠤᠯᠬᠤ ᠬᠡᠷᠡᠭᠲᠠᠢ᠃ | ᠬᠤᠸᠠ ᠶᠦᠨ ᠰᠢᠨ᠎ᠡ ᠮᠠᠲ᠋ᠧᠷᠢᠶᠠᠯ ᠤᠨ 42 ᠲᠦᠮᠡᠨ ᠲᠣᠨ ᠬᠥᠩᠭᠡᠨ ᠬᠠᠶᠢᠯᠤᠰᠢ ᠶᠢᠨ ᠲᠥᠷᠥᠯ ᠵᠦᠢᠯ ᠤᠨ ᠭᠤᠤᠯ | ᠴᠣᠭᠴᠠ ᠶᠢᠨ ᠠᠵᠢᠯ ᠳᠠᠭᠤᠰᠴᠤ᠂ ᠪᠤᠭᠤᠲᠤ ᠶᠢᠨ ᠬᠥᠩᠭᠡᠨ ᠴᠠᠭᠠᠨ ᠤ ᠴᠠᠬᠢᠯᠭᠠᠨ ᠵᠠᠳᠠᠯᠤᠯ ᠤᠨ ᠬᠥᠩᠭᠡᠨ | ᠴᠠᠭᠠᠨ ᠤ ᠦᠢᠯᠡᠳᠪᠦᠷᠢᠯᠡᠯ ᠤᠨ ᠴᠢᠳᠠᠪᠤᠷᠢ 150 ᠲᠦᠮᠡᠨ ᠲᠣᠨ ᠳᠤ ᠬᠦᠷᠴᠦ᠂ ᠳᠤᠮᠳᠠᠳᠤ ᠤᠯᠤᠰ ᠤᠨ ᠬᠥᠩᠭᠡᠨ | ᠴᠠᠭᠠᠨ ᠤ ᠳᠣᠤᠷᠠᠬᠢ ᠲᠠᠩ ᠴᠣᠭᠴᠠᠲᠤ ᠦᠢᠯᠡᠳᠪᠦᠷᠢᠯᠡᠯ ᠤᠨ ᠴᠢᠳᠠᠪᠤᠷᠢ ᠶᠢᠨ ᠪᠥᠬᠦ ᠤᠯᠤᠰ ᠤᠨ ᠬᠠᠮᠤᠭ ᠤᠨ ᠲᠣᠮᠣ | ᠠᠵᠤ ᠠᠬᠤᠶᠢᠯᠠᠯ ᠪᠣᠯᠬᠤ ᠪᠣᠯᠤᠨ᠎ᠠ᠃ ᠤᠮᠠᠷᠠᠲᠤ ᠣᠷᠣᠨ ᠤ ᠬᠥᠩᠭᠡᠨ ᠴᠠᠭᠠᠨ ᠤ ᠦᠢᠯᠡᠰ ᠤᠨ 9.1 ᠲᠦᠮᠡᠨ ᠲᠣᠨ | ᠳᠡᠭᠡᠳᠦ ᠴᠢᠳᠠᠪᠬᠢᠲᠤ ᠬᠥᠩᠭᠡᠨ ᠴᠠᠭᠠᠨ ᠤ ᠬᠠᠶᠢᠯᠤᠰᠢ ᠶᠢᠨ ᠮᠠᠲ᠋ᠧᠷᠢᠶᠠᠯ ᠴᠢᠳᠬᠤᠬᠤ ᠲᠥᠷᠥᠯ ᠵᠦᠢᠯ ᠢ ᠪᠠᠷᠢᠯᠭ᠎ᠠ | ᠳᠠᠭᠤᠰᠴᠤ ᠠᠰᠢᠭᠯᠠᠯᠲᠠ ᠳᠤ ᠣᠷᠣᠭᠤᠯᠵᠤ᠂ ᠰᠧ ᠲᠦᠩ ᠰᠢᠨ᠎ᠡ ᠮᠠᠲ᠋ᠧᠷᠢᠶᠠᠯ ᠤᠨ 5 ᠲᠦᠮᠡᠨ ᠲᠣᠨ ᠬᠥᠩᠭᠡᠨ | ᠴᠠᠭᠠᠨ ᠤ ᠰᠠᠭᠤᠷᠢ ᠶᠢᠨ ᠬᠤᠪᠣᠷ ᠰᠢᠷᠣᠶ ᠶᠢᠨ ᠳᠤᠮᠳᠠᠬᠢ ᠬᠠᠶᠢᠯᠤᠰᠢ ᠵᠡᠷᠭᠡ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠤᠨ ᠦᠷ᠎ᠡ ᠪᠦᠲᠦᠮᠵᠢ ᠣᠯᠵᠤ᠂ ᠬᠥᠩᠭᠡᠨ ᠴᠠᠭᠠᠨ ᠤ ᠨᠠᠷᠢᠯᠢᠭ ᠪᠣᠯᠪᠠᠰᠤᠷᠠᠭᠤᠯᠬᠤ ᠦᠢᠯᠡᠳᠬᠦᠨ ᠤ | ᠥᠷᠲᠡᠭ ᠤᠨ ᠨᠣᠷᠮ᠎ᠠ ᠶᠢ 5 ᠵᠠᠭᠤᠨ ᠤ ᠨᠢᠭᠡᠴᠢ ᠳᠡᠭᠡᠭᠰᠢᠯᠡᠭᠦᠯᠵᠦ᠂ 28% ᠳᠤ ᠬᠦᠷᠭᠡᠪᠡ᠃ ᠵᠧᠵᠢᠶᠠᠩ ᠤᠨ | ᠦᠢᠯᠡᠳᠪᠦᠷᠢ ᠠᠵᠤ ᠠᠬᠤᠢᠯᠠᠯ ᠤᠨ 30 ᠲᠦᠮᠡᠨ ᠲᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠢᠯᠡᠨ ᠠᠰᠢᠭᠯᠠᠬᠤ᠂ ᠬᠤᠸᠠ ᠰᠢᠶᠠᠩ ᠤᠨ 3 ᠲᠦᠮᠡᠨ ᠬᠠᠶᠠᠭᠳᠠᠮᠠᠯ ᠮᠠᠰᠢᠨ ᠲᠡᠷᠭᠡ ᠶᠢ ᠵᠠᠳᠠᠯᠬᠤ | ᠵᠡᠷᠭᠡ ︽ᠬᠤᠲᠠ ᠶᠢᠨ ᠠᠭᠤᠷᠬᠠᠢ ᠶᠢᠨ ᠭᠠᠷᠤᠯᠲᠠ︾ ᠶᠢ ᠡᠷᠭᠢᠯᠳᠦᠭᠦᠯᠦᠨ ᠠᠰᠢᠭᠯᠠᠬᠤ ᠲᠥᠷᠥᠯ ᠵᠦᠢᠯ ᠭᠡᠷ᠎ᠡ | ᠲᠣᠭᠲᠠᠨ ᠨᠠᠢᠳᠠᠪᠤᠷᠢᠵᠢᠭᠤᠯᠵᠤ᠂ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠨᠢ ᠣᠳᠣᠬᠠᠨ ᠤ 35% ᠠᠴᠠ 75% ᠳᠤ ᠬᠦᠷᠲᠡᠯ᠎ᠡ | ᠳᠡᠭᠡᠭᠰᠢᠯᠡᠬᠦ ᠪᠣᠯᠤᠨ᠎ᠠ᠃ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠵᠠᠮ ᠤᠨ ᠲᠣᠤᠷ᠂ | ᠴᠠᠬᠢᠯᠭᠠᠨ ᠤ ᠲᠣᠣᠷ ᠢ 15.6 ᠺᠢᠯᠣᠮᠧᠲᠷ ᠥᠭᠡᠷᠡᠴᠢᠯᠡᠨ ᠵᠠᠰᠠᠵᠤ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ | ᠭᠡᠷ ᠢ 5.8 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠪᠠ᠃ ᠣᠶᠤᠨᠴᠢ ᠬᠦᠷᠢᠶᠡᠯᠡᠩ ᠲᠣᠭᠤᠷᠢᠭ ᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠥᠩᠭᠡᠨ ᠴᠠᠭᠠᠨ ᠤ ︽ᠠᠵᠤ ᠦᠢᠯᠡᠳᠪᠦᠷᠢ ᠶᠢᠨ ᠢᠨᠲ᠋ᠧᠷ | ᠰᠦᠯᠵᠢᠶ᠎ᠡ︾ ᠶᠢᠨ ᠢᠨᠵᠧᠨᠧᠷᠢᠩ ᠤᠨ ᠨᠢᠭᠡᠳᠦᠭᠡᠷ ᠬᠤᠭᠤᠴᠠᠭ᠎ᠠ ᠶᠢ ᠠᠰᠢᠭᠯᠠᠯᠲᠠ ᠳᠤ ᠣᠷᠣᠭᠤᠯᠵᠤ᠂ ᠬᠦᠷᠢᠶᠡᠯᠡᠩ | ᠲᠣᠭᠤᠷᠢᠭ ᠤᠨ ᠭᠤᠣᠯ ᠲᠣᠭᠤᠷᠢᠭ ᠤᠨ 5G ᠳᠣᠬᠢᠶ᠎ᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠬᠦᠷᠢᠶᠡᠯᠡᠩ | ᠲᠣᠭᠤᠷᠢᠭ ᠤᠨ ᠭᠠᠵᠠᠷ ᠰᠢᠷᠣᠢ ᠶᠢ 2000 ᠭᠠᠷᠤᠢ ᠮᠦ᠂ ᠦᠢᠯᠡᠳᠪᠦᠷᠢ ᠶᠢᠨ ᠭᠡᠷ ᠪᠠᠶᠢᠰᠢᠩ ᠢ 4300 ᠲᠡᠭᠰᠢ | ᠳᠥᠷᠪᠡᠯᠵᠢᠨ ᠮᠧᠲᠷ ᠠᠮᠢᠯᠠᠭᠤᠯᠵᠤ᠂ ᠬᠦᠷᠢᠶᠡᠯᠡᠩ ᠲᠣᠭᠤᠷᠢᠭ ᠤᠨ ᠮᠦ ᠪᠦᠷᠢ ᠶᠢᠨ ᠳᠤᠮᠳᠠᠴᠢ ᠪᠡᠯᠡ | ᠣᠷᠣᠭᠤᠯᠤᠯᠲᠠ ᠶᠢᠨ ᠡᠷᠴᠢᠮ᠂ ᠦᠢᠯᠡᠳᠬᠦᠨ ᠤ ᠦᠷᠳᠡᠭ᠂ ᠭᠠᠶᠢᠯᠢ ᠲᠠᠲᠠᠪᠤᠷᠢ ᠶᠢ ᠲᠤᠰ ᠲᠤᠰ 3.5%᠂ 2. | 3%᠂ 5% ᠪᠠᠷ ᠳᠡᠭᠡᠭᠰᠢᠯᠡᠭᠦᠯᠪᠡ᠃ ︽ᠪᠤᠤ ᠹᠧᠩ 1 ᠨᠣᠮᠧᠷᠲᠦ︾ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠢᠨᠵᠧᠨᠧᠷᠢᠩ ᠢ ᠪᠠᠢᠭᠤᠯᠵᠤ᠂ ᠱᠠᠨ ᠪᠧᠢ ᠪᠣᠬᠢᠷᠲᠤᠯ ᠥᠬᠡᠢ ᠴᠠᠬᠢᠯᠭᠠᠨ ᠨᠢ ᠬᠥᠩᠭᠡᠨ ᠴᠠᠭᠠᠨ ᠤ | ᠦᠢᠯᠡᠰ ᠤᠨ ᠬᠦᠷᠢᠶᠡᠯᠡᠩ ᠲᠣᠭᠤᠷᠢᠭ ᠲᠤ ᠰᠢᠭᠤᠤᠨ ᠬᠦᠷᠴᠦ ᠪᠣᠯᠤᠨ᠎ᠠ᠃ ᠪᠤᠭᠤᠲᠤ ᠶᠢᠨ ᠬᠥᠩᠭᠡᠨ ᠴᠠᠭᠠᠨ ᠤ | ᠰᠢᠨ᠎ᠡ ᠡᠨᠧᠷᠭᠢ ᠶᠢᠨ ᠲᠥᠷᠥᠯ ᠵᠦᠢᠯ ᠢ ᠵᠥᠪᠰᠢᠶᠡᠷᠡᠨ ᠬᠡᠷᠡᠭᠵᠢᠭᠦᠯᠵᠦ᠂ ᠬᠤᠸᠠ ᠶᠦᠨ ᠲᠠᠷᠬᠠᠮᠠᠯ ᠮᠠᠶ᠋ᠢᠭ ᠤᠨ ᠬᠡᠷᠡᠯ | ᠴᠡᠨᠡᠭ ᠤᠨ ᠲᠥᠷᠥᠯ ᠵᠦᠢᠯ ᠢ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠴᠠᠬᠢᠯᠭᠠᠨ ᠵᠠᠳᠠᠯᠤᠯ ᠤᠨ ᠲᠦᠭᠦᠬᠡᠶ | ᠬᠥᠩᠭᠡᠨ ᠴᠠᠭᠠᠨ ᠤ ᠰᠢᠩᠭᠡᠨ ᠨᠢ ᠪᠥᠬᠦ ᠤᠯᠤᠰ ᠤᠨ ᠠᠩᠬᠠᠳᠠᠭᠴᠢ ᠪᠦᠯᠦᠭ ᠪᠣᠬᠢᠷᠲᠤᠯ ᠥᠬᠡᠶ ᠴᠠᠬᠢᠯᠭᠠᠨ ᠬᠥᠩᠭᠡᠨ | ᠴᠠᠭᠠᠨ ᠤ ᠪᠦᠲᠦᠭᠡᠭᠳᠡᠬᠦᠨ ᠤ ᠦᠨᠡᠯᠡᠯᠲᠡ ᠶᠢ ᠥᠩᠭᠡᠷᠡᠭᠡᠪᠡ᠃ | ᠬᠤᠶᠠᠷ ᠲᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠬᠦᠴᠦᠯᠡᠨ ᠠᠬᠢᠭᠤᠯᠪᠠ᠃ | 43 ᠴᠢᠬᠤᠯᠠ ᠶᠡᠭᠡ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠵᠦ᠂ ᠬᠦᠢᠴᠡᠳᠬᠡᠵᠦ | ᠳᠠᠭᠤᠰᠬᠠᠬᠤ ᠴᠠᠭ ᠨᠢ ᠳᠡᠭᠡᠷ᠎ᠡ ᠵᠢᠯ ᠤᠨ ᠬᠢ ᠠᠴᠠ 10 ᠡᠳᠦᠷ ᠤᠷᠢᠳᠴᠢᠯᠠᠨ ᠪᠠᠶᠢᠵᠤ᠂ ᠬᠦᠢᠴᠡᠳᠬᠡᠵᠦ | ᠳᠠᠭᠤᠰᠬᠠᠭᠰᠠᠨ ᠨᠣᠷᠮ᠎ᠠ ᠨᠢ ᠪᠥᠬᠦ ᠬᠤᠲᠠ ᠳᠤ ᠨᠢᠭᠡᠳᠦᠭᠡᠷ ᠲᠤ ᠬᠦᠷᠴᠦ᠂ ᠲᠣᠰ ᠵᠢᠯ ᠳᠡᠭᠡᠨ 122.4 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠠᠵᠤ ᠦᠢᠯᠡᠰ ᠤᠨ ᠲᠥᠷᠥᠯ ᠤᠨ ᠲᠥᠷᠥᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ 121.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 22.9% ᠪᠠᠷ ᠨᠡᠮᠡᠭᠳᠡᠨ᠂ 102.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 188.7% ᠪᠠᠷ ᠨᠡᠮᠡᠭᠳᠡᠪᠡ᠃ ᠬᠤᠸᠠ | ᠽᠢ ᠠᠵᠤ ᠦᠢᠯᠡᠰ ᠤᠨ 2 ᠲᠦᠮᠡᠨ ᠲᠤᠨ ᠬᠤᠸᠠᠩ ᠶᠤᠸᠠᠨ ᠵᠢᠶᠤᠤ᠂ ᠯᠢ ᠵᠦᠩ ᠪᠦᠯᠦᠭᠯᠡᠯ ᠤᠨ ᠮᠠᠰᠢᠨ ᠲᠡᠷᠭᠡᠨ ᠤ | ᠰᠡᠯᠪᠢᠭ ᠲᠤᠨᠤᠭ ᠵᠡᠷᠭᠡ ᠲᠦᠷᠦᠯ ᠵᠦᠢᠯ ᠢ ᠲᠦᠷᠭᠡᠨ ᠪᠠᠶᠢᠭᠤᠯᠵᠤ᠂ 12 ᠲᠦᠷᠦᠯ ᠵᠦᠢᠯ ᠢ ᠲᠤᠰ ᠵᠢᠯ ᠳᠡᠭᠡᠨ | ᠭᠡᠷ᠎ᠡ ᠲᠣᠭᠲᠠᠬᠤ᠂ ᠲᠤᠰ ᠵᠢᠯ ᠳᠡᠭᠡᠨ ᠠᠵᠢᠯ ᠡᠬᠢᠯᠡᠭᠦᠯᠬᠦ ᠶᠢ ᠪᠡᠶᠡᠯᠡᠭᠦᠯᠵᠦ᠂ 7 ᠮᠡᠷᠭᠡᠵᠢᠯ ᠤᠨ | ᠥᠭᠡᠷᠡᠴᠢᠯᠡᠯᠲᠡ ᠶᠢᠨ ᠲᠦᠷᠦᠯ ᠵᠦᠢᠯ ᠢ ᠪᠠᠶᠢᠭᠤᠯᠵᠤ ᠦᠷ᠎ᠡ ᠪᠦᠲᠦᠮᠵᠢ ᠤᠯᠪᠠ᠃ | ᠭᠤᠷᠪᠠ ᠳᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠪᠣᠳᠠᠲᠠᠢ | ᠠᠰᠠᠭᠤᠳᠠᠯ ᠢ ᠰᠢᠢᠳᠪᠦᠷᠢᠯᠡᠪᠡ᠃ ᠪᠤᠭᠤᠲᠤ ᠶᠢᠨ ᠠᠯᠳᠠᠨ ᠵᠡᠭᠡᠯᠢ᠂ ᠪᠤᠭᠤᠲᠤ ᠶᠢᠨ ᠤᠯᠠᠭᠠᠨ ᠵᠡᠭᠡᠯᠢ ᠨᠡᠭᠡᠭᠡᠵᠦ᠂ | ᠠᠯᠲᠠᠨ ᠵᠡᠭᠡᠯᠢ ᠨᠢ ︽IP ᠤᠷᠢᠳᠠᠪᠠᠷ ᠬᠡᠷᠡᠭᠵᠢᠭᠦᠯᠵᠦ᠂ ᠤᠷᠢᠳᠠᠪᠠᠷ ᠠᠵᠢᠯᠯᠠᠬᠤ︾ ᠣᠨᠣᠯᠵᠢᠬᠤᠨ ᠪᠠ ᠨᠢᠭᠡᠳᠦᠯᠲᠡᠶ | ᠲᠥᠯᠥᠪᠵᠢᠭᠦᠯᠭᠡ᠂ ᠵᠢᠷᠤᠭ ᠲᠥᠯᠥᠪᠯᠡᠭᠡ᠂ ᠪᠥᠲᠥᠭᠡᠨ ᠪᠠᠶᠢᠭᠤᠯᠵᠤ᠂ ᠨᠢᠭᠡᠳᠦᠯᠲᠡᠶ ᠡᠵᠡᠩᠨᠡᠬᠦ᠂ ᠬᠤᠳᠠᠯᠳᠤᠭᠠᠴᠢᠨ | ᠤᠷᠢᠬᠤ᠂ ᠮᠥᠩᠭᠦ ᠬᠤᠷᠢᠶᠠᠬᠤ᠂ ᠨᠢᠭᠡᠳᠦᠯᠲᠡᠶ ᠳᠡᠯᠭᠡᠷᠡᠭᠦᠯᠬᠦ᠂ ᠡᠵᠡᠩᠨᠡᠨ ᠪᠣᠷᠣᠯᠠᠭᠤᠯᠬᠤ᠂ ᠤᠬᠠᠭᠤᠯᠤᠨ | ᠲᠠᠨᠢᠯᠴᠠᠭᠤᠯᠬᠤ ᠰᠢᠨ᠎ᠡ ᠵᠠᠭᠪᠤᠷ ᠢ ᠬᠡᠷᠡᠭᠯᠡᠨ᠂ ᠨᠢᠭᠡ ᠰᠠᠷ᠎ᠠ ᠵᠠᠭᠤᠨ ᠲᠦᠮᠡᠨ ᠬᠥᠮᠦᠨ᠂ ᠨᠢᠭᠡ ᠡᠳᠦᠷ ᠤᠨ | ᠠᠶᠠᠨᠴᠢᠳ ᠤᠨ ᠬᠡᠮᠵᠢᠶ᠎ᠡ 6.3 ᠲᠦᠮᠡᠨ ᠬᠥᠮᠦᠨ ᠤᠳᠠᠭ᠎ᠠ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠴᠦ᠂ | ᠲᠣᠰ ᠭᠠᠵᠠᠷ ᠤᠨ ᠬᠥᠮᠦᠨ ᠪᠠ ᠭᠠᠳᠠᠷ ᠣᠷᠣᠨ ᠤ ᠬᠥᠮᠦᠰ ᠲᠥᠪᠯᠡᠷᠡᠭᠰᠡᠨ ᠬᠤᠲᠠ ᠶᠢᠨ ᠰᠥᠨᠢ ᠶᠢᠨ ᠰᠣᠶᠣᠯ ᠪᠠ | ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠭᠠᠵᠠᠷ ᠤᠨ ᠲᠡᠮᠳᠡᠭ ᠢ ᠡᠭᠦᠳᠴᠦ᠂ ᠵᠢᠱᠢᠶ᠎ᠡ ᠦᠵᠡᠭᠦᠯᠵᠦ ᠬᠥᠲᠥᠯᠥᠨ | ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ᠂ ᠲᠦᠮᠡᠨ | ᠭᠠᠵᠠᠷ ᠤᠨ ᠴᠠᠢ ᠶᠢᠨ ᠵᠠᠮ ᠤᠨ ᠰᠣᠶᠣᠯ ᠤᠨ ᠵᠡᠭᠡᠯᠢ᠂ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ | ᠰᠣᠶᠣᠯ ᠤᠨ ᠥᠪ ᠤᠨ ᠣᠨᠴᠠᠯᠢᠭᠲᠤ ᠵᠡᠭᠡᠯᠢ ᠲᠣᠭᠤᠷᠢᠭ ᠢᠶᠠᠷ ᠦᠨᠡᠯᠡᠭᠳᠡᠪᠡ᠃ ᠠᠩᠬᠠᠳᠤᠭᠠᠷ ᠬᠤᠭᠤᠴᠠᠭᠠᠨ ᠤ | ᠡᠮᠦᠨᠡᠲᠦ ᠲᠠᠩᠭᠢᠰ ᠤᠨ ᠯᠤᠤᠲᠤ ᠣᠩᠭᠤᠴᠠᠨ ᠤ ᠤᠷᠤᠯᠳᠤᠭᠠᠨ᠂ ᠤᠳᠪᠠᠯᠠ ᠴᠡᠴᠡᠭ ᠤᠨ ᠦᠵᠡᠰᠬᠦᠯᠡᠩ ᠵᠡᠷᠭᠡ | ᠰᠢᠷᠢᠰ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠨᠠᠨ ᠬᠠᠢ | ᠦᠵᠡᠮᠵᠢ ᠶᠢᠨ ᠣᠷᠣᠨ ᠤ ᠡᠵᠡᠩᠨᠡᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠲᠦᠷᠭᠡᠨ ᠳᠡᠭᠡᠭᠰᠢᠯᠡᠭᠦᠯᠪᠡ᠃ ᠪᠦᠬᠦ | ᠲᠣᠭᠤᠷᠢᠭ ᠲᠤ ᠵᠤᠭᠠᠴᠠᠭᠰᠠᠳ ᠢ ᠨᠡᠶᠢᠲᠡ 297.25 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ | ᠬᠤᠭᠤᠴᠠᠭᠠᠨ ᠤ ᠬᠢ ᠠᠴᠠ 281.35% ᠪᠠᠷ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ | ᠣᠷᠣᠯᠭ᠎ᠠ ᠶᠢ 1.43 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 701% ᠪᠠᠷ | ᠨᠡᠮᠡᠭᠳᠡᠪᠡ᠃ | ᠲᠦᠷᠪᠡ ᠳᠤ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠭᠡᠭᠰᠢᠯᠡᠪᠡ | ᠃ ᠡᠯᠧᠺᠳ᠋ᠷᠣᠨ ᠬᠤᠳᠠᠯᠳᠤᠭᠠᠨ ᠤ ᠠᠵᠤ ᠦᠢᠯᠡᠰ ᠲᠦᠷᠭᠡᠨ ᠬᠥᠭᠵᠢᠵᠦ᠂ 1.51 ᠳ᠋ᠦᠩᠰᠢᠭᠤᠷ ᠲᠥᠭᠦᠷᠢᠭ ᠤᠨ | ᠪᠣᠷᠣᠯᠠᠭᠤᠯᠭ᠎ᠠ ᠶᠢ ᠪᠡᠶᠡᠯᠡᠭᠦᠯᠪᠡ᠃ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢᠨ ᠵᠠᠭᠪᠤᠷ ᠢ | ᠠᠪᠴᠤ᠂ ᠬᠤᠸᠠᠨ ᠰᠢ ᠵᠠᠬ᠎ᠠ ᠳᠡᠯᠭᠡᠭᠦᠷ᠂ ᠳ᠋ᠦᠩ ᠪᠠᠢ ᠬᠤᠳᠠᠯᠳᠤᠭᠠᠨ ᠤ ᠬᠤᠲᠠ ᠵᠡᠷᠭᠡ ᠰᠦᠯᠵᠢᠶᠡᠨ ᠭᠠᠳᠠᠨᠠᠬᠢ | ᠵᠠᠬ᠎ᠠ ᠳᠡᠯᠭᠡᠭᠦᠷ ᠤᠨ ᠠᠶᠠᠨᠴᠢᠳ ᠤᠨ ᠲᠤᠭ᠎ᠠ ᠦᠷᠭᠦᠯᠵᠢᠯᠡᠨ ᠨᠡᠮᠡᠭᠳᠡᠬᠦ ᠶᠢ ᠳᠠᠶᠢᠴᠢᠯᠠᠪᠠ᠃ ᠭᠠᠳᠠᠭᠰᠢ | ᠴᠢᠭᠯᠡᠭᠦᠯᠦᠭᠰᠡᠨ ᠠᠵᠤ ᠠᠬᠤᠶ ᠶᠢᠨ ᠬᠥᠭᠵᠢᠯᠲᠡ ᠶᠢᠨ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠵᠦ᠂ ᠯᠦ | ᠸᠠᠩ ᠢᠮᠠᠭᠠᠨ ᠨᠣᠯᠤᠤᠷ ᠮᠠᠨ ᠤ ᠤᠯᠤᠰ ᠤᠨ ᠭᠠᠳᠠᠭᠠᠳᠤ ᠳᠤ ᠭᠠᠷᠭᠠᠬᠤ ᠬᠡᠮᠵᠢᠶ᠎ᠡ ᠪᠠᠷ ᠬᠠᠮᠤᠭ ᠤᠨ ᠶᠡᠭᠡ ᠢᠮᠠᠭᠠᠨ | ᠨᠣᠯᠤᠤᠷ ᠡᠳ᠋ᠰᠢᠭᠦᠯᠬᠦ ᠠᠷᠠᠯᠵᠢᠶᠠᠨ ᠤ ᠠᠵᠤ ᠠᠬᠤᠶᠢᠯᠠᠯ ᠪᠣᠯᠵᠣ᠂ ᠠᠭᠠᠷ ᠠᠶᠠᠯᠠᠯ ᠤᠨ ᠪᠣᠭᠤᠮᠲᠠ ᠶᠢᠨ ᠭᠠᠳᠠᠭᠠᠳᠤ | ᠨᠡᠭᠡᠭᠡᠯᠲᠡ ᠤᠯᠤᠰ ᠤᠨ ᠰᠢᠯᠭᠠᠨ ᠠᠪᠬᠤ ᠶᠢ ᠥᠩᠭᠡᠷᠡᠭᠡᠪᠡ᠃ ᠲᠡᠮᠡᠭᠡ ᠠᠷᠢᠬᠢᠨ ᠦᠢᠯᠡᠰ ᠵᠡᠷᠭᠡ 3 ᠠᠵᠤ | ᠠᠬᠤᠶᠢᠯᠠᠯ ︽ᠳᠤᠮᠳᠠᠳᠤ ᠶᠢᠨ ᠬᠠᠭᠤᠴᠢᠨ ᠨᠡᠷᠡᠲᠦ ᠲᠡᠮᠳᠡᠭᠲᠦ︾ ᠪᠠᠷ ᠦᠨᠡᠯᠡᠭᠳᠡᠵᠦ᠂ ᠬᠤᠸᠠ ᠸᠧᠢ ᠠᠷᠢᠬᠢᠨ | ᠫᠦᠰᠡ ᠵᠡᠷᠭᠡ 3 ᠠᠵᠤ ᠠᠬᠤᠶᠢᠯᠠᠯ ︽ᠪᠤᠭᠤᠲᠤ ᠶᠢᠨ ᠬᠠᠭᠤᠴᠢᠨ ᠨᠡᠷᠡᠲᠦ ᠲᠡᠮᠳᠡᠭᠲᠦ︾ ᠪᠠᠷ ᠦᠨᠡᠯᠡᠭᠳᠡᠵᠦ᠂ ᠶᠢᠨ | ᠯᠦ ᠲᠣᠰᠤ ᠵᠡᠷᠭᠡ 3 ᠠᠵᠤ ᠠᠬᠤᠶᠢᠯᠠᠯ ︽ᠥᠪᠥᠷ ᠮᠣᠩᠭᠤᠯ ᠤᠨ ᠦᠨᠦᠷ ᠠᠮᠲᠠ︾ ᠶᠢᠨ ᠨᠡᠷᠡᠲᠦ ᠲᠡᠮᠳᠡᠭᠲᠦ ᠶᠢᠨ | ᠡᠷᠬᠡ ᠣᠯᠭᠤᠯᠲᠠ ᠶᠢ ᠬᠦᠷᠲᠡᠵᠡᠢ᠃ | ᠲᠠᠪᠤ ᠳᠤ ᠤᠳᠤ ᠦᠶ᠎ᠡ ᠶᠢᠨ ᠲᠠᠷᠢᠶᠠᠯᠠᠩ ᠤᠨ ᠤᠨᠠᠯᠲᠠ ᠶᠢ ᠲᠣᠭᠲᠠᠪᠤᠷᠢᠵᠢᠭᠤᠯᠤᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ 4300 ᠮᠥ ᠬᠠᠭᠤᠴᠢᠨ ᠬᠦᠯᠡᠮᠵᠢ ᠶᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ | ᠲᠥᠬᠦᠭᠡᠷᠦᠮᠵᠢᠲᠦ ᠲᠠᠷᠢᠶᠠᠯᠠᠩ ᠤᠨ ᠲᠠᠯᠠᠪᠠᠶ 3.56 ᠲᠦᠮᠡᠨ ᠮᠥ ᠳᠤ ᠬᠦᠷᠴᠦ᠂ ᠪᠥᠬᠦ ᠬᠤᠲᠠ ᠶᠢᠨ 38.3% ᠶᠢ | ᠡᠵᠡᠯᠡᠨ᠎ᠡ᠃ ᠵᠢᠮᠢᠰ ᠢᠳᠡᠰᠢᠨ ᠨᠣᠭᠤᠭ᠎ᠠ ᠶᠢᠨ ᠴᠢᠬᠢ ᠪᠤᠶᠢᠵᠢᠭᠤᠯᠬᠤ ᠴᠢᠳᠠᠪᠤᠷᠢ᠂ ᠢᠳᠡᠰᠢᠨ ᠨᠣᠭᠤᠭ᠎ᠠ ᠶᠢᠨ | ᠵᠢᠯ ᠤᠨ ᠭᠠᠷᠤᠯᠲᠠ 2.5 ᠳ᠋ᠦᠩᠰᠢᠭᠤᠷ ᠰᠠᠭᠤᠷᠢ᠂ 48 ᠲᠦᠮᠡᠨ ᠲᠣᠨ ᠢ ᠳᠠᠪᠠᠵᠤ᠂ ᠲᠣᠰ ᠲᠣᠰ ᠪᠥᠬᠦ | ᠬᠤᠲᠠ ᠶᠢᠨ 38%᠂ 41.7% ᠶᠢ ᠡᠵᠡᠯᠡᠪᠡ᠃ ︽ᠬᠤᠶᠠᠷ ᠪᠦᠲᠦᠭᠡᠭᠳᠡᠬᠦᠨ ᠨᠢᠭᠡ ᠪᠠᠷᠢᠮᠵᠢᠶ᠎ᠠ︾ ᠶᠢ 2 | ᠨᠡᠮᠡᠭᠳᠡᠭᠦᠯᠵᠦ᠂ ᠶᠡᠷᠦᠩᠬᠡᠶ ᠬᠡᠮᠵᠢᠶ᠎ᠡ 42 ᠪᠣᠯᠵᠤ᠂ ᠪᠥᠬᠦ ᠬᠤᠲᠠ ᠶᠢᠨ 27% ᠶᠢ ᠡᠵᠡᠯᠡᠨ᠎ᠡ᠃ ︽ᠳ᠋ᠦᠩ ᠾᠧ | ᠲᠥᠪᠡᠳ ᠬᠠᠰᠢ︾᠂ ︽ᠱᠢ ᠳ᠋ᠡ ᠭᠦ᠋ ᠲᠠᠷᠪᠤᠰ︾ ᠨᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ | ᠲᠠᠷᠢᠶᠠᠯᠠᠩ ᠤᠨ ᠪᠦᠲᠦᠭᠡᠭᠳᠡᠬᠦᠨ ᠢᠶᠠᠷ ᠦᠨᠡᠯᠡᠭᠳᠡᠪᠡ᠃ ᠪᠧᠢ ᠴᠧᠨ ᠲᠡᠵᠢᠭᠡᠯ ᠪᠣᠷᠳᠤᠭ᠎ᠠ ᠵᠠᠬ᠎ᠠ ᠳᠡᠯᠭᠡᠭᠦᠷ ᠲᠤ | ᠭᠠᠷᠬᠤ ᠶᠢ ᠬᠠᠪᠰᠤᠷᠤᠨ ᠵᠢᠯᠣᠭᠤᠳᠬᠤ ᠬᠤᠭᠤᠴᠠᠭᠠᠨ ᠳᠤ ᠣᠷᠤᠵᠤ᠂ ᠹᠦ᠋ ᠵᠧᠩ ᠲᠡᠵᠢᠭᠡᠯ ᠪᠣᠷᠳᠤᠭ᠎ᠠ ᠥᠪᠡᠷᠲᠡᠭᠡᠨ | ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠬᠥᠲᠥᠴᠢ ᠠᠵᠤ | ᠠᠬᠤᠶᠢᠯᠠᠯ ᠪᠣᠯᠵᠣ᠂ ᠪᠥᠬᠦ ᠲᠣᠭᠤᠷᠢᠭ ᠤᠨ ᠬᠤᠲᠠ ᠶᠢᠨ ᠲᠠᠰ ᠠᠴᠠ ᠳᠡᠭᠡᠭᠰᠢᠬᠢ 23 ᠲᠠᠷᠢᠶᠠᠯᠠᠩ ᠮᠠᠯ ᠠᠵᠤ | ᠠᠬᠤᠶ ᠶᠢᠨ ᠬᠥᠲᠥᠴᠢ ᠠᠵᠤ ᠠᠬᠤᠶᠢᠯᠠᠯ ᠤᠨ ᠵᠢᠯ ᠤᠨ ᠪᠣᠷᠣᠯᠠᠭᠤᠯᠤᠯᠲᠠ ᠶᠢᠨ ᠨᠣᠷᠮ᠎ᠠ ᠶᠢ 27.8 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠪᠡ᠃ ᠷᠦᠨ ᠽᠧ ᠶᠤᠸᠠᠨ | ᠬᠤᠷᠰᠢᠶ᠎ᠠ ᠤᠯᠤᠰ ᠤᠨ ᠲᠠᠷᠢᠶᠠᠴᠢᠨ ᠤ ᠬᠤᠷᠰᠢᠭᠰᠠᠨ ᠵᠢᠱᠢᠶ᠎ᠡ ᠦᠵᠡᠭᠦᠯᠬᠦ ᠬᠤᠷᠰᠢᠶ᠎ᠠ ᠪᠠᠷ ᠦᠨᠡᠯᠡᠭᠳᠡᠵᠦ᠂ ᠲᠢᠶᠠᠨ | ᠾᠧ ᠲᠠᠷᠢᠶᠠᠯᠠᠩ ᠪᠦᠬᠦ ᠤᠯᠤᠰ ᠤᠨ ᠤᠰᠤᠨ ᠭᠠᠷᠤᠯᠲᠠ ᠶᠢᠨ ᠪᠣᠬᠢᠷᠲᠤᠯ ᠦᠭᠡᠢ ᠡᠷᠡᠭᠦᠯ ᠢᠶᠠᠷ ᠲᠡᠵᠢᠭᠡᠨ | ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠬᠦ ︽ᠲᠠᠪᠤᠨ ᠶᠡᠭᠡ ᠠᠵᠢᠯᠯᠠᠭ᠎ᠠ︾ ᠶᠢᠨ ᠭᠤᠣᠯᠯᠠᠭᠴᠢ ᠰᠠᠭᠤᠷᠢᠨ ᠭᠠᠵᠠᠷ ᠢᠶᠠᠷ | ᠦᠨᠡᠯᠡᠭᠳᠡᠪᠡ᠃ | ᠵᠢᠷᠭᠤᠭ᠎ᠠ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯ ᠢ ᠲᠠᠰᠤᠷᠠᠯᠲᠠ ᠦᠭᠡᠢ | ᠭᠦᠨᠵᠡᠭᠡᠶᠢᠷᠡᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ︽ᠬᠤᠶᠠᠷ ᠰᠢᠯᠢᠳᠡᠭ︾ ᠤᠨ ᠲᠤᠰᠬᠠᠶ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ | ᠮᠠᠲ᠋ᠧᠷᠢᠶᠠᠯ ᠢ ᠴᠣᠮᠬᠠᠳᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠶᠢ | ᠳᠥᠭᠦᠮᠴᠢᠯᠡᠬᠦ ᠶᠢ ᠲᠣᠰ ᠲᠣᠰ 35.7%᠂ 85.7%᠂ 36.8% ᠳᠤ ᠬᠦᠷᠦᠭᠦᠯᠦᠨ᠎ᠡ᠃ ᠠᠵᠤ | ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠳᠠᠩᠰᠠᠯᠠᠭᠤᠯᠬᠤ ᠴᠠᠭ ᠤᠨ ᠬᠢᠵᠠᠭᠠᠷ ᠪᠠ ᠵᠠᠰᠠᠭ ᠤᠨ | ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢ ᠬᠢᠨᠠᠨ | ᠵᠥᠪᠰᠢᠶᠡᠷᠡᠬᠦ ᠴᠠᠭ ᠤᠨ ᠬᠢᠵᠠᠭᠠᠷ ᠢ ᠪᠦᠬᠦᠨ ᠢ 1 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠲᠣᠰ ᠲᠣᠰ ᠳᠡᠭᠡᠷ᠎ᠡ | ᠵᠢᠯ ᠤᠨ ᠬᠢ ᠠᠴᠠ 9 ᠡᠳᠦᠷ ᠪᠠ 19 ᠡᠳᠦᠷ ᠪᠠᠭᠠᠰᠪᠠ᠃ 14 ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠥᠷᠲᠡᠭᠡ ᠴᠡᠭ ᠨᠢ ᠪᠥᠬᠦ ᠶᠠᠪᠤᠴᠠ ᠪᠠᠷ ᠬᠠᠪᠰᠤᠷᠤᠨ ᠭᠦᠢᠴᠡᠳᠬᠡᠬᠦ ᠪᠠ ᠣᠷᠣᠯᠠᠨ | ᠭᠦᠢᠴᠡᠳᠬᠡᠬᠦ ᠶᠢ ᠪᠡᠶᠡᠯᠡᠭᠦᠯᠵᠦ᠂ ︽ᠣᠶᠢᠷ᠎ᠠ ᠬᠠᠪᠢ ᠳᠤᠨᠢ ᠭᠦᠢᠴᠡᠳᠬᠡᠵᠦ᠂ ᠳᠠᠷᠦ᠋ᠢᠬᠠᠨ ᠭᠦᠢᠴᠡᠳᠬᠡᠵᠦ᠂ ᠨᠢᠭᠡ | ᠯᠡ ᠤᠳᠠᠭ᠎ᠠ ᠳᠤ ᠭᠦᠢᠴᠡᠳᠬᠡᠬᠦ︾ ᠶᠢ ᠣᠯᠠᠨ ᠲᠦᠮᠡᠨ ᠳᠤ ᠮᠡᠳᠡᠷᠡᠭᠦᠯᠪᠡ᠃ ᠰᠢᠨ᠎ᠡ ᠪᠠᠷ ᠨᠡᠮᠡᠭᠳᠡᠭᠰᠡᠨ ᠵᠠᠬ᠎ᠠ | ᠳᠡᠯᠭᠡᠭᠦᠷ ᠤᠨ ᠭᠤᠣᠯ ᠴᠣᠭᠴᠠ 5476 ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 29.62% | ᠨᠡᠮᠡᠭᠳᠡᠵᠦ᠂ 4.3 ᠲᠦᠮᠡᠨ ᠡᠷᠦᠬᠡ ᠳᠤ ᠬᠦᠷᠴᠦ᠂ ᠡᠭᠦᠨ ᠳᠤ 1.1 ᠲᠦᠮᠡᠨ ᠠᠵᠤ ᠠᠬᠤᠶᠢᠯᠠᠯ ᠪᠣᠶ᠃ ᠪᠦᠬᠦ | ᠨᠡᠶᠢᠭᠡᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠣᠷᠣᠭᠤᠯᠤᠯᠲᠠ 4.9 ᠳ᠋ᠦᠩᠰᠢᠭᠤᠷ ᠲᠥᠭᠦᠷᠢᠭ᠂ ᠠᠳᠠᠯᠢ | ᠬᠤᠭᠤᠴᠠᠭᠠᠨ ᠤ ᠬᠢ ᠠᠴᠠ 13.4% ᠨᠡᠮᠡᠭᠳᠡᠪᠡ᠃ ᠱᠧᠨ ᠳ᠋ᠠ ᠮᠠᠰᠢᠨ ᠮᠧᠬᠠᠨᠢᠭ᠂ ᠱᠠᠨ ᠴᠤᠸᠠᠨ ᠱᠧᠩ ᠶᠠᠩ | ᠵᠡᠷᠭᠡ 21 ᠠᠵᠤ ᠠᠬᠤᠶᠢᠯᠠᠯ ᠤᠯᠤᠰ ᠤᠨ ᠲᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠪᠠᠭ᠎ᠠ ᠠᠵᠤ ᠠᠬᠤᠶᠢᠯᠠᠯ ᠢᠶᠠᠷ ᠵᠥᠪᠰᠢᠶᠡᠷᠡᠭᠳᠡᠵᠦ᠂ ᠠᠳᠠᠯᠢ ᠬᠤᠭᠤᠴᠠᠭᠠᠨ ᠤ ᠬᠢ ᠠᠴᠠ 122 % ᠢᠶᠠᠷ ᠨᠡᠮᠡᠭᠳᠡᠪᠡ᠃ | ᠸᠠᠨ ᠯᠢ ᠮᠠᠰᠢᠨ ᠮᠧᠬᠠᠨᠢᠭ᠂ ᠹᠦ᠋ ᠬᠤᠸᠠ ᠬᠦᠴᠢᠯᠲᠥ᠋ᠷᠥᠭᠴᠢ ᠵᠡᠷᠭᠡ 20 ᠠᠵᠤ ᠠᠬᠤᠶᠢᠯᠠᠯ ᠤᠯᠤᠰ ᠤᠨ ᠲᠠᠰ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠵᠥᠪᠰᠢᠶᠡᠷᠡᠭᠳᠡᠵᠦ᠂ ᠠᠳᠠᠯᠢ ᠬᠤᠭᠤᠴᠠᠭᠠᠨ ᠤ ᠬᠢ ᠠᠴᠠ | 11% ᠨᠡᠮᠡᠭᠳᠡᠪᠡ᠃ ᠪᠤᠭᠤᠲᠤ ᠶᠢᠨ ᠬᠥᠩᠭᠡᠨ ᠴᠠᠭᠠᠨ ᠤ ᠦᠢᠯᠡᠰ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠭᠥᠷᠳᠡᠵᠦ᠂ ᠪᠤᠭᠤᠲᠤ ᠶᠢᠨ ᠬᠥᠩᠭᠡᠨ ᠴᠠᠭᠠᠨ ᠤ ᠴᠡᠪᠡᠷ ᠬᠥᠩᠭᠡᠨ | ᠴᠠᠭᠠᠨ ᠤ ᠰᠤᠳᠤᠯᠭᠠᠨ ᠤ ᠭᠠᠵᠠᠷ ᠫᠠᠶᠢᠰᠠ ᠡᠯᠭᠦᠵᠦ᠂ ᠾᠦᠢ ᠽᠧ ᠬᠥᠩᠭᠡᠨ ᠴᠠᠭᠠᠨ ᠤ ᠦᠢᠯᠡᠰ᠂ ᠯᠦ ᠸᠠᠩ | ᠢᠮᠠᠭᠠᠨ ᠨᠣᠯᠤᠤᠷ ᠲᠣᠰ ᠲᠣᠰ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠦᠢᠯᠡᠳᠪᠦᠷᠢ᠂ ᠪᠣᠬᠢᠷᠲᠤᠯ | ᠥᠬᠡᠶ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠢᠶᠠᠷ ᠦᠨᠡᠯᠡᠭᠳᠡᠵᠦ᠂ ᠶᠢᠨ ᠯᠦ ᠲᠣᠰᠣ ᠵᠡᠷᠭᠡ 14 ᠠᠵᠤ | ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠬᠤᠪᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠦᠨ ᠵᠢᠯᠣᠭᠤᠳᠴᠤ ᠱᠠᠩᠨᠠᠬᠤ | ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠲᠥᠷᠥᠯ ᠵᠦᠢᠯ ᠤᠨ ᠳᠡᠮᠵᠢᠯᠭᠡ ᠶᠢ ᠭᠥᠷᠳᠡᠪᠡ᠃ 45 | ᠡᠷᠦᠬᠡ ᠭᠤᠣᠯᠳᠠᠯᠭ᠎ᠠ ᠲᠠᠢ ᠠᠵᠤ ᠠᠬᠤᠶᠢᠯᠠᠯ ᠳᠤ ︽ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾ | ᠶᠢᠨ ᠦᠢᠯᠡᠴᠢᠯᠡᠭᠡ ᠶᠢ ᠬᠡᠷᠡᠭᠵᠢᠭᠦᠯᠵᠦ᠂ ᠨᠢᠭᠡ ᠪᠦᠯᠦᠭ ᠮᠡᠷᠭᠡᠵᠢᠯ ᠤᠨ ᠪᠣᠭᠤᠮᠲᠠ ᠰᠢᠪᠲᠤᠯᠬᠤ ᠪᠠ ᠠᠵᠤ | ᠦᠢᠯᠡᠰᠵᠢᠯᠲᠡ ᠶᠢᠨ ᠬᠡᠷᠡᠭᠯᠡᠭᠡᠨ ᠤ ᠦᠷ᠎ᠡ ᠪᠦᠲᠦᠭᠡᠯ ᠢ ᠣᠯᠪᠠ᠃ | ᠳᠣᠯᠤᠭ᠎ᠠ ᠳᠤ ᠬᠤᠲᠠ ᠬᠥᠳᠡᠭᠡ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠬᠤᠲᠠ ᠶᠢᠨ | ᠲᠣᠭᠤᠷᠢᠭ ᠤᠨ ᠣᠷᠴᠢᠨ ᠲᠣᠭᠤᠷᠢᠨ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠶ ᠪᠣᠯᠪᠠ᠃ ᠥᠪᠡᠷᠲᠡᠭᠡᠨ | ᠵᠠᠰᠠᠬᠤ ᠣᠷᠣᠨ ᠳᠤ ᠬᠠᠮᠤᠭ ᠤᠨ ᠲᠡᠷᠢᠭᠦᠨ ᠳᠤ ᠬᠤᠲᠠ ᠶᠢᠨ ᠣᠷᠭᠠᠨᠢᠭ ᠰᠢᠨᠡᠴᠢᠯᠡᠯᠲᠡ ᠶᠢ ᠡᠬᠢᠯᠡᠭᠦᠯᠵᠦ᠂ ᠾᠧ | ᠫᠢᠩ ᠵᠠᠮ᠂ ᠨᠠᠨ ᠭᠧ ᠳ᠋ᠦᠩ᠂ ᠲᠢᠶᠧ ᠰᠢ 3 ᠬᠡᠰᠡᠭ ᠲᠣᠭᠤᠷᠢᠭ ᠤᠨ ᠲᠥᠷᠥᠯ ᠵᠦᠢᠯ ᠢ ᠯᠠᠪᠳᠠᠭᠤᠨ ᠪᠠᠲᠤᠲᠠᠶ | ᠠᠬᠢᠭᠤᠯᠵᠤ᠂ 8 ᠲᠡᠷᠭᠡᠨ ᠵᠣᠭᠰᠣᠭᠠᠯ᠂ 386 ᠴᠠᠬᠢᠯᠭᠠᠨ ᠴᠡᠨᠡᠭᠯᠡᠬᠦ ᠪᠠᠭᠠᠨ᠎ᠠ ᠶᠢ ᠰᠢᠨ᠎ᠡ ᠪᠠᠷ ᠪᠠᠶᠢᠭᠤᠯᠬᠤ ᠪᠠ | ᠨᠠᠷᠢᠯᠢᠭᠵᠢᠭᠤᠯᠤᠨ ᠰᠡᠭᠦᠯ ᠬᠤᠷᠢᠶᠠᠬᠤ ᠬᠠᠭᠤᠴᠢᠨ ᠰᠠᠭᠤᠭᠠᠯᠢ ᠲᠣᠭᠤᠷᠢᠭ ᠤᠨ 121᠂ 101 ᠲᠦᠮᠡᠨ ᠲᠡᠭᠰᠢ | ᠳᠥᠷᠪᠡᠯᠵᠢᠨ ᠮᠧᠲᠷ ᠥᠭᠡᠷᠡᠴᠢᠯᠡᠯᠲᠡ ᠶᠢ ᠪᠡᠶᠡᠯᠡᠭᠦᠯᠵᠦ᠂ ᠨᠡᠶᠢᠲᠡ 356᠂ 700 ᠲᠦᠮᠡᠨ ᠲᠡᠭᠰᠢ ᠳᠥᠷᠪᠡᠯᠵᠢᠨ | ᠮᠧᠲᠷ ᠣᠷᠴᠢᠮ ᠢ ᠥᠭᠡᠷᠡᠴᠢᠯᠡᠨ ᠵᠠᠰᠠᠵᠤ᠂ ᠥᠭᠡᠷᠡᠴᠢᠯᠡᠨ ᠪᠠᠶᠢᠭᠤᠯᠤᠭᠰᠠᠨ ᠲᠤᠭ᠎ᠠ ᠬᠡᠮᠵᠢᠶ᠎ᠡ ᠪᠠ ᠲᠠᠯᠠᠪᠠᠢ ᠲᠣᠰ | ᠲᠣᠰ 83.3% ᠪᠠ 84.6% ᠳᠤ ᠬᠦᠷᠪᠡ᠃ ᠳ᠋ᠦᠩ ᠾᠧ ᠲᠣᠰᠬᠤᠨ ᠤ ᠡᠮᠦᠨ᠎ᠡ ᠵᠠᠮ ᠵᠡᠷᠭᠡ 6 ᠵᠤᠷᠪᠤᠰ ︽ | ᠮᠤᠬᠤᠷ ᠵᠠᠮ︾ ᠢ ᠨᠡᠪᠲᠡᠷᠡᠭᠦᠯᠵᠦ᠂ ᠵᠦᠩ ᠱᠢ ᠵᠡᠭᠡᠯᠢ ᠵᠡᠷᠭᠡ 3 ᠵᠤᠷᠪᠤᠰ ᠵᠠᠮ ᠢ ᠥᠭᠡᠷᠡᠴᠢᠯᠡᠵᠦ᠂ 4500 ᠲᠡᠭᠰᠢ | ᠳᠥᠷᠪᠡᠯᠵᠢᠨ ᠮᠧᠲᠷ ᠵᠠᠮ ᠢ ᠰᠡᠯᠪᠢᠨ ᠵᠠᠰᠠᠵᠤ᠂ ᠬᠠᠷᠮᠠᠨ ᠴᠡᠴᠡᠷᠯᠢᠭ᠂ ᠵᠢᠵᠢᠭ ᠪᠢᠴᠢᠯ ᠦᠵᠡᠮᠵᠢ ᠶᠢ 10 | ᠰᠢᠨ᠎ᠡ ᠪᠠᠷ ᠪᠠᠶᠢᠭᠤᠯᠵᠤ᠂ 6.1 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠨ ᠭᠠᠵᠠᠷ ᠤᠨ ᠲᠠᠯᠠᠪᠠᠢ ᠶᠢ | ᠰᠢᠨ᠎ᠡ ᠪᠠᠷ ᠨᠡᠮᠡᠭᠳᠡᠭᠦᠯᠪᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠬ᠎ᠠ ᠳᠡᠯᠭᠡᠭᠦᠷᠴᠢᠯᠡᠭᠰᠡᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠬᠤᠲᠠ ᠳᠤ ᠤᠷᠢᠳᠠᠪᠠᠷ ᠠᠭᠤᠳᠠᠮ ᠲᠠᠯᠠᠪᠠᠶ᠂ | ᠴᠡᠴᠡᠷᠯᠢᠭ᠂ ᠬᠤᠲᠠ ᠶᠢᠨ ᠲᠣᠭᠤᠷᠢᠭ ᠤᠨ ᠭᠤᠤᠯ ᠤᠨ ᠵᠠᠮ ᠢ ᠬᠠᠮᠲᠤ ᠳᠤᠨᠢ ᠣᠷᠣᠭᠤᠯᠵᠤ᠂ ᠬᠤᠲᠠ ᠶᠢᠨ ᠠᠷᠢᠭᠤᠨ | ᠴᠡᠪᠡᠷ ᠤᠨ ᠬᠡᠮᠵᠢᠶ᠎ᠡ ᠪᠠ ᠡᠳᠦᠷ ᠲᠤᠲᠤᠮ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠶ | ᠳᠡᠭᠡᠭᠰᠢᠯᠡᠭᠦᠯᠬᠦ ᠶᠢᠨ ᠬᠠᠮᠲᠤ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠥᠷᠢᠲᠦᠵᠦ ᠪᠠᠶᠢᠭᠰᠠᠨ ᠲᠡᠤᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠭᠰᠡᠨ ᠮᠥᠷᠲᠡᠭᠡᠨ ᠪᠠᠰᠠ ᠬᠠᠮᠢᠶᠠᠷᠤᠯᠲᠠ ᠶᠢᠨ ᠥᠪᠡᠷ ᠤᠨ | ᠥᠷᠲᠡᠭ ᠢ ᠪᠠᠭᠤᠷᠠᠭᠤᠯᠤᠭᠰᠠᠨ ᠪᠠᠶᠢᠨ᠎ᠠ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠵᠢᠱᠢᠶ᠎ᠡ | ᠦᠵᠡᠭᠦᠯᠬᠦ 8 ᠵᠡᠭᠡᠯᠢ ᠶᠢ ᠪᠣᠶ ᠪᠣᠯᠭᠠᠵᠤ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠥᠷᠯᠥᠭᠡ ᠶᠢᠨ 8 | ᠵᠠᠬ᠎ᠠ ᠳᠡᠯᠭᠡᠭᠦᠷ ᠢ ᠲᠠᠰ ᠳᠡᠪᠰᠢᠭᠦᠯᠵᠦ᠂ ᠳᠤᠷ᠎ᠠ ᠪᠠᠷ ᠢᠶᠠᠨ 7000 ᠭᠠᠷᠤᠶ ᠲᠡᠭᠰᠢ ᠳᠥᠷᠪᠡᠯᠵᠢᠨ ᠮᠧᠲᠷ ᠪᠥᠲᠥᠭᠡᠨ | ᠪᠠᠶᠢᠭᠤᠯᠪᠠ᠃ ᠾᠧ ᠮᠧᠢ ᠬᠥᠳᠡᠭᠡ ᠲᠣᠰᠬᠤᠨ ᠯᠠᠪᠳᠠᠭᠤᠨ ᠪᠠᠲᠤᠲᠠᠢ ᠠᠬᠢᠪᠠ᠃ 21 ᠵᠠᠰᠠᠭ ᠵᠠᠬᠢᠷᠭᠠᠨ ᠤ | ᠲᠣᠰᠬᠤᠨ ᠤ ᠲᠥᠯᠥᠪᠵᠢᠭᠦᠯᠭᠡ ᠶᠢ ᠪᠦᠬᠦᠨ ᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ ᠠᠮᠢᠳᠤᠷᠠᠯ ᠤᠨ ᠬᠤᠭ | ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠤᠨ ᠪᠦᠷᠬᠦᠴᠡ ᠶᠢᠨ ᠨᠣᠷᠮ᠎ᠠ ᠶᠢ 100% ᠳᠤ | ᠬᠦᠷᠭᠡᠪᠡ᠃ ᠴᠧᠦ ᠱᠦᠢ ᠵᠢᠩ ᠲᠣᠰᠬᠤᠨ ᠵᠡᠷᠭᠡ 5 ᠲᠣᠰᠬᠤᠨ ᠤ ᠪᠣᠬᠢᠷ ᠤᠰᠤᠨ ᠤ ᠬᠤᠭᠤᠯᠠᠢ ᠶᠢᠨ ᠲᠣᠣᠷ ᠤᠨ | ᠥᠭᠡᠷᠡᠴᠢᠯᠡᠯᠲᠡ ᠶᠢ ᠬᠡᠷᠡᠭᠵᠢᠭᠦᠯᠵᠦ᠂ ᠱᠢ ᠳ᠋ᠡ ᠭᠦ᠋ ᠲᠣᠰᠬᠤᠨ ᠤ ᠤᠰᠤ ᠪᠠᠷ ᠡᠷᠦᠬᠡ ᠶᠢᠨ ᠵᠣᠷᠯᠣᠩ ᠢ | ᠥᠭᠡᠷᠡᠴᠢᠯᠡᠬᠦ ᠶᠢ ᠪᠡᠶᠡᠯᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ᠂ ᠲᠠᠷᠢᠶᠠᠯᠠᠩ ᠤᠨ ᠠᠵᠤ | ᠦᠢᠯᠡᠰ᠂ ᠠᠶᠤᠯᠭᠦᠢ ᠤᠤᠭᠤᠬᠤ ᠤᠰᠤ᠂ ᠵᠢᠱᠢᠶ᠎ᠡ ᠦᠵᠡᠭᠦᠯᠬᠦ ᠲᠣᠰᠬᠤᠨ ᠤ ᠪᠦᠳᠦᠭᠡᠨ ᠪᠠᠶᠢᠭᠤᠯᠤᠯᠲᠠ ᠵᠡᠷᠭᠡ 16 | ᠲᠦᠷᠦᠯ ᠵᠦᠢᠯ ᠢ ᠪᠡᠶᠡᠯᠡᠭᠦᠯᠪᠡ᠃ 200 ᠲᠦᠮᠡᠨ ᠲᠡᠭᠰᠢ ᠳᠥᠷᠪᠡᠯᠵᠢᠨ ᠮᠧᠲᠷ ᠢ ᠬᠠᠮᠤᠷᠬᠤ᠂ ᠲᠣᠰᠬᠤᠨ ᠤ | ᠠᠷᠠᠳ ᠲᠤ ᠠᠰᠢᠭ ᠬᠦᠷᠲᠡᠭᠡᠬᠦ 2.4 ᠲᠦᠮᠡᠨ ᠡᠷᠦᠬᠡ ᠶᠢᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ | ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠸᠠᠩ ᠳ᠋ᠠ ᠬᠠᠨ ᠲᠣᠰᠬᠤᠨ᠂ ᠠᠳᠤᠭᠤᠴᠢᠨ ᠲᠣᠰᠬᠤᠨ ᠲᠤᠰ | ᠲᠤᠰ ᠤᠯᠤᠰ ᠤᠨ ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ᠂ | ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠰᠣᠩᠭᠤᠭᠳᠠᠵᠤ᠂ ᠱᠢ ᠳ᠋ᠠ ᠭᠦ᠋ | ᠲᠣᠰᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠪᠦᠬᠦ ᠤᠯᠤᠰ ᠤᠨ ᠬᠥᠳᠡᠭᠡ ᠲᠣᠰᠬᠤᠨ ᠤ | ᠨᠡᠶᠢᠲᠡᠯᠢᠭ ᠬᠡᠷᠡᠭ ᠤᠨ ᠵᠢᠱᠢᠶ᠎ᠡ︾ ᠪᠠᠷ ᠰᠣᠩᠭᠤᠭᠳᠠᠵᠤ᠂ 4 ᠵᠢᠱᠢᠶ᠎ᠡ ᠥᠪᠡᠷᠲᠡᠭᠡᠨ ᠵᠠᠰᠠᠬᠤ ᠣᠷᠣᠨ ᠤ ᠬᠡᠪ | ᠵᠠᠩᠰᠢᠯ ᠢ ᠥᠭᠡᠷᠡᠴᠢᠯᠡᠭᠰᠡᠨ ᠰᠢᠯᠢᠳᠡᠭ ᠨᠡᠶᠢᠲᠡᠯᠢᠭ ᠵᠢᠱᠢᠶ᠎ᠡ ᠪᠠᠷ ᠰᠣᠩᠭᠤᠭᠳᠠᠵᠤ᠂ ᠪᠦᠬᠦ ᠲᠣᠭᠤᠷᠢᠭ ᠤᠨ | ᠲᠣᠰᠬᠤᠨ ᠤ ᠬᠠᠮᠲᠤ ᠶᠢᠨ ᠠᠵᠤ ᠠᠬᠤᠢ ᠶᠢᠨ ᠶᠡᠷᠦᠩᠬᠡᠢ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ | 28% ᠪᠠᠷ ᠨᠡᠮᠡᠭᠳᠡᠵᠦ᠂ ᠪᠤᠢ ᠪᠦᠬᠦᠢ ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ | ᠣᠷᠣᠯᠭ᠎ᠠ 25 ᠲᠦᠮᠡᠨ ᠲᠥᠭᠦᠷᠢᠭ ᠢ ᠳᠠᠪᠠᠵᠠᠢ᠃ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ | ᠦᠷᠭᠦᠯᠵᠢᠯᠡᠨ ᠰᠠᠶᠢᠵᠢᠷᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠲᠦᠯᠬᠢᠨ ᠠᠬᠢᠭᠤᠯᠵᠤ᠂ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠵᠢᠷᠭᠤᠭᠠᠨ ᠵᠦᠢᠯ ᠤᠨ ᠭᠦᠢᠴᠡᠳᠬᠡᠬᠦ | ᠲᠤᠭ᠎ᠠ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠦᠭᠦᠯᠵᠦ᠂ PM2.5᠂ PM 10᠂ ᠶᠡᠷᠦᠩᠬᠡᠶᠢᠯᠡᠭᠰᠡᠨ | ᠵᠢᠭᠠᠯᠲᠠ ᠲᠤᠭ᠎ᠠ ᠶᠢ ᠲᠣᠰ ᠲᠣᠰ 35.6%᠂ 18.1%᠂ 18% ᠪᠠᠷ ᠪᠠᠭᠤᠷᠠᠭᠤᠯᠪᠠ᠃ ᠬᠥᠷᠥᠰᠥ | ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠨᠣᠭᠤᠭᠠᠷᠠᠭᠤᠯᠵᠤ | ᠣᠶᠢᠵᠢᠭᠤᠯᠬᠤ ᠲᠠᠯᠠᠪᠠᠶ ᠶᠢ ᠰᠢᠨ᠎ᠡ ᠪᠠᠷ 2100 ᠮᠥ ᠨᠡᠮᠡᠭᠳᠡᠭᠦᠯᠵᠦ᠂ 1 ᠲᠦᠮᠡᠨ ᠮᠥ ᠣᠶ ᠰᠢᠭᠤᠶ ᠶᠢ ᠠᠷᠠᠴᠢᠯᠠᠨ | ᠪᠤᠶᠢᠵᠢᠭᠤᠯᠵᠤ᠂ 8750 ᠮᠥ ᠤᠷᠭᠤᠮᠠᠯ ᠤᠨ ᠪᠦᠷᠬᠦᠴᠡ ᠶᠢ ᠰᠡᠷᠭᠦᠭᠡᠪᠡ᠃ ᠰᠧᠨ ᠳ᠋ᠦ᠋ ᠨᠡᠬᠦᠷᠡᠰᠦᠳᠦ᠋ᠷᠦᠭᠴᠢᠳᠤ | ᠡᠳ᠋᠂ ᠢ ᠵᠢᠶᠠᠩ ᠬᠦᠩᠬᠡᠨᠴᠠᠭᠠᠨ ᠤ ᠦᠢᠯᠡᠰ ᠵᠡᠷᠭᠡ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳᠤᠭ᠎ᠠ ᠬᠡᠢ ᠶᠢ | ᠵᠠᠰᠠᠬᠤ ᠠᠵᠢᠯ ᠢ ᠪᠡᠶᠡᠯᠡᠭᠦᠯᠵᠦ᠂ ᠡᠬᠢ ᠡᠭᠦᠰᠦᠯ ᠠᠴᠠ ᠨᠢ ᠵᠠᠰᠠᠬᠤ ᠬᠢᠷᠢ ᠲᠦᠪᠰᠢᠨ ᠲᠠᠰᠤᠷᠠᠯᠲᠠ ᠦᠭᠡᠢ | ᠳᠡᠭᠡᠭᠰᠢᠯᠡᠪᠡ᠃ ᠬᠤᠲᠠ ᠶᠢᠨ ᠲᠣᠭᠤᠷᠢᠭ ᠤᠨ ᠪᠣᠷᠣᠭᠠᠨ ᠤ ᠪᠠ ᠪᠣᠬᠢᠷᠲᠤᠯ ᠢ ᠬᠤᠯᠢᠯᠳᠤᠭᠤᠯᠤᠨ ᠵᠠᠰᠠᠬᠤ ᠶᠢ | ᠪᠡᠶᠡᠯᠡᠭᠦᠯᠵᠦ᠂ ᠨᠠᠨ ᠬᠠᠢ ᠨᠠᠭᠤᠷ ᠤᠨ ᠤᠰᠤᠨ ᠴᠣᠭᠴᠠ ᠶᠢ ᠵᠠᠰᠠᠬᠤ ᠪᠠ ᠠᠮᠢ ᠠᠬᠤᠶ ᠶᠢ ᠰᠡᠷᠭᠦᠭᠡᠬᠦ ᠲᠥᠷᠥᠯ | ᠵᠦᠢᠯ ᠢ ᠠᠰᠢᠭᠯᠠᠯᠲᠠ ᠳᠤ ᠣᠷᠣᠭᠤᠯᠪᠠ᠃ | ᠨᠢᠭᠡ ᠵᠢᠯ ᠤᠨ ᠲᠤᠷᠰᠢ᠂ ᠪᠢᠳᠡ ᠮᠠᠰᠢ ᠤᠯᠠᠨ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠢ ᠢᠯᠠᠨ ᠳᠠᠪᠠᠵᠤ | ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠨᠢᠭᠡ | ᠪᠦᠯᠦᠭ ︽ᠬᠦᠴᠢᠷ ᠮᠦᠷᠲᠡᠭᠡᠨ ᠵᠥᠪ︾ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠲᠦᠭᠡᠪᠡ᠃ | ᠨᠢᠭᠡ ᠳᠤ ᠬᠦᠴᠢᠷ ᠠᠰᠠᠭᠤᠳᠠᠯ ᠢ ᠨᠠᠩ ᠢᠯᠡᠭᠦᠤ ᠰᠢᠢᠳᠪᠦᠷᠢᠯᠡᠨ᠎ᠡ᠃ ᠠᠯᠢ ᠡᠷᠲᠡ ᠡᠷᠬᠢᠯᠡᠬᠦ ᠶᠣᠰᠣᠲᠠᠢ | ᠪᠠᠶᠢᠲᠠᠯ᠎ᠠ ᠨᠥᠬᠦᠴᠡᠯ ᠦᠭᠡᠢ ᠡᠷᠲᠡ ᠪᠦᠲᠦᠭᠡᠶ᠎ᠡ ᠭᠡᠵᠦ ᠪᠣᠳᠣᠭᠰᠠᠨ ᠪᠣᠯᠪᠠᠴᠤ ᠪᠡᠶᠡᠯᠡᠭᠦᠯᠵᠦ ᠴᠢᠳᠠᠭᠰᠠᠨ ᠦᠭᠡᠢ ︽ | ᠶᠡᠭᠡ ᠬᠦᠴᠢᠷ ᠠᠰᠠᠭᠤᠳᠠᠯ︾ ᠢ ᠰᠢᠢᠳᠪᠦᠷᠢᠯᠡᠵᠦ᠃ 1.85 ᠳ᠋ᠦᠩᠰᠢᠭᠤᠷ ᠲᠥᠭᠦᠷᠢᠭ ᠤᠨ ᠪᠡᠯᠡ ᠮᠥᠩᠭᠦ | ᠴᠤᠭᠯᠠᠭᠤᠯᠵᠤ᠂ 10 ᠵᠢᠯ ᠰᠢᠬᠠᠮ ᠦᠷᠭᠦᠯᠵᠢᠯᠡᠭᠰᠡᠨ᠂ 282 ᠨᠢᠭᠡᠴᠢ᠂ 8321 ᠬᠥᠮᠦᠨ ᠳᠤ ᠬᠤᠯᠪᠣᠭᠳᠠᠭᠰᠠᠨ | ᠠᠵᠢᠯ ᠮᠡᠷᠭᠡᠵᠢᠯ ᠤᠨ ᠵᠢᠯ ᠤᠨ ᠮᠥᠩᠭᠦ ᠶᠢᠨ ᠲᠤᠰᠢᠶᠠᠭᠠᠳᠤᠢ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠪᠡ᠃ | 2015 ᠣᠨ ᠠᠴᠠ ᠨᠠᠰᠢ ᠦᠯᠡᠳᠡᠭᠡᠭᠰᠡᠨ ᠬᠦᠷᠡᠯ ᠰᠢᠯᠢ ᠳᠥᠭᠦᠮ ᠪᠦᠳᠦᠭᠦᠯᠢᠭ ᠣᠷᠣᠨ ᠰᠠᠭᠤᠴᠠ ᠶᠢ | ᠥᠭᠡᠷᠡᠴᠢᠯᠡᠨ ᠲᠥᠪᠬᠢᠨᠡᠭᠦᠯᠬᠦ ᠣᠷᠣᠨ ᠰᠠᠭᠤᠴᠠ ᠶᠢᠨ ᠡᠷᠦᠬᠡ ᠬᠤᠪᠢᠶᠠᠨ ᠥᠮᠴᠢᠯᠡᠬᠦ ᠡᠷᠬᠡ ᠶᠢ 3.3 ᠲᠦᠮᠡᠨ | ᠢᠵᠢ ᠭᠦᠢᠴᠡᠳᠬᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 90 % ᠶᠢ ᠳᠠᠪᠠᠵᠤ᠂ 8 ᠲᠦᠮᠡᠨ ᠰᠠᠭᠤᠭᠠᠯᠢ | ᠠᠷᠠᠳ ᠲᠤ ᠠᠰᠢᠭ ᠬᠦᠷᠲᠡᠭᠡᠪᠡ᠃ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ 99 ᠲᠥᠷᠥᠯ ᠵᠦᠢᠯ ᠢ | ᠴᠡᠭᠴᠡᠯᠡᠨ ᠰᠠᠶᠢᠵᠢᠷᠠᠭᠤᠯᠵᠤ ᠰᠢᠯᠭᠠᠨ ᠠᠪᠬᠤ ᠪᠠ 15 ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ | ᠬᠡᠷᠡᠭᠯᠡᠬᠦ ᠭᠠᠵᠠᠷ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠪᠡᠶᠡᠯᠡᠭᠦᠯᠵᠦ᠂ 8 ᠵᠢᠯ ᠰᠢᠬᠠᠮ ᠦᠨᠡᠮᠯᠡᠯ | ᠠᠪᠤᠭᠰᠠᠨ ᠪᠡᠷᠬᠡ ᠠᠰᠠᠭᠤᠳᠠᠯ ᠢ ᠰᠢᠢᠳᠪᠦᠷᠢᠯᠡᠪᠡ᠃ ᠡᠭᠦᠷᠭᠡᠯᠡᠭᠰᠡᠨ ᠬᠤᠲᠠ ᠶᠢᠨ ᠱᠠᠲᠤᠨ ᠤ 7 ᠵᠥᠢᠯ ᠤᠨ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠠ ᠲᠣᠭᠤᠷᠢᠭ ᠤᠨ ᠱᠠᠲᠤᠨ ᠤ ᠠᠷᠠᠳ ᠤᠨ ᠠᠮᠢᠳᠤᠷᠠᠯ ᠤᠨ 6 | ᠵᠥᠢᠯ ᠤᠨ ᠪᠣᠳᠠᠲᠤ ᠶᠠᠪᠤᠳᠠᠯ ᠢ ᠪᠦᠬᠦᠨ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ ᠪᠥᠬᠦ ᠵᠢᠯ ᠳᠤ | 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ | ᠠᠵᠢᠯ ᠤᠨ ᠬᠠᠭᠤᠳᠠᠰᠤ ᠶᠢ 1.9 ᠲᠦᠮᠡᠨ ᠬᠤᠪᠢ ᠭᠦᠢᠴᠡᠳᠬᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ | 100% ᠳᠤ ᠬᠦᠷᠪᠡ᠃ | ᠬᠤᠶᠠᠷ ᠲᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠡᠩ ᠪᠣᠳᠠᠲᠠᠶᠢᠵᠢᠭᠤᠯᠤᠨ᠎ᠠ᠃ ᠪᠥᠬᠦ | ᠲᠣᠭᠤᠷᠢᠭ ᠤᠨ ᠡᠳ᠋ ᠤᠨ ᠵᠠᠰᠠᠭ ᠠᠷᠠᠳ ᠤᠨ ᠠᠮᠢᠳᠤᠷᠠᠯ ᠤᠨ ᠲᠥᠷᠥᠯ ᠤᠨ ᠣᠷᠣᠭᠤᠯᠤᠯᠲᠠ 26.8 ᠳ᠋ᠦᠩᠰᠢᠭᠤᠷ | ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 10.5% ᠪᠠᠷ ᠨᠡᠮᠡᠭᠳᠡᠨ᠂ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠵᠡᠷᠭᠡ ᠬᠦᠴᠢᠷᠳᠡᠯᠲᠡᠶ ᠬᠥᠮᠦᠰ ᠲᠤ ᠤᠷᠢᠳᠠᠪᠠᠷ | ᠨᠥᠬᠦᠪᠥᠷᠢ ᠮᠥᠩᠭᠦ ᠣᠯᠭᠤᠨ᠎ᠠ᠃ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.9% ᠠᠴᠠ ᠳᠣᠷᠣᠭᠰᠢ | ᠪᠠᠶᠢᠬᠤ ᠶᠢ ᠪᠠᠲᠤᠯᠠᠨ᠎ᠠ᠃ ᠪᠤᠭᠤᠲᠤ ᠶᠢᠨ ᠬᠥᠮᠦᠨ ᠤ ᠬᠦᠴᠦᠨ ᠤ ᠬᠥᠷᠥᠩᠭᠡ ᠶᠢᠨ ᠠᠵᠤ ᠦᠢᠯᠡᠰ ᠤᠨ | ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢᠶᠠᠷ ᠦᠨᠡᠯᠡᠭᠳᠡᠵᠦ᠂ 6 ᠠᠳᠠᠯ ᠦᠢᠯᠡᠰ ᠴᠣᠭᠴᠠᠯᠠᠬᠤ | ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ︽ᠵᠢᠱᠢᠶ᠎ᠡ ᠦᠵᠡᠭᠦᠯᠬᠦ ᠠᠳᠠᠯ ᠦᠢᠯᠡᠰ ᠴᠣᠭᠴᠠᠯᠠᠬᠤ | ᠬᠦᠷᠢᠶᠡᠯᠡᠩ︾᠂ ︽ᠵᠢᠱᠢᠶ᠎ᠡ ᠦᠵᠡᠭᠦᠯᠬᠦ ᠳᠥᠷᠪᠡᠨ ᠲᠦᠮᠡᠨ ᠤ ᠲᠠᠪᠴᠠᠩ︾ ᠪᠠ ︽ᠠᠳᠠᠯ ᠦᠢᠯᠡᠰ ᠴᠣᠭᠴᠠᠯᠠᠬᠤ | ᠵᠢᠱᠢᠶ᠎ᠡ ᠦᠵᠡᠭᠦᠯᠬᠦ ᠳᠡᠯᠭᠡᠭᠦᠷ︾ ᠢᠶᠠᠷ ᠦᠨᠡᠯᠡᠭᠳᠡᠪᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ | ᠲᠥᠯᠥᠪᠯᠡᠭᠡ ᠶᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ 8427 ᠬᠥᠮᠦᠨ ᠰᠢᠨ᠎ᠡ ᠪᠠᠷ | ᠨᠡᠮᠡᠭᠳᠡᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ 15 | ᠵᠢᠯ ᠳᠠᠷᠠᠭᠠᠯᠠᠨ ᠪᠡᠶᠡᠯᠡᠭᠦᠯᠪᠡ᠃ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ ᠶᠣᠰᠣᠲᠠᠶ ᠶᠢ ᠨᠢ ᠴᠥᠮ ᠣᠷᠣᠯᠴᠠᠭᠤᠯᠵᠤ᠂ ᠣᠨᠴᠠᠭᠠᠶ ᠬᠦᠴᠢᠷᠳᠡᠯᠲᠡᠶ ᠬᠥᠮᠦᠰ ᠤᠨ ᠳᠠᠭᠠᠳᠬᠠᠯ ᠳᠤ | ᠣᠷᠣᠯᠴᠠᠬᠤ ᠨᠣᠷᠮ᠎ᠠ ᠶᠢ 100% ᠳᠤ ᠬᠦᠷᠦᠭᠦᠯᠦᠨ᠎ᠡ᠃ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ | ᠲᠦᠪᠯᠡᠷᠡᠩᠭᠦᠢ ᠬᠡᠮᠵᠢᠶ᠎ᠡ ᠪᠠᠷ ᠬᠤᠳᠠᠯᠳᠤᠨ ᠠᠪᠬᠤ ᠶᠢ ᠭᠦᠨᠵᠡᠭᠡᠶᠢᠷᠡᠭᠦᠯᠵᠦ᠂ ᠴᠢᠭ ᠲᠣᠭᠲᠠᠭᠠᠭᠰᠠᠨ ᠡᠮᠴᠢᠯᠡᠭᠡᠨ ᠤ | ᠪᠠᠢᠭᠤᠯᠤᠮᠵᠢ ᠶᠢᠨ ᠡᠮ ᠤᠨ ᠵᠦᠢᠯ ᠤᠨ ᠦᠨ᠎ᠡ ᠬᠠᠩᠰᠢ ᠶᠢᠨ ᠳᠤᠮᠳᠠᠴᠢ ᠪᠠᠷ 56% ᠪᠠᠷ ᠪᠠᠭᠤᠷᠠᠪᠠ᠃ | ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ 72᠂ ᠲᠣᠰᠬᠤᠨ ︵ᠨᠡᠶᠢᠭᠡᠮ | ᠲᠣᠭᠤᠷᠢᠭ︶ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠴᠡᠭ ᠢ 26 ᠰᠢᠨ᠎ᠡ ᠪᠠᠷ ᠪᠠᠶᠢᠭᠤᠯᠵᠤ᠂ | ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢ 70 ᠪᠡᠶᠡᠯᠡᠭᠦᠯᠪᠡ᠃ | ᠭᠤᠷᠪᠠ ᠳᠤ ᠣᠯᠠᠨ ᠨᠡᠶᠢᠲᠡ ᠶᠢᠨ ᠦᠢᠯᠡᠴᠢᠯᠡᠭᠡ ᠶᠢ ᠨᠠᠩ ᠴᠢᠨᠠᠷ ᠰᠠᠶᠢᠲᠠᠢ ᠪᠣᠯᠭᠠᠪᠠ᠃ ᠲᠤᠷᠰᠢᠯᠲᠠ ᠶᠢᠨ | ᠪᠠᠭ᠎ᠠ ᠰᠤᠷᠭᠠᠭᠤᠯᠢ ᠶᠢᠨ ᠵᠦᠯᠭᠡ ᠭᠠᠵᠠᠷ ᠤᠨ ᠰᠤᠷᠭᠠᠭᠤᠯᠢ ᠶᠢᠨ ᠲᠣᠭᠤᠷᠢᠭ ᠢ ᠠᠰᠢᠭᠯᠠᠯᠲᠠ ᠳᠤ ᠣᠷᠣᠭᠤᠯᠵᠤ᠂ 3 | ᠴᠡᠴᠡᠷᠯᠢᠭ᠂ 1 ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ 148 ᠪᠠᠭᠰᠢ ᠰᠢᠨ᠎ᠡ ᠪᠠᠷ ᠡᠯᠰᠡᠵᠦ᠂ | ᠬᠤᠲᠠ ᠶᠢᠨ ᠱᠠᠲᠤᠨ ᠤ ︽ᠢᠦᠶ ᠲᠤᠤ ᠶᠢᠨ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯ ᠤᠨ ᠲᠠᠰᠤᠭ︾ ᠢ ᠪᠣᠶ | ᠪᠣᠯᠭᠠᠵᠤ᠂ ᠳᠠᠭᠠᠭᠠᠴᠢᠯᠠᠭᠰᠠᠨ ᠬᠤᠷᠢᠨ ᠳᠥᠷᠪᠡᠳᠦᠭᠡᠷ ᠳᠤᠮᠳᠠᠳᠤ ᠰᠤᠷᠭᠠᠭᠤᠯᠢ ᠨᠢ ᠤᠯᠤᠰ ᠤᠨ ᠲᠠᠰ ᠤᠨ ︽ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠪᠠᠷ | ᠦᠨᠡᠯᠡᠭᠳᠡᠵᠦ᠂ ᠮᠠᠨ ᠤ ᠲᠣᠭᠤᠷᠢᠭ ᠥᠪᠡᠷᠲᠡᠭᠡᠨ ᠵᠠᠰᠠᠬᠤ ᠣᠷᠣᠨ ᠤ ︽ᠬᠡᠷ ᠤᠨ ᠠᠬᠠᠮᠠᠳ ᠤᠨ ᠰᠤᠷᠭᠠᠭᠤᠯᠢ ᠶᠢᠨ | ᠰᠤᠷᠭᠠᠨ ᠬᠥᠮᠦᠵᠢᠯ ᠤᠨ ᠲᠤᠷᠰᠢᠯᠲᠠ ᠶᠢᠨ ᠲᠣᠭᠤᠷᠢᠭ︾ ᠢᠶᠠᠷ ᠦᠨᠡᠯᠡᠭᠳᠡᠪᠡ᠃ ᠪᠥᠬᠦ ᠲᠣᠭᠤᠷᠢᠭ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠶᠡᠷᠦᠩᠬᠡᠶ ᠬᠤᠪᠢ᠂ ᠰᠢᠯᠢᠳᠡᠭ ᠨᠣᠷᠮ᠎ᠠ ᠵᠡᠷᠭᠡ | ᠭᠦᠢᠴᠡᠳᠬᠡᠯ ᠲᠤᠭ᠎ᠠ ᠪᠥᠬᠦ ᠬᠤᠲᠠ ᠶᠢᠨ ᠨᠢᠭᠡᠳᠦᠭᠡᠷ ᠲᠤ ᠵᠢᠭᠰᠠᠭᠠᠭᠳᠠᠵᠤ᠂ ᠵᠢᠩ ᠺᠠᠢ ᠳᠤᠮᠳᠠᠳᠤ ᠰᠤᠷᠭᠠᠭᠤᠯᠢ | 14 ᠳ᠋ᠦᠭᠡᠷ ᠤᠳᠠᠭ᠎ᠠ ᠪᠤᠭᠤᠲᠤ ᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ | ᠶᠡᠷᠦᠩᠬᠡᠶ ᠬᠤᠪᠢ ᠶᠢᠨ ᠨᠢᠭᠡᠳᠦᠭᠡᠷ ᠲᠤ ᠣᠷᠣᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠢᠯᠭᠠᠯᠲᠠ ᠨᠢ ᠪᠥᠬᠦ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠡᠯᠪᠡᠷᠢ ᠪᠠ ᠨᠡᠷᠡᠰ ᠤᠨ ᠵᠢᠭᠰᠠᠭᠠᠯᠲᠠ ᠳᠤ | ᠣᠷᠣᠪᠠ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ | ᠪᠠᠭᠤᠯᠭᠠᠬᠤ ᠶᠢ ᠠᠬᠢᠭᠤᠯᠵᠤ᠂ ᠬᠤᠳᠠ ᠶᠢᠨ ᠭᠤᠣᠯ ᠡᠮᠨᠡᠯᠭᠡ ᠶᠢᠨ ᠬᠤᠷᠢᠶ᠎ᠠ ᠬᠢᠭᠡᠳ ᠳ᠋ᠦᠩ ᠾᠧ ᠲᠣᠭᠤᠷᠢᠭ ᠤᠨ | ᠡᠮᠨᠡᠯᠭᠡ ᠶᠢᠨ ᠬᠤᠷᠢᠶ᠎ᠠ ᠳᠤ ᠨᠢᠭᠲᠠ ᠬᠡᠯᠪᠡᠷᠢ ᠶᠢᠨ ᠬᠤᠳᠠ ᠶᠢᠨ ᠡᠮᠴᠢᠯᠡᠭᠡᠨ ᠤ ᠪᠦᠯᠦᠭᠯᠡᠯ ᠢ ᠪᠠᠶᠢᠭᠤᠯᠤᠨ᠎ᠠ᠃ | ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠬᠦ ᠲᠥᠪ ᠦᠨᠡᠯᠡᠨ | ᠵᠢᠱᠢᠬᠦ ᠶᠢ ᠪᠡᠶᠡᠯᠡᠭᠦᠯᠵᠦ᠂ 21 ᠵᠦᠢᠯ ᠤᠨ ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠦᠨ᠂ ᠦᠨᠳᠦᠰᠦᠨ ᠱᠠᠲᠤᠨ ᠤ | ᠬᠢᠲᠠᠳ ᠡᠮᠨᠡᠯᠭᠡ ᠶᠢᠨ ᠣᠷᠳᠣᠨ ᠤ ᠴᠢᠨᠠᠷ ᠰᠠᠶᠢᠲᠠᠶ ᠪᠠ ᠵᠢᠱᠢᠶ᠎ᠡ ᠦᠵᠡᠭᠦᠯᠬᠦ ᠬᠡᠯᠪᠡᠷᠢ ᠶᠢ 13 ᠪᠣᠯᠭᠠᠵᠤ᠂ 76. | 5% ᠶᠢ ᠡᠵᠡᠯᠡᠪᠡ᠃ ᠪᠥᠬᠦ ᠬᠤᠲᠠ ᠳᠤ ᠡᠩ ᠲᠡᠷᠢᠭᠦᠨ ᠳᠤ ᠤᠯᠤᠰ ᠤᠨ ᠡᠮᠴᠢᠯᠡᠭᠡ ᠰᠤᠪᠢᠯᠠᠯᠲᠠ ᠶᠢ | ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠣᠷᠣᠨ ᠢ ᠦᠨᠡᠯᠡᠨ ᠵᠢᠱᠢᠵᠦ ᠰᠢᠯᠭᠠᠨ ᠠᠪᠬᠤ ᠳᠤ ᠬᠢᠷᠢ ᠲᠡᠩᠴᠡᠵᠦ᠂ | ᠪᠢᠨ ᠾᠧ ᠨᠠᠰᠤᠲᠠᠶᠢᠴᠤᠳ ᠤᠨ ᠨᠡᠶᠢᠲᠡ ᠶᠢᠨ ᠰᠠᠭᠤᠴᠠ ᠨᠠᠰᠤᠲᠠᠶᠢᠴᠤᠳ ᠤᠨ ᠤᠳᠠᠭᠠᠨ ᠴᠢᠨᠠᠷᠲᠠᠶ ᠡᠪᠡᠳᠴᠢᠨ ᠤ | ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠰᠤᠪᠢᠯᠠᠯᠲᠠ ᠶᠢ | ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠪᠠᠶᠢᠭᠤᠯᠤᠮᠵᠢ ᠪᠣᠯᠪᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ | ᠡᠬᠦᠳᠦᠨ ᠪᠠᠶᠢᠭᠤᠯᠬᠤ ᠳᠠᠬᠢᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠠᠢ ᠶᠢᠨ ᠦᠨᠡᠯᠡᠯᠳᠡ ᠶᠢ ᠤᠷᠤᠭᠰᠢᠲᠠᠶ | ᠥᠩᠭᠡᠷᠡᠭᠦᠯᠪᠡ᠃ | ᠲᠦᠷᠪᠡ ᠳᠤ ᠨᠡᠶᠢᠭᠡᠮ ᠤᠨ ᠵᠠᠰᠠᠯᠲᠠ ᠶᠢ ᠨᠡᠩ ᠪᠦᠲᠦᠮᠵᠢᠲᠡᠢ ᠪᠣᠯᠭᠠᠪᠠ᠃ 4 ᠲᠥᠷᠥᠯ ᠵᠦᠢᠯ ᠨᠢ | ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ | ᠦᠨᠡᠯᠡᠭᠳᠡᠵᠦ᠂ ᠠᠮᠤᠭᠤᠯᠠᠩ ᠣᠷᠣᠨ ᠰᠠᠭᠤᠴᠠ ᠶᠢᠨ ᠨᠡᠶᠢᠭᠡᠮ ᠲᠣᠭᠤᠷᠢᠭ᠂ ᠹᠠᠩ ᠼᠤᠤ ᠨᠡᠶᠢᠭᠡᠮ ᠲᠣᠭᠤᠷᠢᠭ ᠨᠢ | ᠥᠪᠡᠷᠲᠡᠭᠡᠨ ᠵᠠᠰᠠᠬᠤ ᠣᠷᠣᠨ ᠤ ᠤᠮᠠᠷᠠᠲᠤ ᠬᠢᠯᠢ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠤᠨ ᠢᠷᠠᠭᠤ | ᠠᠯᠳᠠᠷ ᠢ ᠭᠥᠷᠳᠡᠪᠡ᠃ ᠪᠥᠬᠦ ᠬᠤᠲᠠ ᠶᠢᠨ ᠠᠩᠬᠠᠳᠠᠭᠴᠢ ︽ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ | ᠡᠶᠡᠳᠡᠭᠦᠯᠦᠨ ᠰᠢᠢᠳᠪᠦᠷᠢᠯᠡᠬᠦ ᠲᠥᠪ︾ ᠢ ᠪᠠᠶᠢᠭᠤᠯᠵᠤ᠂ ᠵᠢᠵᠢᠭ ᠲᠣᠭᠤᠷᠢᠭ ᠤᠨ ᠠᠵᠤ ᠦᠢᠯᠡᠰ ᠤᠨ ᠵᠥᠪᠯᠡᠯ᠂ | ᠪᠣᠳᠠᠰ ᠤᠨ ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠤᠭᠰᠠᠨ ᠨᠣᠷᠮ᠎ᠠ 100% ᠳᠤ ᠬᠥᠷᠪᠡ᠃ | ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠠᠵᠢᠯ ᠢ ᠦᠨᠳᠦᠰᠦᠨ ᠠᠴᠠ ᠨᠢ ᠵᠠᠰᠠᠵᠤ ᠪᠤᠭᠤᠲᠤ | ᠬᠤᠲᠠ ᠶᠢᠨ A ᠳᠡᠰ ᠢᠶᠠᠷ ᠰᠢᠯᠭᠠᠨ ᠦᠨᠡᠯᠡᠭᠳᠡᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠵᠢᠱᠢᠶ᠎ᠡ ᠦᠵᠡᠭᠦᠯᠬᠦ ᠴᠡᠭ ᠢ 40 ᠪᠠᠶᠢᠭᠤᠯᠵᠤ᠂ ︽ᠤᠯᠠᠭᠠᠨ ᠠᠨᠠᠷ ᠭᠡᠷ ᠣᠷᠣᠨ︾ ᠤ ᠰᠣᠳᠣᠨ | ᠵᠢᠱᠢᠶ᠎ᠡ ᠦᠵᠡᠭᠦᠯᠬᠦ ᠴᠡᠭ ᠢ 15 ᠳᠡᠰ ᠳᠡᠪᠰᠢᠭᠦᠯᠦᠨ ᠥᠭᠡᠷᠡᠴᠢᠯᠡᠵᠦ᠂ ᠬᠦᠷᠡᠯ ᠰᠢᠯᠢ ᠶᠢᠨ ᠠᠮᠤᠷ ᠲᠠᠶᠢᠪᠤᠩ | ᠰᠠᠭᠤᠷᠢᠰᠢᠵᠤ ᠭᠤᠷᠪᠠ ᠶᠢ ᠠᠬᠢᠭᠤᠯᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠪᠦᠯᠬᠦᠮᠳᠡᠯ ᠢ ᠠᠬᠢᠭᠤᠯᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠬᠥᠭᠵᠢᠯᠲᠡ ᠶᠢ ᠠᠬᠢᠭᠤᠯᠬᠤ ᠭᠤᠷᠪᠠᠨ ᠬᠠᠭᠤᠳᠠᠰᠤ | ᠦᠨᠳᠦᠰᠦᠲᠡᠨ ᠤ ᠪᠦᠯᠬᠦᠮᠳᠡᠯ ᠤᠨ ᠨᠡᠷ᠎ᠡ ᠶᠢᠨ ᠬᠠᠭᠤᠳᠠᠰᠤ ᠶᠢ ᠡᠭᠦᠳᠴᠦ᠂ ᠲᠣᠭᠤᠷᠢᠭ ᠤᠨ ᠰᠣᠶᠣᠯ ᠤᠨ ᠣᠷᠳᠣᠨ᠂ | ᠮᠠᠨᠳᠤᠬᠤ ᠨᠡᠶᠢᠭᠡᠮ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠳᠠᠬᠢᠨ ᠦᠨᠡᠯᠡᠨ᠎ᠡ᠃ ᠬᠤᠶᠠᠷ ᠢ ᠬᠦᠷᠢᠶᠡᠯᠡᠵᠦ ᠬᠠᠮᠲᠤ ᠪᠠᠷ | ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠾᠧ ᠳ᠋ᠦᠩ ᠵᠡᠭᠡᠯᠢ ᠭᠤᠳᠤᠮᠵᠢ ᠶᠢᠨ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠨᠢ ᠪᠥᠬᠦ ᠤᠯᠤᠰ ᠤᠨ ᠨᠢᠭᠡᠳᠦᠭᠡᠷ ᠪᠦᠯᠦᠭ ᠰᠢᠯᠢᠳᠡᠭ | ᠦᠢᠯᠡᠴᠢᠯᠡᠭᠡᠨ ᠤ ᠥᠷᠲᠡᠭᠡ ᠪᠠᠷ ᠦᠨᠡᠯᠡᠭᠳᠡᠵᠦ᠂ ᠥᠷᠲᠡᠭᠡᠨ ᠳᠠᠷᠤᠭ᠎ᠠ ᠨᠢ ᠪᠥᠬᠦ ᠤᠯᠤᠰ ᠤᠨ ︽ᠵᠠᠭᠤᠨ ᠰᠢᠯᠢᠳᠡᠭ | ᠥᠷᠲᠡᠭᠡᠨ ᠳᠠᠷᠤᠭ᠎ᠠ︾ ᠪᠠᠷ ᠦᠨᠡᠯᠡᠭᠳᠡᠪᠡ᠃ ᠪᠦᠬᠦ ᠵᠢᠯ ᠤᠨ ᠡᠷᠡᠭᠦᠦ ᠶᠢᠨ ᠬᠡᠷᠡᠭ ᠤᠨ ᠪᠠᠶᠢᠳᠠᠯ ᠠᠳᠠᠯᠢ | ᠬᠤᠭᠤᠴᠠᠭᠠᠨ ᠤ ᠬᠢ ᠠᠴᠠ 28.4% ᠪᠠᠷ ᠪᠠᠭᠤᠷᠠᠵᠤ᠂ ᠠᠮᠤᠷ ᠢ ᠬᠠᠮᠠᠭᠠᠯᠠᠬᠤ ᠴᠠᠭᠳᠠᠭ᠎ᠠ ᠶᠢᠨ ᠪᠠᠶᠢᠳᠠᠯ ᠠᠳᠠᠯᠢ | ᠬᠤᠭᠤᠴᠠᠭᠠᠨ ᠤ ᠬᠢ ᠠᠴᠠ 17.7% ᠪᠠᠷ ᠪᠠᠭᠤᠷᠠᠵᠤ᠂ ᠡᠷᠡᠭᠦᠦ ᠶᠢᠨ ᠬᠡᠷᠡᠭ ᠤᠨ ᠬᠡᠷᠡᠭ ᠪᠣᠯᠭᠠᠨ ᠳᠠᠩᠰᠠᠯᠠᠬᠤ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 28.6% ᠪᠠᠷ ᠪᠠᠭᠤᠷᠠᠪᠠ᠃ ᠮᠠᠨ ᠤ ᠲᠣᠭᠤᠷᠢᠭ ᠪᠥᠬᠦ ᠬᠤᠲᠠ ᠶᠢᠨ | ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠵᠢᠯ ᠤᠨ ᠬᠢᠨᠠᠨ ᠰᠢᠯᠭᠠᠯᠲᠠ ᠳᠤ ᠵᠠᠯᠭᠠᠭ᠎ᠠ ᠪᠠᠷ ᠭᠤᠷᠪᠠᠨ ᠵᠢᠯ | ᠳᠠᠷᠠᠭᠠᠯᠠᠨ ᠨᠢᠭᠡᠳᠦᠭᠡᠷ ᠲᠤ ᠣᠷᠣᠵᠤ᠂ 32 ᠨᠢᠭᠡᠴᠢ᠂ ᠬᠤᠪᠢ ᠬᠥᠮᠦᠨ ᠪᠥᠬᠦ ᠬᠤᠲᠠ ᠶᠢᠨ ᠠᠮᠤᠷ | ᠠᠮᠤᠭᠤᠯᠠᠩ ᠤᠨ ᠪᠠᠶᠢᠭᠤᠯᠤᠯᠲᠠ ᠶᠢᠨ ᠲᠡᠷᠢᠭᠦᠨ ᠤ ᠴᠣᠯᠠ ᠬᠦᠷᠲᠡᠵᠦ᠂ 52 ᠬᠠᠮᠲᠤ ᠨᠡᠶᠢᠲᠡ᠂ ᠬᠤᠪᠢ ᠬᠥᠮᠦᠨ | ᠪᠥᠬᠦ ᠬᠤᠲᠠ ᠶᠢᠨ ᠬᠤᠲᠠ ᠶᠢᠨ ᠬᠡᠪᠴᠢᠶᠡᠨ ᠤ ᠵᠠᠰᠠᠯᠲᠠ ᠶᠢᠨ ᠲᠡᠷᠢᠭᠦᠨ ᠤ ᠴᠣᠯᠠ ᠬᠦᠷᠲᠡᠵᠦ᠂ ᠨᠡᠶᠢᠭᠡᠮ ᠤᠨ ᠶᠡᠭᠡ | ᠲᠠᠯ᠎ᠠ ᠶᠢᠨ ᠠᠮᠤᠷ ᠲᠦᠪᠰᠢᠨ ᠲᠣᠭᠲᠠᠭᠤᠨ ᠪᠠᠶᠢᠨ᠎ᠠ᠃ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠵᠡᠷᠭᠡ 9 ᠲᠤᠰᠬᠠᠶ ᠠᠵᠢᠯᠯᠠᠭ᠎ᠠ ᠪᠠ ᠠᠶᠤᠯ ᠲᠦᠭᠰᠢᠭᠦᠷᠢ ᠶᠢᠨ ᠳᠠᠯᠳᠠ ᠬᠡᠮ ᠢ | ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠪᠥᠬᠦ | ᠵᠢᠯ ᠤᠨ ᠠᠶᠤᠯ ᠥᠬᠡᠶ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ ᠪᠠ ᠠᠳᠡᠭᠰᠡᠨ ᠬᠥᠮᠦᠨ ᠤ ᠲᠤᠭ᠎ᠠ ᠲᠣᠰ | ᠲᠣᠰ ᠠᠳᠠᠯᠢ ᠬᠤᠭᠤᠴᠠᠭᠠᠨ ᠤ ᠬᠢ ᠠᠴᠠ 16.6% ᠪᠠ 28.6% ᠪᠠᠭᠤᠷᠠᠵᠤ᠂ ᠭᠠᠯ ᠤᠨ ᠠᠶᠤᠯ ᠭᠠᠷᠤᠭᠰᠠᠨ | ᠲᠤᠭ᠎ᠠ ᠠᠳᠠᠯᠢ ᠬᠤᠭᠤᠴᠠᠭᠠᠨ ᠤ ᠬᠢ ᠠᠴᠠ 3.8% ᠪᠠᠭᠤᠷᠠᠪᠠ᠃ | ᠨᠢᠭᠡ ᠵᠢᠯ ᠤᠨ ᠲᠤᠷᠰᠢ᠂ ᠪᠢᠳᠡ ᠨᠢᠭᠡᠳᠦᠯᠲᠡᠢ ᠲᠥᠯᠥᠪᠵᠢᠭᠦᠯᠬᠦ᠂ ᠬᠤᠯᠪᠣᠭᠠᠯᠠᠨ ᠬᠠᠮᠲᠤ ᠪᠠᠷ ᠳᠠᠪᠰᠢᠬᠤ ᠶᠢ | ᠴᠢᠩᠭᠠᠳᠬᠠᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠳᠬ᠎ᠠ | ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠵᠡᠷᠭᠡ ᠠᠷᠠᠳ ᠤᠨ ᠪᠦᠯᠬᠦᠮ ᠪᠣᠯᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠵᠦ᠂ ᠬᠢᠨᠠᠨ ᠪᠤᠳᠤᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠠᠶᠢᠴᠢᠯᠠᠯᠳᠠ᠂ ᠳᠠᠩᠰᠠ ᠡᠪᠬᠡᠮᠡᠯ ᠲᠡᠦᠬᠡ ᠤᠶᠢᠯᠠᠯᠭ᠎ᠠ ᠵᠡᠷᠭᠡ ᠠᠵᠢᠯ ᠢ ᠯᠠᠪᠳᠠᠭᠤᠨ ᠢᠶᠠᠷ | ᠠᠬᠢᠭᠤᠯᠪᠠ᠃ | ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ | ᠤᠬᠠᠮᠰᠠᠷ ᠠᠴᠠ ᠪᠠᠨ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ | ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ︽ | ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ | ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ︾ ᠶᠢ | ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ | ᠪᠠ ᠡᠯ᠎ᠡ ᠲᠥᠷᠥᠯ ᠤᠨ ᠲᠣᠭᠤᠷᠢᠨ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠬᠤ᠂ ᠬᠢᠨᠠᠨ ᠪᠤᠳᠤᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠭᠦᠨᠵᠡᠭᠡᠶ | ᠠᠬᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠪᠡ᠃ ᠴᠢᠬᠤᠯᠠ ᠶᠡᠭᠡ ᠤᠴᠢᠷ ᠶᠠᠪᠤᠳᠠᠯ ᠢ ᠲᠤᠭᠤᠷᠢᠭ ᠤᠨ ᠨᠠᠮ ᠤᠨ ᠬᠤᠷᠢᠶ᠎ᠠ ᠠᠴᠠ ᠵᠢᠭᠠᠪᠤᠷᠢ | ᠠᠪᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ | ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ 115 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ | 109 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ | ᠰᠢᠢᠳᠪᠦᠷᠢᠯᠡᠨ ᠳᠠᠭᠤᠰᠬᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ ᠶᠢ | ᠴᠢᠩᠭ᠎ᠠ ᠨᠠᠶᠢᠳᠠᠪᠤᠷᠢᠵᠢᠭᠤᠯᠵᠤ᠂ 312 ᠬᠤᠪᠢ ᠬᠢᠨᠠᠨ ᠪᠠᠶᠢᠴᠠᠭᠠᠭᠰᠠᠨ ᠰᠠᠨᠠᠯ ᠭᠠᠷᠭᠠᠵᠤ᠂ 2 ᠬᠤᠪᠢ ᠨᠢ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠤᠯᠭᠠᠵᠤ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠭᠰᠡᠨ ᠨᠤᠷᠮ᠎ᠠ 100% ᠳᠤ | ᠬᠦᠷᠴᠦ᠂ ᠬᠠᠤᠯᠢ ᠬᠡᠷᠡᠭᠵᠢᠭᠦᠯᠬᠦ 13 ᠰᠠᠯᠠᠭ᠎ᠠ ᠮᠦᠴᠢᠷ ᠲᠤ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ | ᠶᠢ ᠦᠷᠨᠢᠭᠦᠯᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠨᠠᠷᠢᠨ ᠪᠣᠳᠣᠬᠤ᠂ ᠡᠷᠴᠢᠮᠵᠢᠭᠦᠯᠦᠨ ᠠᠷᠪᠢᠯᠠᠬᠤ᠂ ︽ᠭᠠᠮᠨᠠᠨ ᠠᠷᠪᠢᠯᠠᠬᠤ︾ ᠶᠢ ᠪᠠᠷᠢᠮᠲᠠᠯᠠᠨ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠪᠣᠭᠤᠮᠲᠠ ᠶᠢ | ᠠᠳᠬᠤᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭ᠎ᠠ ᠠᠳᠬᠤᠨ᠎ᠠ᠃ ︽ᠤᠳᠠᠭᠠᠨ᠂ ᠪᠦᠳᠦᠭᠦᠯᠢᠭ᠂ | ᠬᠠᠭᠤᠮᠠᠭᠠᠢ︾ ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ | ᠵᠠᠰᠠᠭ ᠤᠨ ᠣᠷᠳᠣᠨ ᠤ ᠰᠢᠰᠲ᠋ᠧᠮ ᠤᠨ ᠵᠠᠰᠠᠯᠲᠠ ᠶᠢᠨ ᠴᠢᠳᠠᠪᠤᠷᠢ ᠪᠣᠯᠤᠨ ᠵᠠᠰᠠᠭ ᠵᠠᠬᠢᠷᠭᠠᠨ ᠤ ᠦᠢᠯᠡᠳᠦᠯ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠤᠰᠬᠠᠬᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠰᠠᠶᠢᠨ ᠰᠠᠶᠢᠬᠠᠨ ᠠᠭᠤᠷ ᠠᠮᠢᠰᠬᠤᠯ ᠡᠳᠦᠷ ᠢᠷᠡᠬᠦᠶ᠎ᠡ | ᠥᠳᠬᠡᠷᠡᠭᠦᠯᠪᠡ᠃ | ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠢᠶᠠᠨ ᠡᠷᠭᠢᠴᠡᠭᠦᠯᠪᠡᠯ᠂ ᠪᠤᠳᠤᠯᠢᠶᠠᠨᠲᠠᠶ ᠪᠠᠶᠢᠳᠠᠯ ᠪᠣᠯᠤᠨ | ᠬᠠᠲᠠᠭᠤ ᠴᠢᠩᠭ᠎ᠠ ᠥᠷᠢᠰᠥᠯᠳᠦᠭᠡᠨ ᠤ ᠡᠮᠦᠨ᠎ᠡ᠂ ᠪᠢᠳᠡ ᠬᠠᠮᠤᠭ ᠤᠨ ᠬᠦᠴᠢᠷᠲᠡᠶ ᠲᠠᠯ᠎ᠠ ᠠᠴᠠ ᠭᠠᠷᠳᠠᠵᠤ᠂ | ᠬᠠᠮᠤᠭ ᠤᠨ ᠬᠦᠴᠦᠲᠡᠶ ᠠᠷᠭᠠᠴᠠᠭᠠᠵᠤ᠂ ᠲᠥᠷᠥ ᠶᠢᠨ ᠬᠠᠮᠤᠭ ᠤᠨ ᠰᠠᠶᠢᠨ ᠦᠷ᠎ᠡ ᠳ᠋ᠦᠩ ᠤᠨ ᠴᠢᠷᠮᠠᠶᠢᠯᠭ᠎ᠠ | ᠭᠠᠷᠭᠠᠵᠤ᠂ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠠᠶᠤᠬᠤ ᠥᠬᠡᠶ ᠤᠷᠤᠭᠰᠢᠯᠠᠵᠤ᠂ ᠡᠯ᠎ᠡ ᠵᠥᠢᠯ ᠤᠨ | ᠠᠵᠢᠯ ᠥᠢᠯᠡᠰ ᠤᠨ ᠡᠯᠪᠡᠭ ᠪᠠᠶᠠᠯᠢᠭ ᠦᠷ᠎ᠡ ᠪᠦᠲᠦᠭᠡᠯ ᠤᠯᠬᠤ ᠶᠢ ᠠᠬᠢᠭᠤᠯᠪᠠ᠃ ᠡᠨᠡ ᠨᠢᠭᠡ ᠵᠢᠯ ᠳᠤ᠂ ᠪᠢᠳᠡ ︽ | ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠬᠤ︾ ᠰᠥᠰᠥ ᠵᠣᠷᠢᠭ ᠢᠶᠠᠷ ᠠᠵᠤ | ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠦᠨᠡᠨ ᠬᠦ ᠴᠢᠩᠭᠠᠳᠬᠠᠵᠤ᠂ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ | ᠠᠷᠭᠠᠴᠠᠭᠠᠵᠤ᠂ ᠪᠦᠬᠦ ᠲᠣᠭᠤᠷᠢᠭ ᠤᠨ ᠠᠵᠤ ᠠᠬᠤᠢ ᠶᠢᠨ ︽ᠲᠣᠭᠲᠠᠭᠤᠨ︾ ᠤ ᠰᠠᠭᠤᠷᠢ ᠶᠢ ᠨᠡᠩ ᠯᠠᠪᠳᠠᠭᠤᠨ | ᠪᠠᠲᠤᠲᠠᠢ ᠪᠣᠯᠭᠠᠵᠤ᠂ ︽ᠤᠷᠤᠭᠰᠢᠯᠠᠬᠤ︾ ᠬᠥᠳᠡᠯᠭᠡᠬᠦ ᠬᠦᠴᠦᠨ ᠢ ᠨᠡᠩ ᠡᠷᠴᠢᠮᠵᠢᠭᠦᠯᠵᠦ᠂ ᠭᠠᠵᠠᠷ ᠣᠷᠣᠨ ᠤ | ᠠᠵᠤ ᠠᠬᠤᠢ ᠨᠡᠶᠢᠭᠡᠮ ᠤᠨ ᠥᠭᠡᠳᠡᠯᠡᠨ ᠰᠠᠶᠢᠵᠢᠷᠠᠬᠤ ᠪᠠᠶᠢᠳᠠᠯ ᠢ ᠤᠯᠠᠮ ᠴᠢᠨᠠᠭᠰᠢᠳᠠ ᠪᠤᠢ ᠪᠣᠯᠭᠠᠨ ᠪᠠᠬᠢᠵᠢᠭᠦᠯᠪᠡ᠃ | ᠡᠨᠡ ᠨᠢᠭᠡ ᠵᠢᠯ ᠳᠤ᠂ ᠪᠢᠳᠡ ︽ᠰᠡᠳᠬᠢᠬᠦᠶ ᠶᠢ ᠨᠢ ᠲᠠᠶᠢᠯᠬᠤ︾ ᠬᠦᠴᠢᠷ ᠠᠰᠠᠭᠤᠳᠠᠯ ᠢ ᠰᠢᠢᠳᠪᠦᠷᠢᠯᠡᠬᠦ ᠶᠢ | ᠪᠠᠷᠢᠮᠲᠠᠯᠠᠵᠤ᠂ ︽ᠬᠦᠴᠢᠷ ᠢ ᠲᠤᠭᠤᠯᠤᠨ ᠪᠡᠷᠬᠡ ᠶᠢ ᠳᠠᠪᠠᠭ᠋ᠤ︾ ᠢᠲᠡᠭᠡᠯ ᠵᠣᠷᠢᠭ ᠢᠶᠠᠨ ᠪᠠᠳᠠᠷᠠᠭᠤᠯᠵᠤ᠂ ᠤᠯᠠᠨ | ᠳᠠᠪᠬᠤᠷ ᠬᠢᠵᠠᠭᠠᠷᠯᠠᠯ ᠤᠨ ᠨᠥᠬᠦᠴᠡᠯ ᠳᠣᠣᠷᠠᠬᠢ ︽ᠬᠦᠴᠢᠷ ᠮᠦᠷᠲᠡᠭᠡᠨ ᠵᠥᠪ︾ ᠵᠠᠩᠭᠢᠯᠠᠭ᠎ᠠ ᠶᠢᠨ ᠤᠴᠢᠷ ᠶᠠᠪᠤᠳᠠᠯ | ᠲᠡᠰᠢ ᠪᠣᠭᠤᠮᠲᠠ ᠰᠢᠪᠲᠤᠯᠵᠤ᠂ ᠨᠢᠭᠡ ᠪᠦᠯᠦᠭ ᠤᠯᠠᠨ ᠵᠢᠯ ᠤᠨ ᠲᠤᠷᠰᠢ ᠰᠢᠢᠳᠪᠦᠷᠢᠯᠡᠬᠦ ᠭᠡᠰᠡᠨ ᠪᠣᠯᠪᠠᠴᠤ | ᠰᠢᠢᠳᠪᠦᠷᠢᠯᠡᠵᠦ ᠴᠢᠳᠠᠭᠰᠠᠨ ᠦᠭᠡᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠥᠩᠭᠡᠷᠡᠭᠰᠡᠨ ᠳᠤ ᠰᠢᠢᠳᠪᠦᠷᠢᠯᠡᠬᠦ | ᠭᠡᠰᠡᠨ ᠪᠣᠯᠪᠠᠴᠤ ᠬᠢᠵᠦ ᠳᠡᠶᠢᠯᠬᠦ ᠦᠭᠡᠢ ᠮᠠᠰᠢ ᠤᠯᠠᠨ ᠶᠡᠭᠡ ᠶᠠᠪᠤᠳᠠᠯ ᠢ ᠪᠦᠲᠦᠭᠡᠵᠦ᠂ ᠨᠢᠭᠡ ᠪᠦᠯᠦᠭ ᠤᠷᠳᠤ | ᠬᠤᠭᠤᠴᠠᠭ᠎ᠠ ᠪᠠᠷ ᠬᠤᠷᠠᠮᠳᠤᠭᠰᠠᠨ ᠠᠶᠤᠯ ᠲᠦᠭᠰᠢᠭᠦᠷᠢ ᠶᠢᠨ ᠭᠡᠮ ᠰᠣᠭᠤᠭ ᠤᠨ ᠠᠰᠠᠭᠤᠳᠠᠯ ᠢ ᠰᠢᠢᠳᠪᠦᠷᠢᠯᠡᠵᠦ᠂ | ᠬᠠᠭᠤᠴᠢᠨ ᠬᠤᠳᠠ ᠶᠢᠨ ᠲᠣᠭᠤᠷᠢᠭ ᠤᠨ ᠬᠥᠭᠵᠢᠯᠲᠡ ᠶᠢ ᠬᠦᠰᠡᠬᠦ᠂ ᠬᠦᠨᠳᠦ ᠡᠭᠦᠷᠭᠡ ᠶᠢ ᠡᠭᠦᠷᠭᠡᠯᠡᠬᠦ᠂ ᠡᠷᠡᠰ | ᠰᠢᠭᠤᠷᠬᠠᠢ ᠪᠠᠷ ᠦᠰᠦᠨ ᠪᠤᠶᠢᠵᠢᠬᠤ᠂ ᠪᠠᠶᠢᠳᠠᠯ ᠢ ᠰᠦᠷᠦᠨ ᠤᠷᠤᠭᠰᠢᠯᠠᠬᠤ ᠬᠦᠴᠦᠷᠬᠡᠭ ᠶᠡᠭᠡ ᠡᠷᠴᠢ ᠵᠣᠷᠢᠭ ᠢ | ᠢᠯᠡᠷᠡᠭᠦᠯᠪᠡ᠃ ᠡᠨᠡ ᠨᠢᠭᠡ ᠵᠢᠯ ᠳᠤ᠂ ᠪᠢᠳᠡ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ | ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠯᠬᠤᠭ᠎ᠠ ᠨᠢᠭᠡᠪᠦᠷᠢ ᠨᠢ ᠴᠥᠮ ᠡᠷᠡᠰ ᠪᠠᠲᠤ ᠯᠠᠪᠳᠠᠭᠤᠨ ᠪᠠᠲᠤᠲᠠᠢ | ᠪᠠᠶᠢᠵᠤ᠂ ᠥᠩᠭᠡᠷᠡᠭᠦᠯᠦᠭᠰᠡᠨ ᠡᠳᠦᠷ ᠪᠦᠷᠢ ᠶᠢᠨ ᠪᠦᠷᠢᠨ ᠲᠡᠭᠦᠯᠳᠡᠷ ᠴᠢᠷᠮᠠᠶᠢᠯᠭ᠎ᠠ ᠪᠠᠷ᠂ ᠣᠯᠤᠭᠰᠠᠨ ᠠᠮᠵᠢᠯᠲᠠ | ᠪᠦᠲᠦᠮᠵᠢ ᠨᠢ ᠴᠥᠮ ᠴᠢᠷᠮᠠᠶᠢᠨ ᠲᠡᠮᠡᠴᠡᠵᠦ᠂ ᠬᠠᠭᠤᠴᠢᠨ ᠪᠤᠭᠤᠲᠤ ᠶᠢᠨ ᠬᠢᠨ ᠶᠠᠭ ᠰᠢᠨ᠎ᠡ ᠳ᠋ᠦᠩ ᠾᠧ ᠶᠢᠨ | ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ ᠪᠠᠶᠢᠨ᠎ᠠ᠃ ᠡᠳᠡᠭᠡᠷ ᠠᠮᠵᠢᠯᠲᠠ ᠶᠢ | ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ᠂ ᠠᠮᠢᠳᠤᠯᠢᠭ ᠦᠢᠯᠡᠳᠦᠯᠭᠡ ᠶᠢᠨ ᠦᠷ᠎ᠡ | ᠳ᠋ᠦᠩ ᠪᠣᠯᠤᠨ᠎ᠠ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠶᠢᠨ ᠦᠷ᠎ᠡ | ᠳ᠋ᠦᠩ ᠪᠣᠯᠤᠨ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠲᠤᠭᠤᠷᠢᠭ ᠤᠨ | ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ ᠬᠢᠨᠠᠯᠲᠠ ᠲᠠᠯᠪᠢᠵᠤ᠂ ᠶᠡᠬᠡᠪᠡᠷ ᠳᠡᠮᠵᠢᠭᠰᠡᠨ ᠤ ᠦᠷ᠎ᠡ ᠳ᠋ᠦᠩ | ᠪᠣᠯᠤᠨ᠎ᠠ᠂ ᠪᠦᠬᠦ ᠲᠤᠭᠤᠷᠢᠭ ᠤᠨ ᠠᠷᠠᠳ ᠲᠦᠮᠡᠨ ᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠡᠷᠡᠮᠡᠬᠡᠶᠢᠯᠡᠨ ᠤᠷᠤᠭᠰᠢᠯᠠᠭᠰᠠᠨ ᠤ ᠦᠷ᠎ᠡ ᠳ᠋ᠦᠩ ᠪᠣᠯᠤᠨ᠎ᠠ᠃ ᠠᠳᠡ᠂ ᠪᠢ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠡᠮᠦᠨ᠎ᠡ ᠠᠴᠠ᠂ ᠡᠯ᠎ᠡ ᠹᠷᠣᠨᠲ ᠳᠡᠭᠡᠷ᠎ᠡ ᠰᠢᠷᠭᠠᠭᠤ ᠠᠵᠢᠯᠯᠠᠵᠤ ᠪᠠᠶᠢᠭ᠎ᠠ ᠥᠷᠭᠡᠨ ᠤᠯᠠᠨ ᠺᠠᠳ᠋ᠷ ᠤᠯᠠᠨ | ᠲᠦᠮᠡᠨ᠂ ᠵᠠᠰᠠᠭ ᠤᠨ ᠣᠷᠳᠣᠨ ᠤ ᠠᠵᠢᠯ ᠢ ᠶᠡᠬᠡᠪᠡᠷ ᠳᠡᠮᠵᠢᠭᠰᠡᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ | ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠪᠣᠯᠤᠨ ᠡᠯ᠎ᠡ | ᠠᠷᠠᠳ ᠤᠨ ᠪᠦᠯᠬᠦᠮ᠂ ᠳ᠋ᠦᠩ ᠾᠧ ᠲᠣᠭᠤᠷᠢᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠨᠡᠶᠢᠭᠡᠮ ᠤᠨ | ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ ᠪᠢᠳᠡ ᠪᠠᠰᠠ ᠴᠥᠭᠡᠨ ᠪᠤᠰᠤ ᠬᠦᠴᠢᠷᠳᠡᠯ ᠪᠠ ᠠᠰᠠᠭᠤᠳᠠᠯ | ᠲᠤᠯᠭᠠᠷᠠᠵᠤ ᠪᠠᠶᠢᠨ᠎ᠠ᠂ ᠭᠤᠤᠯ ᠢᠯᠡᠷᠡᠯ ᠨᠢ᠄ ᠮᠠᠨ ᠤ ᠲᠣᠭᠤᠷᠢᠭ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ | ᠂ ᠠᠷᠤ ᠬᠦᠴᠦᠨ ᠬᠦᠷᠦᠯᠴᠡᠬᠦ ᠦᠭᠡᠢ᠂ ᠠᠵᠤ ᠦᠢᠯᠡᠰ ᠤᠨ ᠠᠮᠢ ᠠᠬᠤᠢ ᠲᠡᠭᠦᠯᠳᠡᠷᠵᠢᠭᠡᠳᠦᠢ ᠪᠠᠶᠢᠵᠤ᠂ ᠪᠦᠬᠦ | ᠬᠤᠲᠠ ᠶᠢᠨ ︽ᠬᠤᠶᠠᠷ ᠲᠥᠪ︾ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠳᠤ ᠪᠦᠷᠢᠮᠦᠰᠦᠨ | ᠠᠭᠤᠰᠤᠯᠴᠠᠬᠤ ᠴᠢᠬᠤᠯᠠᠲᠠᠢ᠃ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠡᠵᠡᠩᠨᠡᠯᠲᠡ ᠬᠠᠮᠢᠶᠠᠷᠤᠯᠲᠠ ᠶᠢᠨ | ᠵᠠᠭᠪᠤᠷ ᠬᠠᠭᠤᠴᠢᠷᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠢ ᠪᠤᠶᠢᠵᠢᠭᠤᠯᠵᠤ ᠳᠡᠶᠢᠯᠬᠦ ᠦᠭᠡᠢ᠃ | ᠲᠠᠷᠢᠶᠠᠯᠠᠩ ᠤᠨ ᠲᠥᠬᠦᠭᠡᠷᠦᠮᠵᠢ ᠬᠠᠭᠤᠴᠢᠷᠠᠵᠤ᠂ ᠵᠣᠬᠢᠶᠠᠨ ᠪᠠᠶᠢᠭᠤᠯᠤᠯᠴᠠᠭᠰᠠᠨ᠂ ᠬᠡᠪᠴᠢᠶᠡᠵᠢᠭᠰᠡᠨ᠂ ᠲᠦᠷᠦᠯ | ᠲᠡᠮᠳᠡᠭᠴᠢᠯᠡᠭᠰᠡᠨ ᠬᠢᠷᠢ ᠲᠦᠪᠰᠢᠨ ᠥᠨᠳᠥᠷ ᠪᠢᠰᠢ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢ ᠪᠠᠰᠠ ᠲᠦᠷᠭᠡᠳᠬᠡᠬᠦ ᠴᠢᠬᠤᠯᠠᠲᠠᠢ ᠪᠠᠶᠢᠨ᠎ᠠ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢᠨ ᠡᠭᠦᠷᠭᠡ ᠬᠦᠨᠳᠦ᠂ ᠬᠦᠷᠢᠶᠡᠯᠡᠩ ᠲᠣᠭᠤᠷᠢᠭ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ | ᠴᠢᠳᠠᠪᠤᠷᠢ ᠴᠢᠩᠭ᠎ᠠ ᠪᠤᠰᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ᠂ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠪᠠᠰᠠ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ᠂ ᠠᠵᠢᠯᠯᠠᠭᠠᠨ ᠤ ᠬᠦᠴᠢᠷᠳᠡᠯ ᠲᠠᠢ ᠪᠠᠶᠢᠳᠠᠯ ᠢ ᠪᠠᠰᠠ | ᠦᠨᠳᠦᠰᠦᠨ ᠠᠴᠠ ᠨᠢ ᠬᠤᠪᠢᠷᠠᠭᠤᠯᠵᠤ ᠴᠢᠳᠠᠬᠤ ᠦᠭᠡᠢ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠵᠥᠷᠢᠴᠡᠯ ᠲᠣᠪᠤᠶᠢᠮ᠎ᠠ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠢᠶᠠᠷ ᠬᠦᠷᠦᠯᠴᠡᠬᠦ ᠦᠭᠡᠢ | ᠪᠠᠶᠢᠨ᠎ᠠ᠂ ᠵᠠᠷᠢᠮ ᠺᠠᠳ᠋ᠷᠴᠤᠳ ᠠᠵᠠ ᠲᠣᠬᠢᠶᠠᠯ ᠢ ᠠᠮᠵᠢᠨ ᠦᠵᠡᠯ ᠤᠬᠠᠮᠰᠠᠷ ᠴᠢᠩᠭ᠎ᠠ ᠪᠤᠰᠤ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠢᠶᠠᠷ ᠬᠦᠷᠦᠯᠴᠡᠬᠦ ᠦᠭᠡᠢ ᠪᠠᠶᠢᠵᠤ᠂ ᠮᠡᠳᠡᠯᠭᠡ ᠶᠢᠨ ᠪᠦᠲᠦᠴᠡ᠂ | ᠴᠢᠳᠠᠪᠤᠷᠢ ᠬᠡᠪ ᠴᠢᠨᠠᠷ᠂ ᠰᠤᠷᠲᠠᠯ ᠤᠨ ᠡᠷᠴᠢ ᠵᠣᠷᠢᠭ ᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ | ᠪᠠᠶᠢᠨ᠎ᠠ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠬᠦᠴᠢᠷ ᠢ ᠰᠦᠷᠦᠨ ᠤᠷᠤᠭᠰᠢᠯᠠᠵᠤ᠂ | ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠬᠦ ᠪᠣᠯᠤᠨ᠎ᠠ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | 2024 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ | ᠪᠦᠭᠦᠳᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠪᠤᠭᠤᠲᠤ ᠶᠢᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ | ᠴᠢᠬᠤᠯᠠ ᠵᠢᠭᠠᠪᠤᠷᠢ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠵᠤ᠂ ᠮᠢᠩᠭᠠᠨ ᠳ᠋ᠦᠩᠰᠢᠭᠤᠷ ᠲᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠣᠨ ᠤᠯᠤᠰ ᠤᠨ | ᠲᠡᠰ ᠤᠨ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ | ᠂ ᠪᠦᠬᠦ ᠤᠯᠤᠰ ᠤᠨ ᠴᠢᠬᠤᠯᠠ ᠪᠣᠬᠢᠷᠳᠤᠯ ᠦᠭᠡᠢ ᠬᠥᠩᠭᠡᠨ ᠴᠠᠭᠠᠨ ᠵᠢᠴᠢ ᠬᠥᠩᠭᠡᠨ ᠴᠠᠭᠠᠨ ᠤ ᠰᠠᠭᠤᠷᠢ ᠰᠢᠨ᠎ᠡ | ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠣᠨ ᠪᠠᠷᠠᠭᠤᠨ ᠣᠷᠣᠨ ᠤ ᠬᠠᠮᠤᠭ ᠤᠨ ᠶᠡᠭᠡ ᠳᠡᠭᠡᠳᠦ | ᠲᠡᠰ ᠤᠨ ᠬᠥᠩᠭᠡᠨ ᠴᠠᠭᠠᠨ ᠤ ᠨᠠᠷᠢᠯᠢᠭ ᠡᠳ᠋ᠰᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠰᠢᠨ᠎ᠡ ᠠᠵᠤ ᠦᠢᠯᠡᠰ ᠢ | ᠶᠡᠬᠡᠪᠡᠷ ᠬᠥᠭᠵᠢᠭᠦᠯᠵᠦ᠂ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭᠠᠨ ᠤ ᠦᠢᠯᠡᠰ ᠪᠣᠯᠣᠨ ᠲᠥᠬᠦᠭᠡᠷᠦᠮᠵᠢᠲᠦ | ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠲᠣᠭᠲᠠᠭᠤᠨ ᠤ ᠳᠤᠮᠳᠠ ᠲᠦᠷᠭᠡᠨ | ᠤᠷᠤᠭᠰᠢᠯᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠬᠦᠴᠦᠯᠡᠨ ᠨᠡᠮᠡᠭᠳᠡᠭᠦᠯᠵᠦ᠂ | ᠨᠡᠶᠢᠭᠡᠮ ᠤᠨ ᠲᠣᠭᠲᠠᠭᠤᠨ ᠢ ᠪᠠᠲᠤᠯᠠᠵᠤ᠂ ︽ᠳ᠋ᠦᠩ ᠾᠧ ᠴᠡᠷᠢᠭ ᠤᠨ ᠰᠦᠷ ᠵᠢᠪᠬᠤᠭ᠎ᠠ ᠶᠢ ᠳᠠᠬᠢᠨ ᠪᠠᠳᠠᠷᠠᠭᠤᠯᠵᠤ | ᠂ ᠥᠩᠭᠡᠷᠡᠭᠰᠡᠨ ᠤ ᠬᠥᠭᠵᠢᠶᠡᠨ ᠨᠠᠷᠭᠢᠶᠠᠨ ᠲᠠᠢ ᠪᠠᠶᠢᠭᠰᠠᠨ︾ ᠯᠠᠪᠳᠠᠭᠤᠨ ᠪᠠᠲᠤᠲᠠᠢ ᠠᠯᠬᠤᠮ ᠢ ᠠᠯᠬᠤᠨ᠎ᠠ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠠᠳᠠᠯᠢ | ᠬᠤᠭᠤᠴᠠᠭᠠᠨ ᠤ ᠬᠢ ᠠᠴᠠ 8% ᠣᠷᠴᠢᠮ ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ ᠠᠳᠠᠯᠢ ᠬᠤᠭᠤᠴᠠᠭᠠᠨ ᠤ ᠬᠢ ᠠᠴᠠ 15% ᠣᠷᠴᠢᠮ ᠨᠡᠮᠡᠭᠳᠡᠭᠦᠯᠦᠨ᠎ᠡ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ 20 % ᠠᠴᠠ ᠳᠡᠭᠡᠭᠰᠢ | ᠨᠡᠮᠡᠭᠳᠡᠭᠦᠯᠦᠨ᠎ᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ ᠠᠳᠠᠯᠢ | ᠬᠤᠭᠤᠴᠠᠭᠠᠨ ᠤ ᠬᠢ ᠠᠴᠠ 8 % ᠠᠴᠠ ᠳᠡᠭᠡᠭᠰᠢ ᠨᠡᠮᠡᠭᠳᠡᠭᠦᠯᠦᠨ᠎ᠡ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ ᠠᠳᠠᠯᠢ ᠬᠤᠭᠤᠴᠠᠭᠠᠨ ᠤ ᠬᠢ ᠠᠴᠠ 7 % ᠪᠠᠷ ᠨᠡᠮᠡᠭᠳᠡᠭᠦᠯᠦᠨ᠎ᠡ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ | ᠵᠡᠷᠭᠡᠴᠡᠭᠦᠯᠦᠨ᠎ᠡ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ︽ᠴᠠᠭ︾ ᠪᠣᠯᠤᠨ ︽ᠪᠠᠶᠢᠳᠠᠯ︾ ᠢ ᠣᠨᠣᠪᠴᠢᠲᠠᠢ | ᠡᠵᠡᠮᠳᠡᠬᠦ ᠬᠡᠷᠡᠭᠲᠡᠢ᠃ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ | ᠵᠢᠯ᠂ ᠪᠠᠰᠠ ᠴᠤ ᠮᠠᠨ ᠤ ᠲᠣᠭᠤᠷᠢᠭ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠪᠣᠭᠤᠮᠲᠠ ᠰᠢᠪᠲᠤᠯᠬᠤ ᠵᠢᠯ | ᠪᠣᠯᠤᠨ᠎ᠠ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠣᠳᠣᠬᠠᠨ ᠳᠤ᠂ ᠠᠵᠤ ᠠᠬᠤᠶ ᠶᠢᠨ ᠬᠥᠭᠵᠢᠯᠲᠡ ᠶᠢᠨ ᠣᠷᠴᠢᠨ ᠨᠥᠬᠦᠴᠡᠯ ᠨᠡᠯᠢᠶᠡᠳ ᠪᠤᠳᠤᠯᠢᠶᠠᠨᠲᠠᠶ᠂ | ᠲᠣᠭᠲᠠᠭᠠᠯᠲᠤ ᠪᠤᠰᠤ ᠴᠢᠨᠠᠷᠲᠠᠶ ᠬᠦᠴᠦᠨ ᠵᠦᠢᠯ ᠴᠥᠭᠡᠨ ᠪᠤᠰᠤ ᠣᠷᠣᠰᠢᠵᠤ᠂ ᠭᠠᠵᠠᠷ ᠣᠷᠣᠨ ᠤ ᠬᠥᠭᠵᠢᠯᠲᠡ | ᠥᠷᠢᠰᠥᠯᠳᠦᠭᠡᠨ ᠡᠳᠦᠷ ᠢᠷᠡᠬᠦᠶ᠎ᠡ ᠰᠢᠷᠦᠭᠦᠰᠴᠦ᠂ ᠠᠵᠤ ᠠᠬᠤᠶ ᠶᠢᠨ ᠠᠵᠢᠯ ᠳᠤ ᠰᠢᠨ᠎ᠡ ᠬᠦᠴᠢᠷᠳᠡᠯ ᠪᠠ | ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠭᠡᠪᠡᠴᠦ ᠶᠡᠷᠦᠩᠬᠡᠶ ᠳᠤᠨᠢ ᠠᠪᠴᠤ ᠦᠵᠡᠪᠡᠯ᠂ ᠠᠵᠠ ᠲᠣᠬᠢᠶᠠᠯ | ᠥᠷᠢᠰᠥᠯᠳᠦᠭᠡᠨ ᠠᠴᠠ ᠶᠡᠭᠡ ᠪᠠᠶᠢᠵᠤ᠂ ᠬᠥᠳᠡᠯᠭᠡᠬᠦ ᠬᠦᠴᠦᠨ ᠳᠠᠷᠤᠯᠲᠠ ᠠᠴᠠ ᠴᠢᠩᠭ᠎ᠠ ᠪᠠᠶᠢᠨ᠎ᠠ᠃ ᠲᠥᠷᠥ ᠶᠢᠨ | ᠪᠣᠳᠣᠯᠭ᠎ᠠ ᠶᠢᠨ ᠨᠥᠬᠦᠴᠡᠯ ᠠᠴᠠ ᠦᠵᠡᠪᠡᠯ᠂ ᠮᠠᠨ ᠤ ᠤᠯᠤᠰ ᠤᠨ ᠠᠵᠤ ᠠᠬᠤᠶ ᠯᠤᠲᠤ ᠶᠡᠭᠡ ᠬᠥᠭᠵᠢᠯᠲᠡ ᠶᠢᠨ | ᠤᠶᠠᠨ ᠬᠠᠳᠠᠨ ᠴᠢᠨᠠᠷ ᠪᠠ ᠳᠠᠯᠳᠠ ᠬᠦᠴᠦᠨ ᠲᠠᠢ ᠪᠠᠶᠢᠵᠤ᠂ ᠠᠵᠤ ᠠᠬᠤᠶ ᠶᠢᠨ ᠳᠡᠭᠡᠭᠰᠢᠯᠡᠵᠦ ᠰᠠᠶᠢᠵᠢᠷᠠᠬᠤ᠂ | ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠶ᠃ ᠨᠠᠮ ᠤᠨ ᠲᠥᠪ | ᠬᠤᠷᠢᠶ᠎ᠠ ᠠᠴᠠ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ | ᠣᠷᠣᠨ ᠢ ᠬᠥᠭᠵᠢᠭᠦᠯᠦᠨ ᠮᠠᠨᠳᠤᠭᠤᠯᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ | ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ | ᠰᠠᠨᠠᠯ︾ ᠢ ᠨᠡᠶᠢᠲᠡᠯᠡᠵᠦ᠂ ᠬᠤᠯᠪᠣᠭᠳᠠᠯ ᠪᠦᠬᠦᠢ ᠶᠠᠮᠤᠨ ᠵᠥᠪᠯᠡᠯ ᠤᠨ ᠬᠢᠨ ᠠᠯᠢ ᠤᠯᠠᠨ ᠢᠵᠢ ᠪᠦᠷᠢᠳᠦᠭᠰᠡᠨ | ᠠᠷᠭ᠎ᠠ ᠬᠡᠮᠵᠢᠶ᠎ᠡ ᠶᠢ ᠲᠣᠭᠲᠠᠭᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳ᠋ᠦᠩ ᠾᠧ | ᠲᠣᠭᠤᠷᠢᠭ ᠤᠨ ᠬᠥᠭᠵᠢᠯᠲᠡ ᠶᠢ ᠳᠡᠮᠵᠢᠬᠦ ᠶᠢ ᠤᠷᠢᠳ ᠡᠮᠦᠨ᠎ᠡ ᠪᠠᠶᠢᠭ᠎ᠠ ᠦᠭᠡᠢ ᠴᠢᠬᠤᠯᠠᠴᠢᠯᠠᠵᠤ᠂ | ᠬᠠᠳᠠᠭᠠᠯᠠᠯᠲᠠ ᠶᠢᠨ ᠲᠦᠷᠦ ᠶᠢᠨ ᠪᠤᠳᠤᠯᠭ᠎ᠠ ᠪᠠ ᠨᠡᠮᠡᠭᠳᠡᠯ ᠤᠨ ᠲᠦᠷᠦ ᠶᠢᠨ ᠪᠤᠳᠤᠯᠭ᠎ᠠ ᠬᠠᠷᠢᠯᠴᠠᠨ ᠳᠠᠪᠬᠤᠴᠠᠵᠤ᠂ | ᠬᠤᠷᠸ᠎ᠠ ᠲᠦᠷᠦ ᠶᠢᠨ ᠪᠤᠳᠤᠯᠭ᠎ᠠ ᠪᠠ ᠪᠣᠳᠠᠲᠠᠢ ᠳᠡᠮᠵᠢᠯᠭᠡ ᠦᠵᠡᠭᠦᠯᠦᠨ ᠬᠠᠮᠵᠢᠯᠴᠠᠨ ᠬᠦᠴᠦᠯᠡᠵᠦ᠂ ᠪᠢᠳᠡᠨ ᠤ | ᠬᠥᠭᠵᠢᠯᠲᠡ ᠪᠠᠨ ᠲᠦᠷᠭᠡᠳᠬᠡᠬᠦ᠂ ᠲᠣᠭᠲᠠᠭᠤᠨ ᠤ ᠳᠤᠮᠳᠠ ᠲᠦᠷᠭᠡᠨ ᠬᠥᠭᠵᠢᠬᠦ ᠳᠤ ᠰᠠᠶᠢᠨ ᠰᠠᠶᠢᠬᠠᠨ ᠣᠷᠴᠢᠨ | ᠲᠣᠭᠤᠷᠢᠨ ᠢ ᠡᠭᠦᠳᠴᠦ᠂ ᠴᠢᠬᠤᠯᠠ ᠶᠡᠭᠡ ᠠᠰᠢᠭ ᠲᠤᠰᠠ ᠶᠢ ᠠᠪᠴᠢᠷᠠᠭᠰᠠᠨ ᠪᠠᠶᠢᠨ᠎ᠠ᠃ ᠲᠣᠰ ᠪᠡᠶ᠎ᠡ ᠶᠢᠨ | ᠬᠥᠭᠵᠢᠯᠲᠡ ᠠᠴᠠ ᠦᠵᠡᠪᠡᠯ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠴᠢᠭᠯᠡᠯ ᠬᠠᠷᠠᠯᠲᠠ ᠨᠠᠩ ᠲᠣᠳᠣᠷᠬᠠᠶ | ᠪᠣᠯᠵᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠷᠭ᠎ᠠ ᠵᠠᠮ ᠠᠷᠭ᠎ᠠ ᠬᠡᠮᠵᠢᠶ᠎ᠡ ᠨᠠᠩ ᠲᠣᠳᠣᠷᠬᠠᠶ ᠪᠣᠯᠵᠤ᠂ | ᠵᠠᠷᠢᠮ ᠲᠡᠤᠬᠡ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠪᠥᠬᠦ | ᠲᠤᠭᠤᠷᠢᠭ ᠢᠶᠠᠷ ᠢᠶᠠᠨ ᠠᠵᠢᠯ ᠬᠢᠵᠦ ᠠᠳᠠᠯ ᠦᠢᠯᠡᠰ ᠴᠣᠭᠴᠠᠯᠠᠨ᠂ ᠡᠷᠡᠯᠬᠡᠭᠯᠡᠨ ᠲᠡᠮᠡᠴᠡᠬᠦ ᠰᠡᠳᠬᠢᠯ ᠨᠠᠩ | ᠨᠢᠭᠡᠳᠦᠯᠲᠡᠶ᠂ ᠡᠷᠴᠢ ᠬᠦᠴᠦᠨ ᠨᠠᠩ ᠭᠦᠢᠴᠡᠳ ᠪᠣᠯᠵᠣ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠳᠤ | ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠭᠰᠠᠨ ᠪᠠᠶᠢᠨ᠎ᠠ᠃ ᠪᠢᠳᠡ ᠡᠷᠬᠡᠪᠰᠢ ᠪᠦᠬᠦ ᠵᠢᠯ ᠤᠨ ᠠᠵᠢᠯ ᠢ | ᠰᠠᠶᠢᠲᠤᠷ ᠬᠢᠬᠦ ᠢᠲᠡᠭᠡᠯ ᠵᠣᠷᠢᠭ ᠪᠠ ᠢᠳᠡ ᠬᠦᠴᠦᠨ ᠢᠶᠠᠨ ᠴᠢᠩᠭᠠᠳᠬᠠᠵᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ | ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠠᠵᠠ ᠲᠣᠬᠢᠶᠠᠯ ᠢ ᠠᠮᠵᠢᠵᠤ᠂ ᠵᠣᠷᠢᠭᠲᠠᠢ ᠪᠠᠷ ᠴᠢᠷᠮᠠᠶᠢᠨ ᠠᠵᠢᠯᠯᠠᠵᠤ᠂ | ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠯ᠎ᠡ ᠵᠦᠢᠯ ᠤᠨ ᠠᠵᠢᠯ ᠤᠨ ᠨᠡᠩ ᠯᠠᠪᠳᠠᠭᠤᠨ ᠪᠠᠲᠤᠲᠠᠢ ᠠᠯᠬᠤᠮ ᠢ | ᠠᠯᠬᠤᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ | ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠲᠦᠷᠦ ᠶᠢᠨ ᠪᠤᠳᠤᠯᠭ᠎ᠠ ᠭᠠᠷᠭᠠᠬᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠪᠦᠬᠦ ᠶᠠᠪᠤᠴᠠ ᠡᠯ᠎ᠡ ᠲᠠᠯ᠎ᠠ ᠳᠤ ᠡᠷᠡᠰ ᠲᠤᠤᠱᠯᠠᠭᠤᠯᠵᠤ᠂ ᠤᠷᠳᠤ | ᠬᠤᠭᠤᠴᠠᠭᠠᠨ ᠤ ᠠᠷᠭ᠎ᠠ ᠪᠤᠳᠤᠯᠭ᠎ᠠ ᠶᠢ ᠢᠯᠡᠭᠦᠬᠡᠨ ᠰᠦᠪᠡᠭᠴᠢᠯᠡᠵᠦ᠂ ᠦᠨᠳᠦᠰᠦ ᠪᠠᠨ ᠪᠠᠬᠢᠵᠢᠭᠦᠯᠬᠦ ᠠᠷᠭ᠎ᠠ | ᠬᠡᠮᠵᠢᠶ᠎ᠡ ᠶᠢ ᠢᠯᠡᠭᠦᠬᠡᠨ ᠬᠡᠷᠡᠭᠵᠢᠭᠦᠯᠬᠦ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ | ᠪᠠᠷᠢᠮᠲᠠᠯᠠᠨ᠎ᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠡᠯ᠎ᠡ ᠵᠦᠢᠯ ᠤᠨ ᠠᠵᠢᠯ ᠢ | ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠃ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ᠂ ᠡᠯ᠎ᠡ ᠭᠤᠭᠴᠤᠭ᠎ᠠ ᠳᠤ | ᠡᠷᠡᠰ ᠨᠠᠶᠢᠳᠠᠪᠤᠷᠢᠵᠢᠭᠤᠯᠬᠤ ᠬᠡᠷᠡᠭᠲᠡᠶ᠃ ᠲᠤᠭᠤᠷᠢᠭ ᠤᠨ ᠨᠠᠮ ᠤᠨ ᠬᠤᠷᠢᠶᠠᠨ ᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠣᠰᠣᠭᠠᠷ᠂ ᠪᠥᠬᠦ ᠵᠢᠯ ᠤᠨ ᠬᠠᠷᠠᠯᠲᠠ ᠡᠭᠦᠷᠭᠡ ᠶᠢ ᠲᠣᠭᠲᠠᠭᠠᠵᠤ᠂ ᠨᠠᠩ ᠬᠦᠴᠦᠯᠡᠨ ᠴᠢᠷᠮᠠᠶᠢᠵᠤ | ᠦᠢᠯᠡᠰ ᠪᠦᠲᠦᠭᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ | ᠰᠢᠰᠲ᠋ᠧᠮᠲᠦ ᠰᠡᠳᠬᠢᠬᠦᠶ ᠶᠢ ᠢᠮᠠᠭᠲᠠ ᠪᠠᠷᠢᠮᠲᠠᠯᠠᠨ᠎ᠠ᠃ ᠥᠩᠭᠡᠷᠡᠭᠰᠡᠨ ᠳᠤ ᠮᠠᠨ ᠤ ᠴᠥᠭᠡᠨ ᠪᠤᠰᠤ ᠠᠵᠢᠯ ᠳᠤ | ᠬᠡᠰᠡᠭ ᠪᠤᠰᠠᠭᠴᠢᠯᠠᠭᠰᠠᠨ᠂ ᠲᠠᠷᠠᠬᠠᠶ ᠪᠤᠲᠠᠷᠬᠠᠶ ᠦᠵᠡᠭᠳᠡᠯ ᠣᠷᠣᠰᠢᠵᠤ᠂ ᠵᠠᠷᠢᠮ ᠨᠢ ᠪᠠᠰᠠ ᠨᠡᠯᠢᠶᠡᠳ ᠬᠦᠨᠳᠦ | ᠨᠣᠴᠢᠲᠠᠶ ᠪᠠᠶᠢᠵᠤ᠂ ᠮᠠᠨ ᠤ ᠠᠵᠢᠯ ᠤᠨ ᠦᠷ᠎ᠡ ᠪᠦᠲᠦᠮᠵᠢ ᠶᠢ ᠮᠠᠰᠢ ᠶᠡᠭᠡ ᠬᠡᠮᠵᠢᠶ᠎ᠡ ᠪᠠᠷ ᠨᠥᠯᠥᠭᠡᠯᠡᠵᠦ ᠪᠠᠶᠢᠨ᠎ᠠ᠃ | ᠡᠨᠡ ᠬᠦ ᠮᠠᠭᠤ ᠪᠠᠶᠢᠳᠠᠯ ᠢ ᠡᠷᠡᠰ ᠬᠤᠪᠢᠷᠠᠭᠤᠯᠵᠤ᠂ ᠪᠦᠬᠦ ᠶᠠᠪᠤᠴᠠ᠂ ᠪᠦᠬᠦ ᠦᠶᠡᠯᠡᠯ ᠤᠨ ᠬᠤᠭᠤᠴᠠᠭᠠᠨ ᠳᠤ | ᠠᠵᠢᠯ ᠢᠶᠠᠨ ᠰᠠᠶᠢᠲᠤᠷ ᠠᠳᠬᠤᠵᠤ᠂ ᠠᠵᠢᠯ ᠤᠨ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ᠂ ᠪᠦᠷᠢᠨ ᠪᠦᠲᠦᠨ | ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠶᠢᠬᠤ ᠶᠢ ᠢᠮᠠᠭᠲᠠ | ᠪᠠᠷᠢᠮᠲᠠᠯᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ | ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ︽ᠤᠳᠠᠭᠠᠨ᠂ ᠪᠦᠳᠦᠭᠦᠯᠢᠭ᠂ ᠬᠠᠭᠤᠷᠮᠠᠭ︾ ᠪᠠᠶᠢᠬᠤ | ᠠᠰᠠᠭᠤᠳᠠᠯ ᠢ ᠡᠷᠡᠰ ᠬᠤᠷᠢᠭᠯᠠᠵᠤ᠂ ᠲᠣᠭᠲᠠᠭᠠᠭᠰᠠᠨ ᠶᠠᠪᠤᠳᠠᠯ ᠢ ᠪᠤᠰᠢᠭᠤ ᠰᠢᠭᠤᠷᠬᠠᠢ᠂ ᠲᠦᠷᠭᠡᠨ ᠠᠬᠢᠭᠤᠯᠵᠤ᠂ | ᠡᠯ᠎ᠡ ᠭᠤᠭᠴᠤᠭ᠎ᠠ ᠶᠢᠨ ᠠᠵᠢᠯ ᠢ ᠪᠣᠳᠠᠲᠠᠢ ᠨᠠᠷᠢᠯᠢᠭ ᠬᠢᠵᠦ᠂ ᠠᠵᠢᠯ ᠤᠨ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ | ᠪᠠᠷᠢᠮᠵᠢᠶ᠎ᠠ ᠶᠢ ᠳᠡᠭᠡᠭᠰᠢᠯᠡᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠴᠠᠭ ᠢᠮᠠᠭᠲᠠ ᠵᠢᠮ᠎ᠡ | ᠶᠣᠰᠣ ᠪᠠᠷ ᠠᠵᠢᠯᠯᠠᠬᠤ ᠶᠢ ᠪᠠᠷᠢᠮᠲᠠᠯᠠᠨ᠎ᠠ᠃ ᠴᠢᠳᠠᠯ ᠤᠨ ᠬᠢᠷᠢ ᠪᠠᠷ ᠢᠶᠠᠨ ᠴᠢᠷᠮᠠᠶᠢᠬᠤ ᠪᠠ ᠴᠢᠳᠠᠯ ᠤᠨ ᠢᠶᠠᠨ | ᠬᠢᠷᠢ ᠪᠠᠷ ᠬᠢᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠵᠦ᠂ ᠵᠢᠮ᠎ᠡ ᠶᠣᠰᠣ ᠶᠢ | ᠵᠢᠷᠤᠮᠯᠠᠵᠤ᠂ ᠬᠡᠷᠡᠭᠴᠡᠭᠡ ᠪᠠ ᠪᠣᠯᠤᠯᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠯᠠᠪᠳᠠᠭᠤᠨ | ᠪᠠᠲᠤᠲᠠᠢ ᠠᠵᠢᠯᠯᠠᠵᠤ᠂ ᠤᠴᠢᠷ ᠶᠠᠪᠤᠳᠠᠯ ᠨᠢᠭᠡᠪᠦᠷᠢ ᠶᠢ ᠦᠨᠡᠨ ᠪᠣᠳᠠᠲᠠᠢ ᠰᠠᠶᠢᠲᠤᠷ ᠬᠢᠵᠦ᠂ ᠡᠯ᠎ᠡ ᠵᠦᠢᠯ ᠤᠨ | ᠠᠵᠢᠯ ᠤᠨ ᠤᠯᠠᠨ ᠲᠦᠮᠡᠨ ᠤ ᠵᠥᠪᠰᠢᠶᠡᠷᠡᠯ ᠢ ᠣᠯᠵᠤ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ | ᠦᠨᠡᠨ ᠬᠦ ᠪᠠᠲᠤᠯᠠᠬᠤ ᠬᠡᠷᠡᠭᠲᠡᠢ᠃ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄ | ︵ᠨᠢᠭᠡ︶ ᠠᠵᠤ ᠦᠢᠯᠡᠳᠪᠦᠷᠢ ᠶᠢᠨ ᠬᠦᠴᠦᠷᠬᠡᠭ ᠲᠣᠭᠤᠷᠢᠭ ᠤᠨ ᠬᠦᠳᠡᠯᠭᠡᠭᠴᠢ ᠴᠢᠳᠠᠪᠤᠷᠢ ᠶᠢᠨ | ᠴᠤᠭᠯᠠᠷᠠᠯ ᠢ ᠪᠦᠬᠦ ᠬᠦᠴᠦᠨ ᠢᠶᠠᠷ ᠠᠬᠢᠭᠤᠯᠤᠨ᠎ᠠ | ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ︽ | ᠪᠥᠬᠦ ᠤᠯᠤᠰ ᠤᠨ ᠴᠢᠬᠤᠯᠠ ᠪᠣᠬᠢᠷᠲᠤᠯ ᠥᠬᠡᠶ ᠬᠦᠩᠭᠡᠨᠴᠠᠭᠠᠨ ᠵᠢᠴᠢ ᠬᠦᠩᠭᠡᠨᠴᠠᠭᠠᠨ ᠤ ᠰᠠᠭᠤᠷᠢ ᠰᠢᠨ᠎ᠡ | ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠪᠠᠷᠠᠭᠤᠨ ᠣᠷᠣᠨ ᠤ ᠬᠠᠮᠤᠭ ᠤᠨ ᠶᠡᠭᠡ ᠳᠡᠭᠡᠳᠦ | ᠲᠠᠰ ᠤᠨ ᠬᠦᠩᠭᠡᠨᠴᠠᠭᠠᠨ ᠢ ᠨᠠᠷᠢᠯᠢᠭ ᠭᠦᠨᠵᠡᠭᠡᠶ ᠡᠳ᠋ᠰᠢᠭᠦᠯᠬᠦ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠬᠤ︾ | ᠬᠠᠷᠠᠯᠲᠠ ᠶᠢ ᠲᠣᠭᠲᠠᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠠᠬᠢᠭᠤᠯᠬᠤ ᠶᠢᠨ ᠬᠠᠮᠲᠤ᠂ ᠰᠢᠨ᠎ᠡ ᠤᠷᠤᠯᠳᠤᠭᠠᠨ ᠤ ᠵᠠᠮ ᠢ ᠲᠠᠰᠤᠷᠠᠯᠲᠠ ᠥᠬᠡᠶ ᠨᠡᠭᠡᠭᠡᠵᠦ᠂ ᠰᠢᠨ᠎ᠡ ᠳᠠᠪᠠᠭᠤᠯᠢᠭ ᠢ | ᠪᠣᠶ ᠪᠣᠯᠭᠠᠨ᠎ᠠ᠃ | ᠤᠯᠤᠰ ᠤᠨ ᠲᠡᠰ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ ᠪᠣᠬᠢᠷᠳᠠᠯ ᠦᠭᠡᠢ ᠣᠷᠣᠯᠠᠭᠤᠯᠤᠯᠲᠠ ᠶᠢ | ᠰᠢᠨ᠎ᠡ ᠠᠬᠢᠴᠠ ᠲᠠᠢ ᠪᠣᠯᠭᠠᠬᠤ ᠶᠢ ᠠᠬᠢᠭᠤᠯᠤᠨ᠎ᠠ᠃ ᠪᠤᠭᠤᠲᠤ ᠶᠢᠨ ᠬᠥᠩᠭᠡᠨ ᠴᠠᠭᠠᠨ ᠤ ᠵᠢᠱᠢᠶ᠎ᠡ ᠦᠵᠡᠭᠦᠯᠬᠦ ᠰᠢᠨ᠎ᠡ | ᠡᠨᠧᠷᠭᠢ ᠶᠢᠨ ᠲᠥᠷᠥᠯ ᠵᠦᠢᠯ ᠢ ᠵᠢᠯ ᠤᠨ ᠳᠣᠲᠣᠷ᠎ᠠ ᠪᠣᠬᠢᠷᠲᠤᠯ ᠥᠬᠡᠶ ᠴᠠᠬᠢᠯᠭᠠᠨ ᠤ ᠰᠢᠭᠤᠳ ᠬᠠᠩᠭᠠᠯᠭ᠎ᠠ ᠶᠢ | ᠪᠡᠶᠡᠯᠡᠭᠦᠯᠬᠦ ᠶᠢ ᠠᠬᠢᠭᠤᠯᠵᠤ᠂ ᠣᠲᠣ ᠶᠢᠨ ᠪᠠᠶᠢᠭ᠎ᠠ ᠠᠵᠤ ᠠᠬᠤᠶᠢᠯᠠᠯ᠂ ᠰᠢᠨ᠎ᠡ ᠪᠠᠷ ᠪᠠᠶᠢᠭᠤᠯᠬᠤ ᠲᠥᠷᠥᠯ | ᠵᠦᠢᠯ ᠤᠨ 6 ᠲᠥᠷᠥᠯ ᠤᠨ ᠵᠠᠬ᠎ᠠ ᠳᠡᠯᠭᠡᠭᠦᠷᠴᠢᠯᠡᠭᠰᠡᠨ ᠲᠠᠯᠠᠪᠤᠷ ᠢᠶᠠᠷ ᠳᠠᠮᠵᠢᠭᠤᠯᠤᠨ ᠰᠢᠨ᠎ᠡ ᠡᠨᠧᠷᠭᠢ ᠶᠢᠨ ᠲᠥᠷᠥᠯ | ᠵᠦᠢᠯ ᠢ ᠴᠢᠷᠮᠠᠶᠢᠨ ᠣᠯᠵᠤ᠂ ᠦᠯᠡᠳᠡᠭᠡᠯ ᠳᠠᠭᠠᠭᠠᠴᠠ ᠶᠢᠨ ᠪᠣᠬᠢᠷᠲᠤᠯ ᠥᠬᠡᠶ ᠴᠠᠬᠢᠯᠭᠠᠨ ᠤ ᠰᠢᠭᠤᠳ ᠬᠠᠩᠭᠠᠬᠤ | ᠲᠤᠷᠰᠢᠯᠲᠠ ᠶᠢᠨ ᠴᠡᠭ ᠢ ᠢᠳᠡᠪᠬᠢᠲᠡᠶ ᠪᠠᠷ ᠴᠢᠷᠮᠠᠶᠢᠨ ᠣᠯᠵᠤ᠂ ᠵᠢᠯ ᠤᠨ ᠰᠡᠭᠦᠯᠴᠢ ᠠᠴᠠ ᠡᠮᠦᠨ᠎ᠡ ᠰᠢᠨ᠎ᠡ | ᠡᠨᠧᠷᠭᠢ ᠶᠢᠨ ᠠᠰᠢᠭᠯᠠᠯᠲᠠ ᠶᠢᠨ ᠬᠠᠷᠢᠴᠠᠯ ᠢ 40% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ | ᠪᠣᠬᠢᠷᠳᠠᠯ ᠦᠭᠡᠢ ᠠᠵᠤ ᠦᠢᠯᠡᠰ ᠤᠨ ᠰᠢᠨ᠎ᠡ ᠠᠯᠬᠤᠮ ᠢ ᠠᠯᠬᠤᠬᠤ ᠶᠢ ᠠᠬᠢᠭᠤᠯᠤᠨ᠎ᠠ᠃ ᠳᠠᠬᠢᠯᠲᠠ | ᠬᠥᠩᠭᠡᠨ ᠴᠠᠭᠠᠨ᠂ ᠬᠠᠶᠠᠭᠳᠠᠮᠠᠯ ᠬᠥᠩᠭᠡᠨ ᠴᠠᠭᠠᠨ᠂ ᠬᠠᠶᠠᠭᠳᠠᠮᠠᠯ ᠮᠠᠰᠢᠨ ᠲᠡᠷᠭᠡᠨ ᠤ ᠬᠡᠷ ᠤᠨ ᠴᠠᠬᠢᠯᠭᠠᠨ ᠬᠡᠷᠡᠭᠰᠡᠯ᠂ | ᠨᠤᠨᠲᠠᠭ ᠨᠡᠭᠦᠷᠡᠰᠦᠨ ᠤ ᠦᠨᠡᠰᠦ᠂ ᠬᠥᠩᠭᠡᠨ ᠴᠠᠭᠠᠨ ᠤ ᠦᠨᠡᠰᠦ ᠵᠡᠷᠭᠡ ᠤᠯᠠᠮᠵᠢᠯᠠᠯᠲᠤ ᠬᠠᠲᠠᠭᠤ ᠪᠡᠶᠡᠲᠦ | ᠠᠶᠤᠯᠲᠠᠶ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠳᠡᠮᠵᠢᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠣᠲᠣ ᠶᠢᠨ ᠪᠠᠶᠢᠭ᠎ᠠ ᠠᠵᠤ ᠠᠬᠤᠶᠢᠯᠠᠯ ᠪᠠ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ | ᠬᠡᠪᠴᠢᠶᠡᠵᠢᠭᠰᠡᠨ᠂ ᠠᠵᠤ ᠦᠶᠢᠯᠡᠰᠵᠢᠭᠰᠡᠨ ᠳᠠᠪᠠᠭᠤᠯᠢᠭ ᠢ ᠪᠦᠷᠢᠯᠳᠦᠭᠦᠯᠬᠦ ᠶᠢ ᠳᠡᠮᠵᠢᠬᠦ ᠶᠢᠨ ᠬᠠᠮᠲᠤ᠂ ᠴᠡᠷᠢᠭ ᠤᠨ | ᠠᠯᠪᠠ ᠠᠴᠠ ᠪᠠᠭᠤᠭᠰᠠᠨ ᠬᠡᠷᠡᠯ ᠴᠡᠨᠡᠭ ᠤᠨ ᠲᠣᠨᠣᠭᠯᠠᠯ᠂ ᠬᠥᠳᠡᠯᠭᠡᠬᠦ ᠬᠦᠴᠦᠨ ᠤ ᠳ᠋ᠢᠶᠠᠨ ᡂᠢ᠂ ᠰᠠᠯᠬᠢᠨ | ᠬᠦᠴᠦᠨ ᠤ ᠮᠠᠰᠢᠨ ᠤ ᠨᠠᠪᠴᠢ ᠵᠡᠷᠭᠡ ᠰᠢᠨ᠎ᠡ ᠬᠡᠯᠪᠡᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠭᠡᠭᠦᠯᠦᠨ | ᠬᠤᠷᠢᠶᠠᠵᠤ ᠠᠰᠢᠭᠯᠠᠬᠤ ᠶᠢ ᠰᠦᠪᠡᠭᠴᠢᠯᠡᠨ ᠪᠠᠶᠢᠷᠢᠯᠠᠭᠤᠯᠵᠤ᠂ ᠪᠥᠬᠦ ᠠᠵᠤ ᠦᠢᠯᠡᠰ ᠤᠨ ᠬᠡᠯᠬᠢᠶ᠎ᠡ ᠨᠢ ︽ | ᠰᠤᠳᠤᠯᠤᠨ ᠨᠡᠭᠡᠭᠡᠬᠦ - ᠬᠤᠷᠢᠶᠠᠨ ᠠᠪᠬᠤ - ᠰᠢᠢᠳᠪᠦᠷᠢᠯᠡᠬᠦ - ᠡᠳ᠋ᠰᠢᠭᠦᠯᠬᠦ - ᠠᠰᠢᠭᠯᠠᠬᠤ︾ ᠶᠢ ᠨᠢᠭᠡ | ᠴᠤᠭᠴᠠᠵᠢᠭᠤᠯᠤᠨ ᠪᠠᠶᠢᠷᠢᠰᠢᠭᠤᠯᠵᠤ᠂ ᠪᠣᠬᠢᠷᠲᠤᠯ ᠥᠬᠡᠶ ᠣᠷᠴᠢᠯ ᠠᠵᠤ ᠦᠢᠯᠡᠰ ᠤᠨ ᠥᠨᠳᠥᠷ ᠬᠢᠷᠢ ᠲᠦᠪᠰᠢᠨ᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ | ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠳ᠋ᠦᠩ ᠬᠤᠸᠠ ᠢᠯᠴᠢ ᠴᠠᠬᠢᠯᠭᠠᠨ ᠪᠠ | ᠪᠤᠭᠤᠲᠤ ᠶᠢᠨ ᠬᠥᠩᠭᠡᠨ ᠴᠠᠭᠠᠨ ᠤ ᠪᠡᠯᠡᠳᠬᠡᠯ ᠴᠠᠬᠢᠯᠭᠠᠨ ᠤ ᠦᠢᠯᠡᠳᠪᠦᠷᠢ ᠶᠢᠨ ᠮᠠᠰᠢᠨ ᠴᠣᠭᠴᠠᠯᠠᠪᠤᠷᠢ ᠶᠢᠨ | ᠭᠦᠨᠵᠡᠭᠡᠶ ᠪᠥᠭᠡᠳ ᠠᠮᠢᠳᠤᠯᠢᠭ ᠴᠢᠨᠠᠷᠲᠠᠶ ᠥᠭᠡᠷᠡᠴᠢᠯᠡᠯᠲᠡ ᠶᠢ ᠳᠡᠮᠵᠢᠵᠦ᠂ ᠴᠠᠬᠢᠯᠭᠠᠨ ᠤ ᠨᠡᠭᠦᠷᠡᠰᠦᠨ ᠤ | ᠬᠤᠷᠣᠭᠳᠠᠯ ᠢ ᠦᠷᠭᠦᠯᠵᠢᠯᠡᠨ ᠪᠠᠭᠤᠷᠠᠭᠤᠯᠤᠨ᠎ᠠ᠃ ᠡᠨᠧᠷᠭᠢ ᠬᠡᠷᠡᠭᠯᠡᠬᠦ 4 ᠭᠤᠤᠯᠳᠠᠯᠭ᠎ᠠ ᠲᠠᠢ ᠠᠵᠤ ᠠᠬᠤᠶᠢᠯᠠᠯ ᠤᠨ | ᠡᠨᠧᠷᠭᠢ ᠠᠷᠪᠢᠯᠠᠬᠤ ᠳᠤ ᠦᠨᠡᠯᠡᠯᠲᠡ ᠬᠢᠬᠦ ᠪᠠ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠭᠤᠤᠯᠳᠠᠯᠭ᠎ᠠ ᠲᠠᠢ | ᠬᠡᠷᠡᠭᠵᠢᠭᠦᠯᠵᠦ᠂ ᠡᠨᠧᠷᠭᠢ ᠠᠷᠪᠢᠯᠠᠬᠤ ᠥᠨᠳᠥᠷ ᠦᠷ᠎ᠡ ᠪᠦᠲᠦᠮᠵᠢᠲᠡᠶ ᠲᠥᠬᠦᠭᠡᠷᠦᠮᠵᠢ ᠬᠡᠷᠡᠭᠯᠡᠬᠦ ᠤᠷᠠᠨ ᠳᠠᠷᠬ᠎ᠠ ᠶᠢ | ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ ᠶᠢ ᠵᠣᠷᠢᠭᠵᠢᠭᠤᠯᠵᠤ᠂ ᠡᠨᠧᠷᠭᠢ ᠠᠰᠢᠭᠯᠠᠬᠤ ᠬᠢᠷᠢ ᠬᠡᠮᠵᠢᠶ᠎ᠡ | ᠪᠣᠯᠤᠨ ᠡᠨᠧᠷᠭᠢ ᠶᠢᠨ ᠠᠰᠢᠭᠯᠠᠮᠵᠢ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠡᠷᠡᠯ | ᠴᠡᠨᠡᠭ ᠤᠨ ᠪᠠᠷᠢᠯᠭ᠎ᠠ ᠶᠢ ᠨᠢᠭᠡ ᠴᠤᠭᠴᠠᠵᠢᠭᠤᠯᠬᠤ ᠪᠠ ᠨᠡᠭᠦᠷᠡᠰᠦᠲᠥ᠋ᠷᠥᠭᠴᠢ ᠶᠢ ᠬᠤᠷᠢᠶᠠᠨ ᠴᠤᠭᠯᠠᠭᠤᠯᠬᠤ᠂ | ᠨᠡᠭᠦᠷᠡᠰᠦᠲᠥ᠋ᠷᠥᠭᠴᠢ ᠶᠢ ᠪᠢᠲᠡᠭᠦᠮᠵᠢᠯᠡᠨ ᠬᠠᠳᠠᠭᠠᠯᠠᠬᠤ᠂ ᠨᠡᠭᠦᠷᠡᠰᠦᠲᠥ᠋ᠷᠥᠭᠴᠢ ᠶᠢ ᠠᠰᠢᠭᠯᠠᠬᠤ ᠵᠡᠷᠭᠡ ᠰᠢᠨ᠎ᠡ | ᠮᠡᠷᠭᠡᠵᠢᠯ ᠢ ᠳᠡᠯᠭᠡᠷᠡᠭᠦᠯᠵᠦ᠂ ᠬᠦᠨᠳᠦ ᠠᠴᠢᠶᠠᠨ ᠤ ᠮᠠᠰᠢᠨ ᠢ ᠴᠠᠬᠢᠯᠭᠠᠨ ᠰᠣᠯᠢᠬᠤ ᠥᠷᠲᠡᠭᠡ ᠪᠠ ᠴᠠᠬᠢᠯᠭᠠᠨ | ᠴᠡᠨᠡᠭᠯᠡᠬᠦ ᠱᠤᠩ ᠢ ᠲᠦᠷᠭᠡᠳᠬᠡᠨ ᠪᠠᠶᠢᠭᠤᠯᠵᠤ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠤ | ᠬᠡᠷᠡᠭᠯᠡᠯᠲᠡ ᠶᠢ ᠳᠡᠯᠭᠡᠷᠡᠭᠦᠯᠦᠨ᠂ ᠪᠣᠬᠢᠷᠲᠤᠯ ᠥᠬᠡᠶ ᠴᠡᠪᠡᠷ ᠲᠡᠭᠡᠭᠡᠪᠦᠷᠢ ᠶᠢ ᠪᠡᠶᠡᠯᠡᠭᠦᠯᠵᠦ᠂ ᠣᠯᠠᠨ ᠳᠠᠯ᠎ᠠ᠂ ᠪᠥᠬᠦ | ᠬᠦᠷᠢᠶᠡᠨ ᠳᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ | ᠪᠥᠲᠥᠭᠡᠨ ᠪᠠᠶᠢᠭᠤᠯᠤᠨ᠎ᠠ᠃ | ᠬᠥᠩᠭᠡᠨ ᠴᠠᠭᠠᠨ ᠤ ᠨᠠᠷᠢᠯᠢᠭ ᠪᠣᠯᠪᠠᠰᠤᠷᠠᠭᠤᠯᠬᠤ ᠳᠡᠭᠡᠳᠦ ᠳᠡᠰ ᠤᠨ ᠠᠵᠤ ᠦᠢᠯᠡᠰ ᠤᠨ ᠰᠦᠷᠦᠭᠵᠢᠯ ᠢ | ᠬᠦᠴᠦᠯᠡᠨ ᠪᠣᠢ ᠪᠣᠯᠭᠠᠨ᠎ᠠ᠃ ︽ᠬᠦᠩᠭᠡᠨᠴᠠᠭᠠᠨ ᠤ ᠳᠠᠷᠠᠭᠠᠬᠢ ᠠᠵᠤ ᠦᠢᠯᠡᠰ ᠤᠨ ᠶᠡᠭᠡ ᠠᠮᠵᠢᠯᠲᠠ ᠤᠯᠬᠤ︾ | ᠢᠲᠡᠭᠡᠯ ᠵᠣᠷᠢᠭ ᠢᠶᠠᠨ ᠪᠠᠲᠤᠳᠬᠠᠵᠤ᠂ ᠪᠣᠬᠢᠷᠲᠤᠯ ᠥᠬᠡᠶ ᠴᠠᠬᠢᠯᠭᠠᠨ ᠤ ᠲᠣᠬᠢᠷᠠᠭᠤᠯᠤᠯᠲᠠ ᠪᠠ ᠪᠣᠬᠢᠷᠲᠤᠯ ᠥᠬᠡᠶ | ᠬᠥᠩᠭᠡᠨᠴᠠᠭᠠᠨ ᠤ ᠬᠠᠩᠭᠠᠯᠭ᠎ᠠ ᠪᠠ ᠪᠣᠬᠢᠷᠲᠤᠯ ᠥᠬᠡᠶ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠤᠭᠤᠲᠤ ᠶᠢᠨ ᠬᠥᠩᠭᠡᠨ ᠴᠠᠭᠠᠨ ᠤ ᠬᠡᠯᠬᠢᠶ᠎ᠡ ᠶᠢᠨ ᠭᠤᠤᠯ ᠠᠵᠤ | ᠠᠬᠤᠶᠢᠯᠠᠯ ᠤᠨ ᠥᠢᠯᠡᠳᠦᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ᠂ ᠬᠥᠩᠭᠡᠨᠴᠠᠭᠠᠨ ᠤ ᠤᠰᠤᠨ ᠤ ᠡᠬᠢ | ᠪᠠᠶᠠᠯᠢᠭ ᠢ ᠠᠰᠢᠭᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ︽ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ | ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ︾ ᠠᠵᠢᠯ ᠢ ᠰᠠᠶᠢᠲᠤᠷ ᠬᠢᠵᠦ᠂ ᠡᠨᠡ ᠵᠢᠯ ᠤᠨ ᠬᠥᠩᠭᠡᠨᠴᠠᠭᠠᠨ ᠤ | ᠥᠢᠯᠡᠰ ᠤᠨ ᠬᠦᠷᠢᠶᠡᠯᠡᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠥᠢᠯᠡᠳᠪᠦᠷᠢ ᠶᠢᠨ | ᠥᠢᠯᠡᠳᠭᠦᠨ ᠤ ᠶᠡᠷᠦᠩᠬᠡᠶ ᠥᠷᠲᠡᠭ ᠢ 560 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ ᠨᠢᠳᠤᠨᠤᠨ ᠤ ᠬᠢ ᠠᠴᠠ | 100 ᠳ᠋ᠦᠩᠰᠢᠭᠤᠷ ᠲᠥᠭᠦᠷᠢᠭ ᠠᠴᠠ ᠳᠡᠭᠡᠭᠰᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠳᠡᠭᠡᠳᠦ ᠳᠡᠰ ᠤᠨ ᠬᠥᠩᠭᠡᠨ | ᠴᠠᠭᠠᠨ ᠤ ᠰᠢᠬᠠᠯᠲᠠ ᠶᠢᠨ ᠬᠡᠯᠪᠡᠷᠢ ᠶᠢᠨ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ | ᠵᠠᠮ ᠬᠠᠷᠢᠯᠴᠠᠭ᠎ᠠ ᠳᠤ ᠬᠡᠷᠡᠭᠯᠡᠬᠦ ᠬᠥᠩᠭᠡᠨ ᠴᠠᠭᠠᠨ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ | ᠴᠠᠬᠢᠯᠭᠠᠨ ᠬᠦᠴᠦᠨ ᠤ ᠠᠵᠢᠯ ᠲᠥᠷᠥᠯ ᠵᠢᠴᠢ ᠰᠢᠨ᠎ᠡ ᠡᠨᠧᠷᠭᠢ ᠶᠢᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠬᠡᠷᠡᠯ | ᠴᠡᠨᠡᠭ ᠤᠨ ᠲᠣᠨᠤᠭ ᠲᠥᠬᠦᠭᠡᠷᠦᠮᠵᠢ ᠵᠡᠷᠭᠡ ︽ᠰᠢᠨ᠎ᠡ ᠭᠤᠷᠪᠠᠨ ᠵᠠᠭᠪᠤᠷ︾ ᠲᠤ ᠠᠩᠬᠠᠷᠤᠯ ᠢᠶᠠᠨ ᠲᠥᠪᠯᠡᠷᠡᠭᠦᠯᠵᠦ᠂ | ᠪᠢᠴᠢᠯ ᠰᠢᠨᠵᠢᠯᠡᠬᠦ ᠤᠬᠠᠭᠠᠨ ᠤ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠤᠨ ᠪᠠᠷᠢᠯᠭ᠎ᠠ ᠳᠠᠭᠤᠰᠴᠤ | ᠠᠰᠢᠭᠯᠠᠯᠲᠠ ᠳᠤ ᠣᠷᠣᠬᠤ᠂ ᠤᠮᠠᠷᠠᠲᠤ ᠣᠷᠣᠨ ᠤ ᠬᠥᠩᠭᠡᠨ ᠴᠠᠭᠠᠨ ᠤ ᠬᠤᠶᠠᠳᠤᠭᠠᠷ ᠬᠤᠭᠤᠴᠠᠭᠠᠨ ᠤ ᠲᠥᠷᠥᠯ | ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠨ ᠠᠬᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠤ ᠬᠥᠩᠭᠡᠨ ᠴᠠᠭᠠᠨ ᠤ ᠨᠠᠷᠢᠯᠢᠭ ᠭᠦᠨᠵᠡᠭᠡᠶ | ᠡᠳ᠋ᠰᠢᠭᠦᠯᠬᠦ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠳᠡᠭᠡᠳᠦ ᠲᠠᠰ ᠤᠨ ᠠᠵᠤ | ᠦᠢᠯᠡᠳᠪᠦᠷᠢ ᠶᠢᠨ ᠬᠡᠯᠪᠡᠷᠢ ᠶᠢᠨ ᠮᠠᠲ᠋ᠧᠷᠢᠶᠠᠯ᠂ ᠥᠨᠳᠥᠷ ᠨᠡᠮᠡᠯᠲᠡ ᠥᠷᠲᠡᠭᠲᠦ ᠬᠠᠪᠲᠠᠰᠤᠨ ᠪᠦᠰᠡ ᠴᠠᠭᠠᠰᠤ᠂ | ᠬᠥᠩᠭᠡᠨ ᠴᠠᠭᠠᠨ ᠤ ᠰᠣᠷᠢᠨᠵᠢᠨ ᠤᠲᠠᠰᠤ᠂ ᠬᠥᠩᠭᠡᠨ ᠴᠠᠭᠠᠨ ᠤ ᠬᠠᠶᠢᠯᠤᠰᠢ ᠶᠢᠨ ᠴᠠᠬᠢᠯᠭᠠᠨ ᠳᠡᠭᠡᠰᠦ ᠵᠡᠷᠭᠡ | ᠬᠥᠩᠭᠡᠨ ᠴᠠᠭᠠᠨ ᠤ ᠦᠢᠯᠡᠳᠬᠦᠨ ᠤ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ᠮᠠᠰᠢᠨ ᠲᠡᠷᠭᠡᠨ ᠤ ᠬᠦᠡᠭᠭᠡᠨ | ᠠᠵᠤ ᠦᠢᠯᠡᠰ ᠤᠨ ᠰᠦᠷᠦᠭᠵᠢᠯ ᠢ ᠪᠠᠶᠢᠭᠤᠯᠤᠨ᠎ᠠ᠃ ᠱᠧᠩ ᠲᠠᠢ ᠬᠥᠩᠭᠡᠨ ᠴᠠᠭᠠᠨ ᠤ ᠬᠦᠷᠳᠦᠨ ᠪᠤᠯᠤ᠂ ᠬᠤᠢ | ᠵᠦᠩ ᠮᠠᠰᠢᠨ ᠲᠡᠷᠭᠡᠨ ᠤ ᠰᠡᠯᠪᠢᠭ ᠲᠣᠨᠤᠭ ᠵᠢᠴᠢ ᠬᠥᠩᠭᠡᠨ ᠴᠠᠭᠠᠨ ᠤ ᠰᠢᠳᠠᠮ ᠪᠠᠭᠠᠨ᠎ᠠ ᠶᠢᠨ ᠠᠵᠤ ᠠᠬᠤᠶᠢᠯᠠᠯ ᠤᠨ | ᠠᠵᠤ ᠦᠢᠯᠡᠰ ᠤᠨ ᠰᠠᠭᠤᠷᠢ ᠳᠠᠪᠠᠭᠤᠯᠢᠭ ᠢ ᠪᠠᠳᠠᠷᠠᠭᠤᠯᠵᠤ᠂ ᠬᠥᠩᠭᠡᠨ ᠴᠠᠭᠠᠨ ᠤ ᠬᠠᠶᠢᠯᠤᠰᠢ ᠶᠢᠨ ᠲᠡᠷᠭᠡᠨ ᠬᠦᠷᠳᠦ | ᠂ ᠮᠠᠰᠢᠨ ᠲᠡᠷᠭᠡᠨ ᠤ ᠵᠠᠯᠠᠭᠤᠷ ᠤᠨ ᠦᠶ᠎ᠡ᠂ ᠲᠤᠯᠬᠤ ᠵᠢᠶᠠᠰᠠ ᠵᠡᠷᠭᠡ ᠦᠢᠯᠡᠳᠬᠦᠨ ᠢ ᠬᠦᠴᠦᠷᠬᠡᠭᠵᠢᠭᠦᠯᠦᠨ | ᠪᠤᠵᠠᠭᠠᠶᠢᠷᠠᠭᠤᠯᠵᠤ᠂ ᠴᠠᠩ ᠹᠠ ᠮᠠᠰᠢᠨ ᠲᠡᠷᠭᠡᠨ ᠤ ᠰᠡᠯᠪᠢᠭ ᠲᠣᠨᠤᠭ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠᠷᠢᠯᠢᠭ ᠴᠢᠳᠬᠤᠬᠤ᠂ ᠳᠠᠪᠲᠠᠨ ᠦᠢᠯᠡᠳᠬᠦ ᠵᠡᠷᠭᠡ ᠮᠠᠰᠢᠨ | ᠲᠡᠷᠭᠡᠨ ᠤ ᠬᠥᠩᠭᠡᠨ ᠬᠢᠮᠢ ᠶᠢᠨ ᠰᠡᠯᠪᠢᠭ ᠲᠣᠨᠤᠭ ᠤᠨ ᠲᠥᠷᠥᠯ ᠵᠦᠢᠯ ᠢ ᠭᠤᠣᠯᠳᠠᠯᠭ᠎ᠠ ᠲᠠᠢ ᠣᠷᠣᠭᠤᠯᠤᠨ | ᠠᠪᠴᠢᠷᠠᠨ᠎ᠠ᠃ ᠬᠥᠩᠭᠡᠨ ᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢ ᠶᠢ | ᠪᠠᠬᠢᠵᠢᠭᠦᠯᠦᠨ᠎ᠡ᠃ ᠴᠡᠷᠢᠭ ᠤᠨ ᠠᠵᠤ ᠥᠢᠯᠡᠳᠪᠦᠷᠢ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠵᠡᠷᠭᠡ | ᠬᠦᠷᠢᠶᠡᠨ ᠳᠠᠬᠢ ᠮᠠᠲ᠋ᠧᠷᠢᠶᠠᠯ ᠤᠨ ᠴᠢᠨᠰᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠬᠥᠩᠬᠡᠨᠴᠠᠭᠠᠨ ᠤ | ᠰᠠᠭᠤᠷᠢ ᠨᠡᠶᠢᠯᠡᠮᠡᠯ ᠮᠠᠲ᠋ᠧᠷᠢᠶᠠᠯ᠂ ᠴᠡᠪᠡᠷ ᠬᠦᠴᠢᠯᠳᠦᠷᠦᠭᠴᠢᠲᠦ ᠬᠥᠩᠭᠡᠨ ᠴᠠᠭᠠᠨ᠂ ᠳᠡᠭᠡᠳᠦ ᠴᠠᠬᠢᠭᠤᠷᠲᠤ ᠬᠥᠩᠭᠡᠨ | ᠴᠠᠭᠠᠨ ᠤ ᠬᠠᠶᠢᠯᠤᠰᠢ᠂ ᠬᠤᠪᠤᠷ ᠰᠢᠷᠣᠢ ᠶᠢᠨ ᠬᠥᠩᠭᠡᠨ ᠴᠠᠭᠠᠨ ᠤ ᠬᠠᠶᠢᠯᠤᠰᠢ ᠵᠡᠷᠭᠡ ᠳᠡᠭᠡᠳᠦ ᠴᠢᠨᠰᠠᠭ᠎ᠠ ᠥᠨᠳᠥᠷ | ᠬᠡᠳᠦ ᠬᠠᠲᠠᠭᠤ ᠬᠥᠩᠭᠡᠨ ᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠵᠦᠢᠯᠡᠰ ᠢ ᠭᠤᠣᠯᠳᠠᠯᠭ᠎ᠠ ᠲᠠᠢ ᠪᠠᠷ | ᠣᠷᠤᠭᠤᠯᠤᠨ᠎ᠠ᠃ ᠬᠥᠩᠭᠡᠨ ᠴᠠᠭᠠᠨ ᠤ ᠴᠡᠪᠡᠷ ᠬᠥᠩᠭᠡᠨ ᠴᠠᠭᠠᠨ ᠤ 6 ᠲᠦᠮᠡᠨ ᠲᠣᠨ ᠤ ᠦᠢᠯᠡᠳᠪᠦᠷᠢᠯᠡᠬᠦ | ᠴᠢᠳᠠᠪᠤᠷᠢ ᠶᠢ ᠳᠠᠭᠠᠭᠠᠴᠢᠯᠠᠬᠤ ᠶᠢᠨ ᠲᠣᠭᠤᠷᠢᠨ ᠳᠤ᠂ ᠡᠯᠧᠺᠲᠷᠣᠨ ᠬᠡᠷᠡᠯ ᠤᠨ ᠢᠯᠲᠠᠰᠤ᠂ ᠬᠠᠭᠠᠰ | ᠳᠠᠮᠵᠢᠭᠤᠯᠤᠭᠴᠢ ᠶᠢᠨ ᠮᠠᠲ᠋ᠧᠷᠢᠶᠠᠯ᠂ ᠰᠣᠷᠢᠨᠵᠢᠨ ᠡᠵᠡᠮᠳᠡᠯ ᠤᠨ ᠦᠰᠦᠷᠦᠯᠲᠡ ᠶᠢᠨ ᠮᠠᠲ᠋ᠧᠷᠢᠶᠠᠯ ᠵᠡᠷᠭᠡ | ᠬᠦᠷᠢᠶᠡᠨ ᠳᠠᠬᠢ ᠲᠡᠷᠢᠭᠦᠨ ᠠᠵᠤ ᠠᠬᠤᠶᠢᠯᠠᠯ᠂ ᠵᠢᠵᠢᠭ ᠠᠪᠤᠷᠭᠤ ᠠᠵᠤ ᠠᠬᠤᠶᠢᠯᠠᠯ᠂ ᠪᠥᠬᠦᠩ ᠤᠨ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ ᠳᠡᠭᠡᠳᠦ ᠴᠡᠪᠡᠷ ᠬᠥᠩᠭᠡᠨ ᠴᠠᠭᠠᠨ ᠤ ᠳᠣᠤᠷᠠᠳᠤ ᠤᠷᠤᠰᠬᠠᠯ ᠤᠨ | ᠬᠡᠷᠡᠭᠯᠡᠭᠡᠨ ᠤ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠶ ᠰᠦᠪᠡᠭᠴᠢᠯᠡᠬᠦ ᠪᠠ ᠤᠷᠲᠤᠳᠬᠠᠨ᠎ᠠ᠃ | ᠪᠥᠬᠦ ᠬᠤᠲᠠ ᠶᠢᠨ ︽ᠬᠤᠶᠠᠷ ᠲᠥᠪ︾ ᠤᠨ ᠪᠥᠲᠥᠭᠡᠨ ᠪᠠᠶᠢᠭᠤᠯᠤᠯᠲᠠ ᠪᠠ ᠲᠠᠪᠤᠨ ᠶᠡᠭᠡ ᠰᠢᠨ᠎ᠡ ᠠᠵᠤ | ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠳᠤ ᠬᠦᠴᠦᠯᠡᠨ ᠠᠭᠤᠰᠤᠯᠴᠠᠨ᠎ᠠ᠃ ᠰᠢᠨ᠎ᠡ ᠠᠵᠤ ᠦᠢᠯᠡᠰ ᠤᠨ | ᠰᠢᠨ᠎ᠡ ᠤᠷᠤᠯᠳᠤᠭᠠᠨ ᠤ ᠵᠠᠮ ᠢ ᠨᠡᠭᠡᠭᠡᠨ᠎ᠡ᠃ ᠶᠢᠨ ᠱᠧᠩ ᠰᠢᠨ᠎ᠡ ᠡᠨᠧᠷᠭᠢ ᠶᠢᠨ ᠬᠥᠳᠡᠯᠭᠡᠭᠴᠢ ᠬᠦᠴᠦᠨ ᠤ ᠳ᠋ᠢᠶᠠᠨ | ᡂᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠴᠢᠯᠠᠭᠤᠨ | ᠬᠠᠶᠢᠯᠣᠭᠤᠷ᠂ ᠭᠡᠷᠡᠯ ᠴᠡᠨᠡᠭ ᠤᠨ ᠬᠠᠵᠠᠭᠤ ᠬᠠᠪᠢ᠂ ᠲᠤᠯᠭᠠᠭᠤᠷᠢ᠂ ᠠᠷᠤ ᠬᠠᠪᠳᠠᠰᠦ᠂ ᠭᠤᠮ ᠪᠦᠷᠬᠦᠪᠴᠢ᠂ | ᠰᠥᠷᠭᠡᠦ ᠬᠤᠪᠢᠰᠬᠠᠭᠤᠷ ᠵᠡᠷᠭᠡ ᠶᠢᠨ ᠲᠣᠭᠤᠷᠢᠨ ᠳᠤ ᠭᠡᠷᠡᠯ ᠴᠡᠨᠡᠭ ᠤᠨ ᠢᠵᠢ ᠪᠦᠷᠢᠳᠦᠭᠦᠯᠬᠦ ᠠᠵᠤ ᠦᠢᠯᠡᠰ ᠢ | ᠬᠥᠭᠵᠢᠭᠦᠯᠵᠦ᠂ ᠴᠠᠬᠢᠯᠭᠠᠨ ᠭᠤᠣᠯ᠂ PACK ᠳ᠋ᠢᠶᠠᠨ ᡂᠢ᠂ ᠴᠠᠬᠢᠯᠭᠠᠨ ᠵᠠᠳᠠᠯᠤᠯ ᠤᠨ ᠣᠩᠭᠤᠴᠠ᠂ | ᠤᠰᠤᠲᠥ᠋ᠷᠥᠭᠴᠢ ᠶᠢᠨ ᠲᠦᠯᠡᠰᠢᠨ ᠳ᠋ᠢᠶᠠᠨ ᡂᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠬᠥᠭᠵᠢᠭᠦᠯᠬᠦ ᠲᠣᠭᠤᠷᠢᠨ ᠳᠤ᠂ ᠰᠢᠨ᠎ᠡ ᠠᠵᠤ ᠦᠢᠯᠡᠰ ᠤᠨ ᠬᠥᠭᠵᠢᠨ | ᠪᠤᠵᠠᠭᠠᠶᠢᠷᠠᠬᠤ ᠶᠢ ᠠᠬᠢᠭᠤᠯᠵᠤ᠂ ᠰᠢᠨ᠎ᠡ ᠠᠵᠤ ᠦᠢᠯᠡᠰ ᠤᠨ ᠦᠢᠯᠡᠳᠬᠦᠨ ᠤ ᠥᠷᠲᠡᠭ ᠢ 20 ᠳ᠋ᠦᠩᠰᠢᠭᠤᠷ | ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠳᠠᠬᠢᠯᠲᠠ ᠡᠬᠢ ᠪᠠᠶᠠᠯᠢᠭ ᠤᠨ ᠰᠢᠨ᠎ᠡ ᠳᠠᠪᠠᠭᠤᠯᠢᠭ ᠢ | ᠪᠤᠢ ᠪᠣᠯᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠤᠯᠤᠰ ᠤᠨ ︽ᠬᠤᠲᠠ ᠶᠢᠨ | ᠠᠭᠤᠷᠬᠠᠢ ᠶᠢᠨ ᠭᠠᠷᠤᠯᠲᠠ︾ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠠᠯᠲᠠᠨ ᠦᠰᠦᠭᠲᠦ ᠫᠠᠶᠢᠰᠠ ᠶᠢ | ᠵᠦᠯᠭᠦᠵᠦ᠂ ᠠᠵᠤ ᠦᠢᠯᠡᠳᠪᠦᠷᠢ ᠠᠵᠤ ᠠᠬᠤᠶᠢᠯᠠᠯ ᠤᠨ ᠣᠷᠴᠢᠨ ᠲᠣᠭᠤᠷᠢᠨ ᠢ ᠬᠠᠮᠠᠭᠠᠯᠠᠬᠤ 30 ᠲᠦᠮᠡᠨ ᠲᠣᠨ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠬᠤᠸᠠ ᠰᠢᠶᠠᠩ | 3 ᠲᠦᠮᠡᠨ ᠬᠠᠶᠠᠭᠳᠠᠮᠠᠯ ᠮᠠᠰᠢᠨ ᠲᠡᠷᠭᠡ ᠶᠢ ᠵᠠᠳᠠᠯᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠪᠥᠸᠧ ᠫᠦ᠋ ᠣᠷᠴᠢᠨ ᠲᠣᠭᠤᠷᠢᠨ ᠤ 100 ᠲᠦᠮᠡᠨ ᠲᠣᠨ ᠭᠠᠵᠠᠷ ᠣᠷᠣᠨ ᠤ ᠪᠥᠭᠡᠭᠡᠨᠡᠷᠡᠯ ᠴᠠᠪᠠᠤ | ᠮᠠᠲ᠋ᠧᠷᠢᠶᠠᠯ ᠤᠨ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠠᠬᠢᠭᠤᠯᠵᠤ᠂ | ᠬᠠᠶᠠᠭᠳᠠᠮᠠᠯ ᠪᠣᠯᠣᠳ ᠲᠡᠮᠦᠷ᠂ ᠬᠠᠶᠠᠭᠳᠠᠮᠠᠯ ᠥᠩᠭᠡᠲᠦ ᠲᠡᠮᠦᠷᠯᠢᠭ᠂ ᠬᠠᠶᠠᠭᠳᠠᠮᠠᠯ ᠭᠤᠮ ᠵᠡᠷᠭᠡ ᠳᠠᠬᠢᠨᠲᠠ ᠡᠬᠢ | ᠪᠠᠶᠠᠯᠢᠭ ᠤᠨ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠢᠳᠡᠪᠬᠢᠲᠡᠢ ᠵᠣᠯᠭᠠᠭᠤᠯᠵᠤ᠂ | ᠤᠯᠠᠮᠵᠢᠯᠠᠯᠲᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠤ ᠦᠢᠯᠡᠰ ᠤᠨ | ᠬᠦᠴᠦᠷᠬᠡᠭ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠳᠠᠬᠢᠯᠳᠠ ᠡᠬᠢ ᠪᠠᠶᠠᠯᠢᠭ ᠤᠨ ᠬᠠᠩᠭᠠᠯᠭ᠎ᠠ ᠶᠢᠨ | ᠬᠡᠯᠬᠢᠶ᠎ᠡ ᠶᠢᠨ ᠺᠣᠮᠫᠠᠨᠢ ᠶᠢ ᠲᠥᠯᠥᠪᠵᠢᠭᠦᠯᠦᠨ ᠪᠠᠶᠢᠭᠤᠯᠵᠤ᠂ ᠳᠠᠬᠢᠯᠳᠠ ᠡᠬᠢ ᠪᠠᠶᠠᠯᠢᠭ ᠤᠨ ᠮᠡᠳᠡᠭᠡ ᠵᠠᠩᠭᠢ᠂ | ᠪᠠᠷᠠᠭᠠᠨ ᠤ ᠭᠦᠢᠯᠭᠡᠭᠡ᠂ ᠡᠳ᠋ ᠤᠨ ᠵᠠᠰᠠᠭ ᠭᠠᠶᠢᠯᠢ᠂ ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠭᠦᠢᠯᠭᠡᠭᠡ ᠵᠡᠷᠭᠡ | ᠦᠢᠯᠡᠴᠢᠯᠡᠭᠡ ᠬᠠᠩᠭᠠᠵᠤ᠂ ᠳᠠᠬᠢᠯᠳᠠ ᠡᠬᠢ ᠪᠠᠶᠠᠯᠢᠭ ᠤᠨ ᠠᠵᠤ ᠦᠢᠯᠡᠰ ᠤᠨ ᠲᠦᠷᠭᠡᠨ ᠬᠥᠭᠵᠢᠬᠦ ᠶᠢ ᠠᠬᠢᠭᠤᠯᠤᠨ᠎ᠠ | ᠃ ᠦᠢᠯᠡᠳᠪᠦᠷᠢᠯᠡᠯ ᠤᠨ ᠴᠢᠨᠡᠷᠳᠡᠢ ᠦᠢᠯᠡᠴᠢᠯᠡᠭᠡᠨ ᠤ ᠦᠢᠯᠡᠰ ᠤᠨ ᠰᠢᠨ᠎ᠡ ᠲᠣᠯᠭᠠᠭᠤᠷᠢᠯᠡᠯ ᠢ ᠴᠢᠩᠭᠠᠷᠡᠭᠤᠯᠥᠨ᠎ᠠ᠃ | ᠬᠦᠩᠭᠡᠨ ᠴᠠᠭᠠᠨ ᠮᠠᠨ ᠤ ᠲᠣᠭᠤᠷᠢᠭ ᠲᠤ ᠠᠷᠡᠯᠵᠢᠶ᠎ᠠ ᠶᠢᠨ ᠳ᠋ᠦᠩᠨᠡᠨ ᠪᠤᠳᠣᠬᠤ ᠳᠡᠪᠴᠡᠩ ᠢ ᠪᠠᠶᠢᠷᠢᠰᠢᠭᠤᠯᠵᠦ᠂ | ᠪᠠᠷᠡᠭᠠᠨ ᠤ ᠬᠦᠢᠯᠭᠡᠭᠡᠨ ᠪᠠᠷᠡᠭᠠᠨ ᠤ ᠳᠡᠭᠡᠭᠡᠪᠦᠷᠢ ᠶᠢᠨ ᠰᠢᠰᠲ᠋ᠧᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ | ᠪᠣᠬᠢᠷᠳᠦᠯ ᠦᠭᠡᠢ ᠪᠠᠷᠡᠭᠠᠨ ᠤ ᠬᠦᠢᠯᠬᠡᠬᠡᠡ ᠤ ᠵᠠᠮ ᠬᠠᠷᠢᠯᠴᠠᠭ᠎ᠠ ᠶᠢᠨ ᠰᠢᠰᠲ᠋ᠧᠮᠵᠢ ᠶᠢ ᠪᠠᠶᠢᠭᠤᠯᠥᠨ᠎ᠠ᠃ | ᠪᠤᠭᠤᠲᠤ ᠶᠢᠨ ᠬᠥᠩᠭᠡᠨᠴᠠᠭᠠᠨ ᠤ ᠬᠠᠶᠢᠯᠤᠰᠢ ᠶᠢ ᠰᠤᠳᠤᠯᠤᠨ ᠨᠡᠭᠡᠭᠡᠬᠦ ᠲᠤᠷᠰᠢᠯᠲᠠ ᠶᠢᠨ ᠲᠠᠰᠤᠭ᠂ ᠬᠤᠪᠣᠷ | ᠰᠢᠷᠣᠢ ᠶᠢᠨ ᠰᠤᠳᠤᠯᠭᠠᠨ ᠤ ᠬᠦᠷᠢᠶᠡᠯᠡᠩ ᠳᠤ ᠲᠦᠰᠢᠭᠯᠡᠨ᠂ ᠬᠦᠩᠭᠡᠨᠴᠠᠭᠠᠨ ᠢ ᠨᠠᠷᠢᠯᠢᠭ ᠡᠳ᠋ᠰᠢᠭᠦᠯᠬᠦ ᠵᠡᠷᠭᠡ ᠡᠯ᠎ᠡ | ᠲᠥᠷᠥᠯ ᠤᠨ ᠠᠵᠤ ᠠᠬᠤᠶᠢᠯᠠᠯ ᠳᠤ ᠦᠢᠯᠡᠳᠬᠦᠨ ᠤ ᠰᠤᠳᠤᠯᠤᠨ ᠨᠡᠭᠡᠭᠡᠬᠦ ᠵᠢᠴᠢ ᠲᠤᠷᠰᠢᠯᠲᠠ ᠶᠢᠨ ᠲᠠᠯᠠᠪᠤᠷ | ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠪᠠ᠃ ᠵᠠᠰᠠᠭ ᠪᠠᠩᠬᠢ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠵᠠᠮ ᠢ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠬᠦᠳᠦᠯᠦᠨ ᠵᠢᠯᠣᠭᠤᠳᠴᠤ ᠪᠠᠶᠢᠭᠠᠳ ᠪᠡᠯᠡ ᠮᠥᠩᠭᠦ ᠪᠠᠷ ᠳᠡᠮᠵᠢᠬᠦ ᠡᠷᠴᠢᠮ ᠢ ᠴᠢᠩᠭᠠᠷᠠᠭᠤᠯᠵᠤ᠂ ᠴᠢᠨᠠᠷ ᠰᠠᠶᠢᠲᠠᠢ | ᠬᠥᠭᠵᠢᠯᠲᠡ ᠳᠤ ᠴᠢᠳᠠᠪᠤᠷᠢ ᠣᠯᠭᠤᠨ᠎ᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ | ᠬᠦᠴᠦᠯᠡᠨ ᠴᠢᠩᠭᠠᠳᠬᠠᠨ᠎ᠠ᠃ ᠲᠦᠷᠦᠯ ᠵᠦᠢᠯ ᠤᠨ ᠬᠥᠳᠡᠯᠭᠡᠬᠦ ᠬᠦᠴᠦᠨ ᠢ ᠴᠢᠩᠭ᠎ᠠ ᠠᠳᠬᠤᠨ᠎ᠠ᠃ ᠬᠤᠲᠠ ᠶᠢᠨ | ᠱᠠᠲᠤᠨ ᠤ 45 ᠴᠢᠬᠤᠯᠠ ᠶᠡᠭᠡ ᠲᠥᠷᠥᠯ ᠵᠦᠢᠯ ᠢ ᠲᠣᠬᠢᠷᠠᠭᠤᠯᠵᠤ᠂ ᠲᠤᠬᠠᠢ ᠶᠢᠨ ᠵᠢᠯ ᠳᠤ 138.3 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠤᠨ | ᠨᠡᠮᠡᠭᠳᠡᠯ ᠢ ᠠᠬᠢᠭᠤᠯᠬᠤ ᠵᠠᠩᠭᠢᠯᠠᠭ᠎ᠠ ᠶᠢᠨ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠪᠠ᠃ 19 | ᠰᠢᠨ᠎ᠡ ᠪᠠᠷ ᠠᠵᠢᠯ ᠡᠬᠢᠯᠡᠭᠦᠯᠦᠭᠰᠡᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠤᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ | ᠰᠢᠢᠳᠪᠦᠷᠢᠯᠡᠨ᠂ ᠪᠣᠶ ᠪᠥᠬᠦᠶ ᠲᠥᠷᠥᠯ ᠵᠦᠢᠯ ᠤᠨ ᠭᠠᠷᠳᠠᠮ ᠢ 3 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ | ᠬᠦᠢᠴᠡᠳᠬᠡᠵᠦ ᠳᠠᠭᠤᠰᠬᠠᠨ᠂ 4 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠵᠦ | ᠰᠡᠷᠭᠦᠭᠡᠬᠦ ᠪᠠᠷ ᠴᠢᠷᠮᠠᠶᠢᠨ᠎ᠠ᠃ ᠠᠷᠠᠯᠵᠢᠶᠠᠴᠢᠨ ᠤᠷᠢᠬᠤ ᠡᠷᠴᠢᠮ ᠬᠦᠴᠦ ᠶᠢ ᠬᠠᠳᠠᠭᠠᠯᠠᠬᠤ ᠶᠢ ᠴᠢᠩᠭ᠎ᠠ ᠠᠳᠬᠤᠨ᠎ᠠ᠃ | ᠬᠥᠩᠭᠡᠨᠴᠠᠭᠠᠨ ᠤ ᠨᠠᠷᠢᠯᠢᠭ ᠡᠳ᠋ᠰᠢᠭᠦᠯᠬᠦ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠵᠢᠴᠢ ᠢᠵᠢ | ᠪᠦᠷᠢᠳᠦᠭᠦᠯᠬᠦ᠂ ᠬᠤᠲᠠ ᠶᠢᠨ ᠠᠭᠤᠷᠬᠠᠢ ᠶᠢᠨ ᠭᠠᠷᠤᠯᠲᠠ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ᠂ ᠣᠳᠣ | ᠦᠶ᠎ᠡ ᠶᠢᠨ ᠲᠠᠷᠢᠶᠠᠯᠠᠩ ᠵᠡᠷᠭᠡ ᠠᠵᠤ ᠦᠢᠯᠡᠰ ᠤᠨ ᠴᠢᠭᠯᠡᠯ ᠤᠨ ᠲᠣᠭᠤᠷᠢᠨ ᠳᠤ᠂ ︽ᠳᠥᠷᠪᠡᠨ 500 ᠬᠦᠴᠦᠷᠬᠡᠭ | ︾᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ᠠᠵᠢᠯ ᠲᠥᠷᠥᠯ ᠤᠨ ᠲᠦᠷᠦᠭᠦᠦ ᠠᠵᠤ ᠠᠬᠤᠶᠢᠯᠠᠯ ᠢ | ᠴᠢᠩᠭ᠎ᠠ ᠠᠩᠬᠠᠷᠴᠤ᠂ ᠬᠡᠯᠬᠢᠶ᠎ᠡ ᠶᠢᠨ ᠭᠤᠣᠯ ᠠᠵᠤ ᠠᠬᠤᠶᠢᠯᠠᠯ᠂ ᠲᠣᠯᠣᠭᠠᠶᠢᠯᠠᠭᠴᠢ ᠠᠵᠤ ᠠᠬᠤᠶᠢᠯᠠᠯ ᠤᠨ | ᠦᠢᠯᠡᠳᠦᠯ ᠢ ᠪᠠᠳᠠᠷᠠᠭᠤᠯᠤᠨ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ | ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠨᠠᠶᠢᠳᠠᠵᠤ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠳ ᠤᠨ | ᠨᠡᠶᠢᠭᠡᠮᠯᠢᠭ ᠤᠨ ᠬᠤᠳᠠᠯᠳᠤᠭᠠᠴᠢᠨ ᠤᠷᠢᠬᠤ ᠵᠡᠷᠭᠡ ᠣᠯᠠᠨ ᠵᠦᠢᠯ ᠤᠨ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠢ | ᠶᠡᠬᠡᠪᠡᠷ ᠥᠷᠨᠢᠭᠦᠯᠵᠦ᠂ ᠲᠥᠷᠥᠯ ᠵᠦᠢᠯ ᠤᠨ ᠲᠤᠭ᠎ᠠ ᠬᠡᠮᠵᠢᠶ᠎ᠡ᠂ ᠪᠡᠯᠡ ᠣᠷᠣᠭᠤᠯᠤᠯᠲᠠ ᠶᠢᠨ ᠲᠤᠭ᠎ᠠ ᠶᠢ | ᠨᠢᠳᠤᠨᠤᠨ ᠤ ᠬᠢ ᠠᠴᠠ 20% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠵᠤ᠂ ᠤᠯᠤᠰ ᠤᠨ ᠳᠣᠲᠣᠭᠠᠳᠤ ᠳᠤ | ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 15% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠬᠦᠴᠦᠨ | ᠵᠦᠢᠯ ᠢ ᠬᠦᠴᠦᠲᠡᠢ ᠠᠳᠬᠤᠵᠤ ᠳᠠᠯᠳᠠ ᠴᠢᠳᠠᠪᠤᠷᠢ ᠶᠢ ᠪᠠᠳᠠᠷᠠᠭᠤᠯᠬᠤ ᠬᠡᠷᠡᠭᠲᠡᠢ᠃ ᠳ᠋ᠦᠩ ᠰᠢᠩ ᠶᠡᠷᠦᠩᠬᠡᠶᠢᠯᠡᠭᠰᠡᠨ | ᠠᠵᠤ ᠦᠢᠯᠡᠰ ᠤᠨ ᠬᠦᠷᠢᠶᠡᠯᠡᠩ ᠵᠡᠷᠭᠡ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠳᠠᠭᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠮᠦ ᠪᠦᠷᠢ ᠳᠤ ᠴᠥᠮ ᠪᠠᠭᠠᠲᠤᠷ ᠢᠶᠠᠷ ᠥᠭᠦᠯᠡᠬᠦ︾ ᠶᠢ ᠪᠠᠷᠢᠮᠲᠠᠯᠠᠵᠤ᠂ | ᠰᠢᠨ᠎ᠡ ᠪᠠᠷ ᠨᠡᠮᠡᠭᠳᠡᠭᠰᠡᠨ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠪᠡᠯᠡ ᠣᠷᠣᠭᠤᠯᠤᠯᠲᠠ᠂ ᠭᠠᠷᠤᠯᠲᠠ᠂ ᠭᠠᠶᠢᠯᠢ | ᠲᠠᠲᠠᠪᠤᠷᠢ ᠶᠢᠨ ᠡᠷᠴᠢᠮ ᠵᠡᠷᠭᠡ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠴᠢᠩᠭᠠᠳᠬᠠᠵᠤ᠂ ᠬᠥᠩᠭᠡᠨ ᠴᠠᠭᠠᠨ ᠤ | ᠦᠢᠯᠡᠰ ᠤᠨ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠳᠡᠰ ᠳᠡᠪᠰᠢᠬᠦ᠂ ᠲᠥᠷᠥᠯ ᠵᠦᠢᠯ ᠤᠨ ᠬᠠᠮᠲᠤᠷᠠᠯᠴᠠᠭ᠎ᠠ᠂ | ᠬᠠᠤᠯᠢ ᠶᠣᠰᠣᠭᠠᠷ ᠢᠯᠭᠠᠷᠠᠭᠤᠯᠤᠨ ᠪᠤᠳᠤᠬᠤ᠂ ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠦᠬᠦᠰᠢᠷᠡᠮᠡᠯ ᠠᠵᠤ ᠠᠬᠤᠶᠢᠯᠠᠯ ᠤᠨ ᠰᠤᠯᠠ ᠲᠠᠯᠪᠢᠵᠤ ᠬᠡᠷᠡᠭᠯᠡᠬᠦ ᠭᠠᠵᠠᠷ ᠢ 500 ᠮᠦ ᠠᠴᠠ | ᠳᠡᠭᠡᠭᠰᠢ ᠠᠮᠢᠯᠠᠭᠤᠯᠵᠤ᠂ ︽ᠲᠦᠢᠯᠪᠤᠷᠢᠲᠠᠢ ᠪᠠᠶᠢᠴᠠᠭᠠᠬᠤ︾ ᠠᠵᠢᠯ ᠤᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠦᠨ | ᠪᠠᠬᠢᠵᠢᠭᠦᠯᠪᠡ᠃ | ︵ᠬᠤᠶᠠᠷ︶ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠦᠬᠦ | ᠬᠦᠴᠦᠨ ᠢᠶᠠᠷ ᠠᠬᠢᠭᠤᠯᠤᠨ᠎ᠠ | ᠦᠢᠯᠡᠴᠢᠯᠡᠭᠡᠨ ᠤ ᠦᠢᠯᠡᠰ ᠪᠣᠯ ᠭᠠᠵᠠᠷ ᠣᠷᠣᠨ ᠤ ᠴᠡᠴᠡᠭᠯᠡᠨ ᠬᠥᠭᠵᠢᠭᠰᠡᠨ ᠬᠡᠮᠵᠢᠶ᠎ᠡ ᠶᠢ ᠬᠡᠮᠵᠢᠬᠦ ᠴᠢᠬᠤᠯᠠ | ᠪᠠᠷᠢᠮᠵᠢᠶ᠎ᠠ ᠮᠥᠨ᠂ ᠪᠠᠰᠠ ᠴᠤ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠨᠠᠩ | ᠰᠠᠶᠢᠲᠤᠷ ᠬᠠᠩᠭᠠᠬᠤ ᠴᠢᠬᠤᠯᠠ ᠠᠷᠭ᠎ᠠ ᠬᠡᠮᠵᠢᠶ᠎ᠡ ᠮᠥᠨ᠃ | ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠶᠡᠬᠡᠪᠡᠷ | ᠬᠡᠷᠡᠭᠵᠢᠭᠦᠯᠦᠨ᠎ᠡ᠃ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠦᠷᠭᠡᠳᠬᠡᠨ ᠬᠡᠷᠡᠭᠵᠢᠭᠦᠯᠵᠦ᠂ ᠪᠤᠭᠤᠲᠤ ᠶᠢᠨ | ᠠᠯᠲᠠᠨ ᠵᠡᠭᠡᠯᠢ᠂ ᠪᠤᠭᠤᠲᠤ ᠶᠢᠨ ᠤᠯᠠᠭᠠᠨ ᠵᠡᠭᠡᠯᠢ ᠵᠡᠷᠭᠡ ᠤᠨᠴᠠᠯᠢᠬᠳᠤ ᠰᠣᠶᠣᠯ ᠵᠢᠭᠤᠯᠴᠢᠯᠠᠯ ᠤᠨ ᠲᠦᠷᠦᠯ | ᠲᠡᠮᠳᠡᠭ ᠢ ᠦᠷᠭᠦᠯᠵᠢᠯᠡᠨ ᠭᠢᠯᠠᠶᠢᠲᠠᠯ᠎ᠠ ᠠᠷᠴᠢᠵᠤ᠂ ᠠᠯᠲᠠᠨ ᠵᠡᠭᠡᠯᠢ ᠶᠢ ᠨᠡᠩ ︽ᠠᠯᠲᠠ ᠲᠠᠲᠠᠬᠤ︾᠂ ᠤᠯᠠᠭᠠᠨ | ᠵᠡᠭᠡᠯᠢ ᠶᠢ ︽ᠤᠷᠲᠤ ᠤᠳᠠᠭᠠᠨ︾ ᠪᠠᠶᠢᠯᠭᠠᠬᠤ ᠶᠢ ᠪᠠᠲᠤᠯᠠᠨ᠎ᠠ᠃ ᠨᠠᠨ ᠬᠠᠢ ᠦᠵᠡᠮᠵᠢ ᠶᠢᠨ ᠣᠷᠣᠨ ᠵᠢᠴᠢ ᠡᠷᠭᠢᠨ | ᠲᠣᠭᠤᠷᠢᠨ ᠤ ᠭᠠᠵᠠᠷ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠵᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠪᠠᠷ ᠳᠠᠮᠵᠢᠭᠤᠯᠤᠨ᠂ ᠦᠵᠡᠮᠵᠢ ᠶᠢᠨ ᠣᠷᠣᠨ ᠤ ᠡᠵᠡᠩᠨᠡᠯᠲᠡ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ︽ᠰᠠᠷᠠᠴᠢᠨ ᠠᠭᠤᠯᠠ ᠳᠠᠭᠠᠤ ᠬᠠᠲᠤᠨ ᠭᠤᠤᠯ | ᠳᠠᠭᠠᠤ︾ ᠰᠡᠯᠡᠭᠦᠴᠡᠯ ᠤᠨ ᠲᠠᠷᠢᠶᠠᠯᠠᠩ ᠤᠨ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠴᠢᠨᠠᠷ ᠰᠠᠶᠢᠲᠠᠶ | ᠪᠤᠶᠢᠵᠢᠭᠤᠯᠵᠤ᠂ ᠱᠢ ᠳ᠋ᠡ ᠰᠲ᠋ᠣᠺ ᠤᠨ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠤᠨ ᠡᠵᠡᠩᠨᠡᠬᠦ ᠬᠢᠷᠢ | ᠲᠦᠪᠰᠢᠨ ᠢ ᠳᠡᠭᠡᠭᠰᠢᠯᠡᠭᠦᠯᠦᠨ᠂ ᠯᠢᠦ ᠪᠦᠦ ᠶᠣᠣ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ | ᠢᠳᠡᠪᠬᠢᠲᠡᠶ ᠠᠬᠢᠭᠤᠯᠵᠤ᠂ ᠶᠠᠪᠠᠭᠠᠨ ᠢᠶᠠᠷ ᠶᠠᠪᠤᠵᠤ᠂ ᠬᠡᠭᠡᠷ᠎ᠡ ᠪᠠᠭᠤᠳᠠᠯᠯᠠᠬᠤ᠂ ᠲᠠᠷᠢᠶᠠᠯᠠᠬᠤ ᠣᠶᠢᠯᠠᠭᠠᠯᠲᠠ᠂ | ᠤᠯᠠᠮᠵᠢᠯᠠᠯᠲᠤ ᠰᠦᠮ᠎ᠡ ᠶᠢᠨ ᠬᠤᠷᠠᠯ ᠵᠡᠷᠭᠡ ᠣᠨᠴᠠᠯᠢᠭᠲᠤ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ | ᠬᠥᠭᠵᠢᠭᠦᠯᠵᠦ᠂ ᠲᠠᠷᠢᠶᠠᠯᠠᠩ ᠵᠢᠭᠤᠯᠴᠢᠯᠠᠯ ᠤᠨ ᠪᠦᠲᠦᠭᠡᠭᠳᠡᠬᠦᠨ ᠤ ᠠᠯᠳᠠᠷᠰᠢᠯ ᠪᠠ ᠲᠠᠲᠠᠬᠤ ᠬᠦᠴᠦᠨ ᠢ | ᠳᠡᠭᠡᠭᠰᠢᠯᠡᠭᠦᠯᠦᠨ᠎ᠡ᠃ ᠪᠡᠯᠭᠡ ᠲᠡᠮᠳᠡᠭ ᠤᠨ ᠴᠢᠨᠠᠷᠲᠠᠶ ᠠᠵᠤ ᠦᠢᠯᠡᠳᠪᠦᠷᠢ ᠶᠢᠨ ᠦᠯᠡᠳᠡᠭᠳᠡᠯ ᠤᠨ ᠲᠡᠦᠬᠡ᠂ | ᠰᠢᠨᠵᠢᠯᠡᠬᠦ ᠤᠬᠠᠭᠠᠨ ᠮᠡᠷᠭᠡᠵᠢᠯ᠂ ᠨᠡᠶᠢᠭᠡᠮ᠂ ᠤᠷᠠᠯᠢᠭ ᠤᠨ ᠣᠯᠠᠨ ᠵᠦᠢᠯ ᠤᠨ ᠥᠷᠲᠡᠭ ᠢ ᠪᠠᠳᠠᠷᠠᠭᠤᠯᠵᠤ᠂ | ᠤᠯᠤᠰ ᠤᠨ ᠠᠵᠤ ᠦᠢᠯᠡᠳᠪᠦᠷᠢ ᠶᠢᠨ ᠰᠣᠶᠣᠯ ᠤᠨ ᠥᠪ ᠬᠥᠷᠥᠩᠭᠡ ᠶᠢᠨ ᠭᠤᠶᠤᠴᠢᠯᠠᠨ ᠮᠡᠳᠡᠭᠦᠯᠬᠦ ᠶᠢ ᠡᠬᠢᠯᠡᠭᠦᠯᠵᠦ | ᠂ ᠪᠤᠭᠤᠲᠤ ᠶᠢᠨ ᠠᠵᠤ ᠦᠢᠯᠡᠳᠪᠦᠷᠢ ᠶᠢᠨ ᠦᠵᠡᠰᠬᠦᠯᠡᠩ ᠤᠨ ᠬᠦᠷᠢᠶᠡᠯᠡᠩ ᠢ ᠰᠦᠪᠡᠭᠴᠢᠯᠡᠨ ᠪᠠᠶᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠰᠢᠪᠲᠤᠯᠤᠯᠲᠠ ᠶᠢᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ | ᠪᠥᠭᠡᠮ ᠢᠶᠠᠷ ᠬᠤᠳᠠᠯᠳᠤᠬᠤ ᠲᠤᠰᠬᠠᠶ ᠵᠠᠬ᠎ᠠ ᠳᠡᠯᠭᠡᠭᠦᠷ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠲᠥᠯᠥᠪᠯᠡᠭᠡ ᠶᠢ | ᠲᠣᠭᠲᠠᠭᠠᠵᠤ᠂ ᠸᠧᠨᠵᠸᠤ ᠶᠢᠨ ᠠᠷᠠᠯᠵᠢᠶ᠎ᠠ ᠬᠤᠳᠠᠯᠳᠤᠭᠠᠨ ᠤ ᠬᠤᠲᠠ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢᠨ | ᠵᠠᠬ᠎ᠠ ᠳᠡᠯᠭᠡᠭᠦᠷ ᠢ ᠪᠥᠬᠦ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠳᠤ ᠠᠭᠤᠰᠤᠯᠴᠠᠬᠤ ᠶᠢ ᠳᠡᠮᠵᠢᠨ᠎ᠡ᠃ | ᠡᠯ᠎ᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠣᠭᠠᠴᠢᠯᠠᠭᠰᠠᠨ ᠡᠵᠡᠩᠨᠡᠨ ᠪᠣᠷᠣᠯᠠᠭᠤᠯᠤᠯᠲᠠ ᠶᠢ | ᠬᠥᠭᠵᠢᠭᠦᠯᠬᠦ ᠶᠢ ᠳᠡᠮᠵᠢᠵᠦ᠂ ᠨᠢᠭᠡᠳᠦᠯᠲᠡᠶ ᠳ᠋ᠦᠩᠨᠡᠨ ᠪᠤᠳᠤᠬᠤ ᠲᠤᠷᠰᠢᠯᠲᠠ ᠶᠢᠨ ᠴᠡᠭ ᠪᠠᠶᠢᠭᠤᠯᠬᠤ ᠶᠢ | ᠵᠣᠷᠢᠭᠵᠢᠭᠤᠯᠵᠤ᠂ ᠨᠠᠩ ᠣᠯᠠᠨ ᠠᠵᠤ ᠠᠬᠤᠶᠢᠯᠠᠯ ᠤᠨ ᠳᠡᠭᠡᠳᠦ ᠬᠢᠵᠠᠭᠠᠷ ᠢ ᠪᠤᠶᠢᠵᠢᠭᠤᠯᠤᠨ᠎ᠠ᠃ ᠣᠯᠠᠨ ᠡᠰᠢᠲᠦ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ ᠬᠡᠷᠡᠭᠯᠡᠬᠦ ᠰᠢᠨ᠎ᠡ ᠪᠠᠶᠢᠳᠠᠯ ᠢ ᠪᠣᠶ ᠪᠣᠯᠭᠠᠵᠤ᠂ ᠣᠯᠠᠨ | ᠶᠠᠩᠵᠤ ᠶᠢᠨ᠂ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠡᠷᠡᠭᠯᠡᠭᠡᠨ ᠤ ᠪᠠᠭᠲᠠᠭᠠᠮᠵᠢ ᠶᠢ ᠥᠷᠭᠡᠳᠬᠡᠨ | ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠵᠤ ᠠᠬᠤᠶᠢᠯᠠᠯ ᠢ ᠬᠠᠪᠰᠤᠷᠤᠨ ᠠᠷᠠᠯᠵᠢᠶ᠎ᠠ ᠬᠤᠳᠠᠯᠳᠤᠭᠠᠨ ᠤ | ᠶᠡᠷᠦᠩᠬᠡᠶᠢᠯᠡᠭᠰᠡᠨ ᠴᠣᠭᠴᠠ᠂ ᠬᠤᠲᠠ ᠶᠢᠨ ᠴᠣᠩᠬᠤᠨ ᠳᠤ ᠨᠠᠷᠠᠲᠤ ᠲᠡᠮᠳᠡᠭᠲᠦ ᠶᠢᠨ ᠳᠡᠯᠭᠡᠭᠦᠷ᠂ ᠦᠵᠡᠭᠦᠯᠦᠯᠭᠡ ᠶᠢᠨ | ᠲᠣᠭᠤᠷᠢᠭ ᠪᠠᠶᠢᠭᠤᠯᠵᠤ᠂ ᠨᠠᠷᠠᠲᠤ ᠲᠡᠮᠳᠡᠭᠲᠦ ᠶᠢᠨ ᠠᠯᠳᠠᠷᠰᠢᠯ ᠢ ᠥᠷᠭᠡᠳᠬᠡᠨ᠂ ᠬᠠᠭᠤᠴᠢᠨ ᠨᠠᠷᠠᠲᠤ ᠲᠡᠮᠳᠡᠭᠲᠦ ᠶᠢ | ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠶᠠᠨ ᠤ | ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠭᠤᠶᠤᠴᠢᠯᠠᠨ | ᠮᠡᠳᠡᠭᠦᠯᠦᠨ᠎ᠡ᠃ ᠬᠤᠲᠠ ᠲᠣᠭᠤᠷᠢᠭ ᠤᠨ ᠰᠤᠯᠠ ᠪᠠᠶᠢᠭ᠎ᠠ ᠬᠤᠳᠠᠯᠳᠤᠭᠠᠨ ᠤ ᠠᠰᠠᠷ ᠲᠠᠭᠲᠤ ᠶᠢ ᠠᠮᠢᠳᠤᠯᠢᠭ ᠢᠶᠠᠷ | ᠠᠰᠢᠭᠯᠠᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠰᠢᠨ᠎ᠡ ᠠᠵᠤ ᠦᠢᠯᠡᠰ᠂ ᠰᠢᠨ᠎ᠡ | ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ᠎ᠠ᠃ | ︵ᠭᠤᠷᠪᠠ︶ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠦᠬᠦ | ᠬᠦᠴᠦᠨ ᠢᠶᠠᠷ ᠠᠬᠢᠭᠤᠯᠤᠨ᠎ᠠ | ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠪᠠᠷ ᠵᠢᠯᠣᠭᠤᠳᠤᠮᠵᠢ | ᠪᠣᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠡᠪᠴᠢᠶᠡᠵᠢᠯ ᠤᠨ ᠴᠢᠨᠠᠷᠲᠠᠶ ᠳᠠᠬᠢᠨ | ᠶᠠᠳᠠᠭᠤᠷᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠪᠠᠷ ᠬᠤᠷᠢᠭ᠎ᠠ ᠱᠤᠭᠤᠮ ᠪᠣᠯᠭᠠᠵᠤ᠂ ᠬᠥᠳᠡᠭᠡ ᠲᠣᠰᠬᠤᠨ ᠤ | ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠨ᠂ ᠬᠥᠳᠡᠭᠡ | ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠶ ᠪᠥᠭᠡᠳ ᠪᠦᠲᠦᠮᠵᠢᠲᠡᠶ ᠠᠬᠢᠭᠤᠯᠤᠨ᠎ᠠ᠃ | | ᠠᠵᠤ ᠦᠢᠯᠡᠰ ᠤᠨ ᠬᠥᠭᠵᠢᠯᠲᠦ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠬᠤ᠂ | ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠨᠠᠷᠠᠲᠤ ᠲᠡᠮᠳᠡᠭᠵᠢᠭᠦᠯᠬᠦ᠂ ᠪᠣᠬᠢᠷᠲᠤᠯ ᠥᠬᠡᠶ ᠪᠣᠯᠭᠠᠬᠤ᠂ | ᠲᠣᠭᠠᠵᠢᠭᠤᠯᠬᠤ ᠪᠠᠷ ᠬᠥᠭᠵᠢᠯᠲᠡ ᠶᠢᠨ ᠴᠢᠭᠯᠡᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠪᠥᠬᠦ ᠬᠦᠴᠦᠨ ᠢᠶᠠᠷ ᠢᠶᠠᠨ ᠴᠢᠷᠮᠠᠶᠢᠨ | ᠡᠭᠦᠳᠴᠦ᠂ ᠵᠢᠯ ᠤᠨ ᠳᠣᠲᠣᠷ᠎ᠠ 3000 ᠮᠥ ᠬᠠᠭᠤᠴᠢᠨ ᠬᠦᠯᠡᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ | ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠶᠢ 1000 ᠮᠥ ᠰᠢᠨ᠎ᠡ ᠪᠠᠷ ᠨᠡᠮᠡᠭᠳᠡᠭᠦᠯᠦᠨ᠂ ᠶᠡᠷᠦᠩᠬᠡᠶ ᠬᠡᠮᠵᠢᠶ᠎ᠡ ᠶᠢ 3. | 66 ᠲᠦᠮᠡᠨ ᠮᠥ ᠳᠤ ᠬᠦᠷᠦᠭᠦᠯᠵᠦ᠂ ᠢᠳᠡᠰᠢᠨ ᠨᠣᠭᠤᠭ᠎ᠠ ᠶᠢᠨ ᠵᠢᠯ ᠤᠨ ᠳᠠᠷᠢᠬᠤ ᠲᠠᠯᠠᠪᠠᠶ ᠶᠢ 6.5 ᠲᠦᠮᠡᠨ | ᠮᠥ ᠳᠤ ᠬᠦᠷᠦᠭᠦᠯᠵᠦ᠂ ᠤᠨᠠᠯᠲᠠ ᠶᠢ 50 ᠲᠦᠮᠡᠨ ᠲᠣᠨ ᠳᠤ ᠬᠦᠷᠦᠭᠦᠯᠬᠦ ᠶᠢ ᠳᠡᠮᠵᠢᠨ᠎ᠡ᠃ ᠬᠤᠸᠠ ᠯᠦ | ᠲᠠᠷᠢᠶᠠᠯᠠᠩ ᠵᠡᠷᠭᠡ ᠭᠤᠤᠯᠳᠠᠯᠭ᠎ᠠ ᠲᠠᠢ ᠴᠢᠬᠢ ᠪᠤᠶᠢᠵᠢᠭᠤᠯᠬᠤ ᠭᠤᠤᠯ ᠴᠣᠭᠴᠠ ᠶᠢᠨ ᠪᠠᠷᠢᠮᠵᠢᠶᠠᠵᠢᠭᠤᠯᠤᠭᠰᠠᠨ ᠴᠢᠬᠢ | ᠪᠤᠶᠢᠵᠢᠭᠤᠯᠬᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ᠂ ᠵᠢᠯ ᠳᠤ 5000 ᠲᠦᠮᠡᠨ | ᠰᠠᠭᠤᠷᠢ ᠢᠳᠡᠰᠢᠨ ᠨᠣᠭᠤᠭ᠎ᠠ ᠶᠢᠨ ᠴᠢᠬᠢ ᠪᠤᠶᠢᠵᠢᠭᠤᠯᠬᠤ ᠴᠢᠳᠠᠪᠤᠷᠢ ᠶᠢ 3 ᠳ᠋ᠦᠩᠰᠢᠭᠤᠷ ᠰᠠᠭᠤᠷᠢ ᠳᠤ | ᠬᠦᠷᠦᠭᠦᠯᠦᠨ᠎ᠡ᠃ ︽ᠮᠢᠩᠭᠠᠨ ᠮᠦ ᠣᠨᠴᠠᠯᠢᠭᠲᠤ ᠵᠢᠱᠢᠶ᠎ᠡ ᠦᠵᠡᠭᠦᠯᠬᠦ ᠲᠠᠷᠢᠮᠠᠯ ᠤᠨ ᠣᠷᠣᠨ︾ ᠤ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ︽ᠳ᠋ᠦᠩ ᠾᠧ ᠬᠤᠩ ᠹᠠᠨ᠂ ᠳ᠋ᠦᠩ ᠾᠧ ᠨᠣᠭᠤᠭᠠᠨ ᠢᠳᠡᠰᠢᠨ ᠨᠣᠭᠤᠭ᠎ᠠ︾ | ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠬᠤ | ᠡᠷᠴᠢᠮ ᠢᠶᠠᠨ ᠴᠢᠩᠭᠠᠷᠠᠭᠤᠯᠵᠤ᠂ ᠪᠦᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠢ 2 ᠠᠴᠠ ᠳᠡᠭᠡᠭᠰᠢ ᠭᠤᠶᠤᠴᠢᠯᠠᠨ ᠭᠡᠷᠡᠴᠢᠯᠡᠭᠦᠯᠬᠦ ᠶᠢ ᠵᠣᠬᠢᠶᠠᠨ ᠪᠠᠶᠢᠭᠤᠯᠵᠤ᠂ ᠬᠤᠲᠠ ᠶᠢᠨ | ᠱᠠᠲᠤᠨ ᠠᠴᠠ ᠳᠡᠭᠡᠭᠰᠢᠬᠢ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ 6 ᠠᠴᠠ ᠳᠡᠭᠡᠭᠰᠢ | ᠪᠤᠶᠢᠵᠢᠭᠤᠯᠤᠨ᠂ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠬᠢᠭᠡᠳ ᠮᠠᠶᠢᠬᠠᠨ᠂ ᠳ᠋ᠢᠩ ᠳ᠋ᠦᠩ ᠨᠣᠭᠤᠭ᠎ᠠ | ᠬᠤᠳᠠᠯᠳᠤᠨ ᠠᠪᠬᠤ ᠵᠡᠷᠭᠡ ᠲᠠᠪᠴᠠᠩ ᠤᠨ ᠭᠦᠨᠵᠡᠭᠡᠶ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠵᠤ᠂ | ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠦᠷᠭᠦᠯᠵᠢᠯᠡᠨ ᠬᠡᠷᠡᠭᠵᠢᠭᠦᠯᠵᠦ᠂ ᠵᠡᠭᠦᠨ ᠬᠠᠰᠢᠯᠭ᠎ᠠ ᠵᠡᠷᠭᠡ | 3 ᠲᠣᠰᠬᠤᠨ ᠤ ᠪᠣᠬᠢᠷ ᠤᠰᠤ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠲᠦᠷᠭᠡᠳᠬᠡᠨ ᠪᠡᠶᠡᠯᠡᠭᠦᠯᠵᠦ᠂ | ᠠᠮᠢᠳᠤᠷᠠᠯ ᠤᠨ ᠬᠤᠭ ᠨᠣᠪᠰᠢ᠂ ᠢᠯᠭᠠᠳᠠᠰᠤᠨ ᠪᠣᠬᠢᠷᠲᠤᠯ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠭᠠᠨᠢᠭ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠬᠠᠮᠵᠢᠯᠴᠠᠨ ᠠᠬᠢᠭᠤᠯᠤᠨ᠎ᠠ᠃ ᠬᠥᠳᠡᠭᠡ | ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠬᠦ ᠶᠢ ᠠᠬᠢᠭᠤᠯᠵᠤ᠂ ᠨᠡᠶᠢᠲᠡ ᠶᠢᠨ | ᠬᠤᠷᠠᠮᠳᠤᠯ ᠬᠠᠪᠲᠠᠰᠤ ᠵᠡᠷᠭᠡ 3 ᠲᠣᠰᠬᠤᠨ ᠤ ᠠᠶᠤᠯᠭᠦᠶ ᠤᠤᠭᠤᠬᠤ ᠤᠰᠤᠨ ᠤ ᠪᠠᠲᠤᠯᠠᠭ᠎ᠠ ᠶᠢ ᠳᠡᠭᠡᠭᠰᠢᠯᠡᠭᠦᠯᠬᠦ | ᠢᠨᠵᠧᠨᠧᠷᠢᠩ᠂ ᠵᠠᠩᠭᠠᠢ ᠠᠶᠢᠯ ᠲᠣᠰᠬᠤᠨ ᠤ 2.7 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠢ | ᠥᠷᠭᠡᠳᠬᠡᠨ ᠪᠠᠶᠢᠭᠤᠯᠬᠤ ᠵᠢᠴᠢ ᠪᠤᠰᠤᠳ ᠭᠤᠤᠯᠳᠠᠯᠭ᠎ᠠ ᠲᠠᠢ ᠬᠤᠯᠪᠣᠬᠤ ᠵᠠᠮ ᠤᠨ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠢ ᠪᠡᠶᠡᠯᠡᠭᠦᠯᠵᠦ᠂ ᠵᠢᠯ ᠤᠨ ᠳᠣᠲᠣᠷ᠎ᠠ ᠬᠤᠲᠠ ᠶᠢᠨ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ 2 ᠠᠴᠠ ᠳᠡᠭᠡᠭᠰᠢ ᠡᠭᠦᠳᠦᠨ ᠪᠠᠶᠢᠭᠤᠯᠤᠨ᠎ᠠ᠃ ᠬᠥᠳᠡᠭᠡ | ᠲᠣᠰᠬᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠷᠠᠴᠢᠨ ᠦᠶᠡᠷ ᠢ ᠰᠡᠷᠭᠡᠶᠢᠯᠡᠬᠦ | ᠵᠠᠰᠠᠯᠲᠠ᠂ ᠪᠠᠷᠠᠭᠤᠨ ᠭᠤᠣᠯ ᠬᠤᠪᠢᠯ ᠤᠨ ᠠᠮᠢ ᠠᠬᠤᠶ ᠶᠢ ᠵᠠᠰᠠᠬᠤ ᠵᠡᠷᠭᠡ 6 ᠲᠥᠷᠥᠯ ᠵᠥᠢᠯ ᠢ ᠢᠳᠡᠪᠬᠢᠲᠡᠶ | ᠠᠬᠢᠭᠤᠯᠵᠤ᠂ ᠪᠤᠭᠤᠲᠤ ᠬᠤᠲᠠ ᠶᠢᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠨᠣᠭᠤᠭᠠᠷᠠᠭᠤᠯᠤᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ︽ | ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢ | ᠶᠡᠷᠦᠩᠬᠡᠶᠢᠯᠡᠨ ᠵᠠᠰᠠᠬᠤ ᠲᠥᠷᠥᠯ ᠵᠥᠢᠯ ᠢ ᠢᠳᠡᠪᠬᠢᠲᠡᠶ ᠲᠡᠮᠡᠴᠡᠨ ᠣᠯᠵᠤ᠂ ᠬᠥᠮᠦᠨ ᠤ ᠬᠦᠴᠦ ᠪᠠᠷ 1600 ᠮᠥ | ᠣᠶᠢᠵᠢᠭᠤᠯᠬᠤ᠂ 1.5 ᠲᠦᠮᠡᠨ ᠮᠥ ᠨᠢᠯᠬ᠎ᠠ ᠣᠶ ᠶᠢ ᠠᠷᠠᠴᠢᠯᠠᠨ ᠪᠤᠶᠢᠵᠢᠭᠤᠯᠬᠤ ᠶᠢ ᠬᠡᠷᠡᠭᠵᠢᠭᠦᠯᠦᠨ᠎ᠡ᠃ | ᠬᠤᠶᠠᠷ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ | ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠠᠯᠠᠪᠠᠢ ᠶᠢ ᠲᠣᠭᠲᠠᠪᠤᠷᠢᠵᠢᠭᠤᠯᠤᠨ᠂ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠵᠦ᠂ ᠠᠮᠤ ᠪᠤᠳᠠᠭ᠎ᠠ ᠲᠠᠷᠢᠬᠤ | ᠲᠠᠯᠠᠪᠠᠢ ᠶᠢ 9 ᠲᠦᠮᠡᠨ ᠮᠦ ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠵᠤ᠂ ᠤᠨᠠᠯᠲᠠ ᠶᠢ 1 | ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ | ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠪᠠᠶᠢᠳᠠᠯ᠂ ᠭᠠᠮᠰᠢᠭ ᠤᠨ ᠪᠠᠶᠢᠳᠠᠯ ᠪᠠ ᠶᠠᠳᠠᠭᠤᠷᠠᠬᠤ ᠲᠦᠭᠰᠢᠭᠦᠷᠢ ᠶᠢ ᠰᠣᠯᠪᠢᠴᠠᠭᠤᠯᠤᠨ ᠬᠢᠨᠠᠨ | ᠡᠵᠡᠮᠳᠡᠬᠦ ᠲᠣᠭᠲᠠᠴᠠ ᠶᠢ ᠪᠠᠶᠢᠭᠤᠯᠤᠨ᠂ ᠭᠤᠣᠯ ᠪᠣᠯᠬᠤ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ | ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠶᠠᠳᠠᠭᠤ ᠶᠢ | ᠰᠡᠷᠭᠡᠶᠢᠯᠡᠬᠦ ᠳᠠᠭᠠᠳᠬᠠᠯ᠂ ᠲᠤᠰᠬᠠᠢ ᠪᠡᠯᠡ ᠮᠥᠩᠭᠦ ᠪᠠᠷ ᠬᠠᠪᠰᠤᠷᠤᠨ ᠲᠡᠳᠬᠦᠬᠦ ᠵᠡᠷᠭᠡ ᠨᠥᠬᠦᠪᠥᠷᠢᠯᠡᠬᠦ ᠴᠢᠨᠠᠷᠲᠠᠢ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠦᠷᠢᠨᠰᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ | ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠶᠢ ᠪᠠᠲᠤᠯᠠᠨ᠎ᠠ᠃ | ︵ᠲᠦᠷᠪᠡ︶ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠪᠦᠬᠦ | ᠬᠦᠴᠦᠨ ᠢᠶᠠᠷ ᠢᠶᠠᠨ ᠴᠢᠩᠭᠠᠳᠬᠠᠨ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠪᠣᠳᠠᠲᠠᠶ ᠶᠢ ᠡᠷᠬᠢᠮᠯᠡᠬᠦ ᠠᠷᠭ᠎ᠠ | ᠬᠡᠮᠵᠢᠶ᠎ᠡ ᠪᠠᠷ ᠮᠠᠨ ᠤ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠤᠲᠠᠭᠤᠳᠠᠯ ᠢ | ᠲᠦᠷᠭᠡᠨ ᠨᠥᠬᠦᠪᠥᠷᠢᠯᠡᠬᠦ ᠬᠡᠷᠡᠭᠲᠡᠶ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠨᠠᠩ ᠬᠦᠴᠦᠲᠡᠶ ᠪᠣᠯᠭᠠᠨ᠎ᠠ᠃ ︽ᠰᠢᠨᠵᠢᠯᠡᠬᠦ ᠤᠬᠠᠭᠠᠨ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ᠂ | ᠭᠠᠶᠢᠯᠢ ᠲᠠᠲᠠᠪᠤᠷᠢ ᠪᠠᠷ ᠤᠷᠮᠠᠰᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ | ᠬᠡᠷᠡᠭᠯᠡᠨ ᠭᠦᠢᠴᠡᠳ ᠬᠡᠷᠡᠭᠯᠡᠵᠦ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠰᠢᠨ᠎ᠡ ᠶᠢ | ᠡᠭᠦᠳᠬᠦ ᠶᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠶᠢ ᠡᠭᠦᠳᠴᠦ᠂ ᠵᠣᠷᠢᠭᠲᠠᠶ ᠪᠠᠷ ᠰᠢᠨ᠎ᠡ ᠶᠢ ᠡᠭᠦᠳᠴᠦ᠂ | ᠰᠢᠨ᠎ᠡ ᠶᠢ ᠡᠭᠦᠳᠴᠦ ᠴᠢᠳᠠᠬᠤ ᠪᠣᠯᠭᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾᠂ | ︽ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ︾ ᠪᠠ ︽ᠳᠥᠷᠪᠡᠨ ᠨᠢᠭᠡ︾ ᠶᠢᠨ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ ᠭᠦᠨᠵᠡᠭᠡᠶ ᠠᠭᠤᠰᠤᠯᠴᠠᠯ ᠢ | ᠠᠬᠢᠭᠤᠯᠤᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ︽ᠬᠤᠶᠠᠷ ᠢ ᠳᠠᠬᠢᠨ ᠢᠶᠠᠷ ᠨᠡᠮᠡᠭᠳᠡᠭᠦᠯᠵᠦ | ᠬᠤᠶᠠᠷ ᠢ ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 5 | ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 9 ᠶᠢ ᠰᠢᠨ᠎ᠡ ᠪᠠᠷ | ᠨᠡᠮᠡᠭᠳᠡᠭᠦᠯᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠤᠯᠤᠰ ᠠᠴᠠ | ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ | ᠶᠡᠷᠦᠩᠬᠡᠶ ᠲᠤᠭ᠎ᠠ ᠶᠢ 55 ᠲᠤ ᠬᠦᠷᠦᠭᠦᠯᠬᠦ ᠪᠠᠷ ᠴᠢᠷᠮᠠᠶᠢᠨ᠎ᠠ᠃ ᠪᠤᠭᠤᠲᠤ ᠶᠢᠨ ᠬᠥᠩᠭᠡᠨ ᠴᠠᠭᠠᠨ᠂ ᠯᠦ ᠸᠠᠩ | ᠢᠮᠠᠭᠠᠨ ᠨᠣᠯᠤᠤᠷ᠂ ᠪᠤᠭᠤᠲᠤ ᠶᠢᠨ ᠬᠢᠲᠠᠳ ᠡᠮ ᠵᠡᠷᠭᠡ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠦᠨ ᠰᠠᠶᠢᠲᠤᠷ ᠬᠡᠷᠡᠭᠯᠡᠬᠦ ᠶᠢ ᠳᠡᠮᠵᠢᠵᠦ᠂ ᠪᠣᠬᠢᠷᠲᠤᠯ | ᠥᠬᠡᠶ ᠮᠡᠷᠭᠡᠵᠢᠯ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠬᠤᠪᠢᠷᠠᠭᠤᠯᠬᠤ ᠪᠠᠯᠠ ᠮᠥᠩᠭᠦ ᠶᠢ ᠢᠳᠡᠪᠬᠢᠯᠡᠨ ᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠵᠢᠯ ᠤᠨ | ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠢᠨ᠎ᠡ ᠶᠢ ᠡᠭᠦᠳᠬᠦ ᠲᠠᠪᠴᠠᠩ ᠢ 2 ᠰᠢᠨ᠎ᠡ ᠪᠠᠷ | ᠪᠠᠶᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ | ᠦᠷᠭᠦᠯᠵᠢᠯᠡᠨ ᠬᠥᠭᠵᠢᠭᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ | ᠲᠣᠭᠲᠠᠴᠠ ᠶᠢ ᠲᠡᠭᠦᠯᠳᠡᠷᠵᠢᠭᠦᠯᠦᠨ᠂ ᠡᠵᠡᠩᠨᠡᠯᠲᠡ ᠶᠢᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠴᠢᠰᠤ ᠪᠦᠲᠦᠭᠡᠬᠦ ᠴᠢᠳᠠᠮᠵᠢ ᠪᠠ ᠵᠠᠬ᠎ᠠ ᠳᠡᠯᠭᠡᠭᠦᠷ ᠤᠨ | ᠥᠷᠢᠰᠥᠯᠳᠦᠬᠦ ᠬᠦᠴᠦᠨ ᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠶ | ᠲᠥᠯᠥᠪᠯᠡᠬᠦ ᠶᠢ ᠴᠢᠩᠭᠠᠳᠬᠠᠵᠤ᠂ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠪᠠ ᠵᠠᠷᠤᠯᠭ᠎ᠠ ᠶᠢᠨ | ᠪᠦᠲᠦᠴᠡ ᠶᠢᠨ ︽ᠬᠤᠶᠠᠷ ᠢ ᠰᠢᠯᠢᠳᠡᠭᠵᠢᠭᠦᠯᠬᠦ︾ ᠶᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ | ᠵᠠᠷᠤᠯᠭ᠎ᠠ ᠪᠠ ᠭᠤᠤᠯᠳᠠᠯᠭ᠎ᠠ ᠲᠠᠢ ᠠᠵᠢᠯ ᠢ ᠤᠷᠢᠳᠠᠪᠠᠷ ᠪᠠᠲᠤᠯᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠨᠠᠩ ᠰᠢᠯᠢᠳᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠰᠦᠯᠵᠢᠶᠡᠨ ᠳᠡᠭᠡᠷᠡᠬᠢ ᠲᠤᠬᠠᠶᠢᠯᠠᠭᠰᠠᠨ | ᠠᠵᠢᠯ ᠢ ᠭᠦᠢᠴᠡᠳᠬᠡᠬᠦ ᠶᠢ ᠶᠡᠬᠡᠪᠡᠷ ᠬᠡᠷᠡᠭᠵᠢᠭᠦᠯᠵᠦ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ | ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠵᠡᠷᠭᠡ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ ᠲᠥᠬᠦᠮ ᠪᠣᠯᠭᠠᠨ᠎ᠠ᠃ | ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠨᠳᠥᠷ ᠳᠠᠪᠲᠠᠮᠵᠢᠲᠤ ᠵᠦᠢᠯᠡᠰ ᠢ ᠭᠦᠢᠴᠡᠳᠭᠡᠬᠦ ᠶᠠᠪᠤᠳᠠᠯ ᠢ | ᠲᠣᠰᠬᠤᠨ ︵ᠨᠡᠶᠢᠭᠡᠮ ᠲᠣᠭᠤᠷᠢᠭ︶ ᠳᠠᠰᠢ ᠤᠷᠲᠤᠳᠬᠠᠬᠤ ᠶᠢ ᠤᠯᠠᠮ ᠨᠢᠭᠡ ᠠᠯᠬᠤᠮ ᠠᠬᠢᠭᠤᠯᠤᠨ᠂ ᠣᠯᠠᠨ | ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ︽ᠣᠶᠢᠷ᠎ᠠ ᠬᠠᠪᠢ ᠳᠠᠭᠠᠨ ᠭᠦᠢᠴᠡᠳᠭᠡᠬᠦ︾ ︽ᠬᠠᠮᠤᠭ | ᠣᠯᠠᠨ ᠳᠠᠭᠠᠨ ᠨᠢᠭᠡ ᠯᠡ ᠤᠳᠠᠭ᠎ᠠ ᠣᠴᠢᠵᠤ ᠭᠦᠢᠴᠡᠳᠭᠡᠬᠦ︾ ᠪᠠ ︽ᠨᠢᠭᠡ ᠯᠡ ᠤᠳᠠᠭ᠎ᠠ ᠳᠤ ᠰᠠᠶᠢᠲᠤᠷ | ᠭᠦᠢᠴᠡᠳᠭᠡᠬᠦ︾ ᠶᠢ ᠪᠡᠶᠡᠯᠡᠭᠦᠯᠦᠨ᠎ᠡ᠃ ᠴᠢᠳᠠᠪᠤᠷᠢᠲᠠᠨ ᠢ ︽ᠣᠷᠣᠭᠤᠯᠤᠨ ᠠᠪᠴᠢᠷᠠᠵᠤ ᠬᠡᠷᠡᠭᠯᠡᠬᠦ ᠶᠢ ᠦᠯᠡᠳᠡᠭᠡᠬᠦ︾ | ᠶᠢ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠴᠢᠳᠠᠪᠤᠷᠢᠲᠠᠨ ᠢ | ᠣᠷᠣᠭᠤᠯᠤᠨ ᠠᠪᠴᠢᠷᠠᠵᠤ᠂ ︽ᠠᠵᠢᠯ ᠦᠢᠯᠡᠰ ᠤᠨ ᠣᠷᠣᠨ ᠲᠤᠭ᠎ᠠ ᠶᠢᠨ ᠠᠵᠤ ᠠᠬᠤᠶᠢᠯᠠᠯ ᠤᠨ ᠬᠡᠷᠡᠭᠯᠡᠯᠲᠡ︾᠂ | ︽ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ 550 ᠶᠢ ᠳᠠᠭᠠᠭᠠᠴᠢᠯᠠᠬᠤ︾ ᠵᠡᠷᠭᠡ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠲᠡᠳᠡᠨ ᠠᠪᠴᠢᠷᠠᠬᠤ | ᠬᠡᠷᠡᠭᠲᠡᠢ᠃ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠩ ᠰᠠᠶᠢᠨ ᠦᠷ᠎ᠡ ᠪᠦᠲᠦᠮᠵᠢ ᠣᠯᠪᠠ᠃ ᠳᠡᠭᠡᠳᠦ ᠱᠠᠲᠤᠨ ᠤ | ᠲᠥᠷᠥ ᠶᠢᠨ ᠪᠣᠳᠣᠯᠭ᠎ᠠ ᠶᠢᠨ ᠴᠢᠭᠯᠡᠯ᠂ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠴᠢᠩᠭ᠎ᠠ ᠳᠠᠭᠠᠵᠤ᠂ | ᠲᠥᠪ ᠤᠨ ᠲᠥᠰᠦᠪ ᠤᠨ ᠳᠣᠲᠣᠷᠠᠬᠢ ᠠᠷᠪᠠᠨ ᠵᠢᠷᠭᠤᠭᠠᠨ ᠲᠠᠯ᠎ᠠ᠂ ᠤᠯᠤᠰ ᠤᠨ ᠵᠢᠭᠡᠯᠡᠯᠭᠡ ᠶᠢᠨ ᠲᠠᠪᠤᠨ ᠶᠡᠭᠡ | ᠬᠠᠨᠳᠤᠰᠢ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠠᠷᠪᠠᠨ ᠨᠢᠭᠡᠨ ᠬᠦᠷᠢᠶ᠎ᠡ ᠴᠠᠷᠠᠭ᠎ᠠ ᠶᠢᠨ | ᠲᠣᠭᠤᠷᠢᠨ ᠳᠤ᠂ ᠲᠥᠷᠥᠯ ᠵᠦᠢᠯ ᠢ ᠲᠥᠯᠥᠪᠵᠢᠭᠦᠯᠬᠦ ᠪᠠ ᠭᠤᠶᠤᠴᠢᠯᠠᠨ ᠮᠡᠳᠡᠭᠦᠯᠬᠦ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠨᠠᠩ ᠣᠯᠠᠨ ᠲᠥᠷᠥᠯ ᠵᠦᠢᠯ ᠢ ᠳᠡᠭᠡᠳᠦ ᠱᠠᠲᠤᠨ ᠤ ︽ᠫᠢᠯᠠ︾ ᠳᠤ | ᠣᠷᠣᠭᠤᠯᠬᠤ ᠪᠠᠷ ᠴᠢᠷᠮᠠᠶᠢᠨ᠎ᠠ᠃ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ | ᠤᠯᠤᠯᠴᠠᠭ᠎ᠠ ᠵᠣᠯᠭᠠᠯᠴᠠᠭ᠎ᠠ ᠶᠢ ᠴᠢᠩᠭᠠᠳᠬᠠᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠲᠦᠷᠦᠯ ᠵᠦᠢᠯ ᠤᠨ ᠪᠡᠯᠡ | ᠮᠥᠩᠭᠦ ᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠦᠷᠦᠯ ᠵᠦᠢᠯ᠂ ᠪᠡᠯᠡ ᠮᠥᠩᠭᠦ ᠶᠢ ᠲᠡᠮᠡᠴᠡᠨ ᠤᠯᠬᠤ ᠶᠢ | ᠬᠢᠨᠠᠨ ᠰᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠥᠷᠭᠡᠨ ᠤᠯᠠᠨ ᠺᠠᠳ᠋ᠷ ᠤᠨ ᠰᠠᠨᠠᠭᠠᠴᠢᠯᠠᠭᠠᠲᠤ ᠴᠢᠨᠠᠷ᠂ | ᠢᠳᠡᠪᠬᠢᠵᠢᠯ ᠢ ᠭᠦᠢᠴᠡᠳ ᠲᠠᠶᠢᠴᠢᠯᠠᠵᠦ᠂ ᠪᠡᠯᠡ ᠮᠥᠩᠭᠦ ᠲᠡᠮᠡᠴᠡᠨ ᠤᠯᠬᠤ ᠲᠦᠷᠦᠯ ᠵᠦᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ | ︵ᠲᠠᠪᠤ︶ ᠬᠤᠲᠠ ᠶᠢᠨ ᠲᠣᠭᠤᠷᠢᠭ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠲᠦᠪᠰᠢᠨ ᠢ ᠪᠦᠬᠦ | ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ | ᠬᠤᠳᠠ ᠶᠢᠨ ᠣᠷᠭᠠᠨᠢᠭ ᠰᠢᠨᠡᠴᠢᠯᠡᠯᠲᠡ ᠶᠢ ᠭᠦᠨᠵᠡᠭᠡᠢ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ | ᠲᠣᠬᠢᠷᠠᠮᠵᠢᠲᠠᠢ ᠬᠤᠳᠠ ᠶᠢᠨ ᠲᠣᠭᠤᠷᠢᠭ ᠢ ᠲᠦᠷᠭᠡᠨ ᠪᠠᠶᠢᠭᠤᠯᠵᠤ᠂ ᠬᠤᠳᠠ ᠶᠢᠨ ᠶᠠᠰᠤ ᠴᠢᠨᠠᠷ ᠪᠠ ᠲᠠᠲᠠᠬᠤ | ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠬᠤᠳᠠ ᠶᠢᠨ ᠦᠵᠡᠰᠬᠦᠯᠡᠩᠲᠦ ᠰᠠᠶᠢᠬᠠᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ 30 ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 36 ᠲᠦᠮᠡᠨ ᠲᠡᠭᠰᠢ ᠳᠥᠷᠪᠡᠯᠵᠢᠨ ᠮᠧᠲᠷ | ᠲᠠᠯᠠᠪᠠᠢ ᠪᠦᠬᠦᠢ ᠨᠡᠶᠢᠭᠡᠮ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠪᠦᠷᠢᠨ ᠪᠦᠲᠦᠨ ᠨᠡᠶᠢᠭᠡᠮ ᠲᠣᠭᠤᠷᠢᠭ ᠢ ᠪᠤᠢ | ᠪᠣᠯᠭᠠᠨ᠎ᠠ᠃ ᠠᠷᠪᠢᠯᠠᠨ ᠭᠠᠮᠨᠠᠵᠤ ᠪᠣᠳᠠᠲᠠᠢ ᠶᠢ ᠡᠷᠬᠢᠮᠯᠡᠵᠦ ᠴᠡᠴᠡᠷᠯᠢᠭ ᠤᠨ ᠠᠭᠤᠳᠠᠮ ᠲᠠᠯᠠᠪᠠᠢ ᠶᠢᠨ ᠨᠥᠬᠦᠵᠦ | ᠲᠠᠷᠢᠬᠤ ᠨᠣᠭᠤᠭᠠᠷᠠᠭᠤᠯᠤᠯᠲᠠ ᠶᠢ ᠠᠬᠢᠭᠤᠯᠤᠶ᠎ᠠ᠃ ︽ᠵᠢᠵᠢᠭ ᠣᠭᠲᠣᠯᠤᠭᠠ︾᠂ ︽ᠪᠢᠴᠢᠯ ᠵᠠᠰᠠᠯᠲᠠ︾ ᠶᠢ | ᠶᠡᠬᠡᠪᠡᠷ ᠬᠡᠷᠡᠭᠵᠢᠭᠦᠯᠵᠦ᠂ ᠥᠷᠯᠥᠭᠡ ᠰᠥᠨᠢ ᠶᠢᠨ ᠵᠠᠬ᠎ᠠ ᠳᠡᠯᠭᠡᠭᠦᠷ ᠵᠢᠴᠢ ᠬᠤᠳᠠᠯᠳᠤᠭᠠᠨ ᠤ ᠲᠣᠭᠤᠷᠢᠭ ᠤᠨ | ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ 12 ᠰᠢᠯᠢᠳᠡᠭ ᠬᠤᠲᠠ ᠶᠢᠨ | ᠳᠦᠷᠢ ᠲᠥᠷᠬᠦ ᠶᠢᠨ ᠵᠢᠱᠢᠶ᠎ᠡ ᠦᠵᠡᠭᠦᠯᠬᠦ ᠴᠡᠭ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ︽ᠬᠤᠲᠠ ᠶᠢᠨ | ᠬᠤᠸᠠᠷ ᠫᠤᠤᠵᠢᠩ︾ ᠢ ᠨᠠᠩ ᠡᠮᠬᠢ ᠵᠢᠷᠤᠮ ᠲᠠᠢ ᠪᠣᠯᠭᠠᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠨ ᠵᠢᠱᠢᠶ᠎ᠡ ᠦᠵᠡᠭᠦᠯᠬᠦ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠦᠨ᠎ᠡ᠃ ᠤᠯᠤᠰ ᠤᠨ ᠡᠷᠡᠭᠦᠯ | ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠪᠠᠬᠢᠵᠢᠭᠦᠯᠵᠦ᠂ ᠬᠤᠲᠠ ᠶᠢᠨ ᠡᠷᠡᠭᠦᠯ | ᠬᠠᠮᠠᠭᠠᠯᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠤᠲᠠ ᠶᠢᠨ ᠳᠤᠯᠠᠭᠠᠯᠠᠭ᠎ᠠ ᠶᠢᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ ᠳᠤᠯᠠᠭᠠᠯᠭ᠎ᠠ ᠶᠢᠨ | ᠢᠨᠵᠧᠨᠧᠷᠢᠩ ᠢ ᠬᠡᠷᠡᠭᠵᠢᠭᠦᠯᠵᠦ᠂ ᠵᠢᠵᠢᠭ ᠲᠣᠭᠤᠷᠢᠭ ᠤᠨ ᠳᠤᠯᠠᠭᠠᠯᠭ᠎ᠠ ᠶᠢᠨ ᠬᠤᠭᠤᠯᠠᠶ ᠶᠢᠨ ᠲᠣᠤᠷ ᠤᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠳ᠋ᠦᠩ ᠬᠤᠸᠠ ᠢᠯᠴᠢ ᠶᠢᠨ ᠴᠠᠬᠢᠯᠭᠠᠨ ᠤ ᠥᠷᠲᠡᠭᠡᠨ ᠤ | ᠬᠤᠶᠢᠲᠤ ᠵᠠᠮ ᠤᠨ ᠬᠠᠷᠢᠯᠴᠠᠬᠤ ᠱᠤᠭᠤᠮ ᠢ ᠨᠡᠪᠲᠡᠷᠡᠭᠦᠯᠵᠦ᠂ ᠳᠤᠯᠠᠭᠠᠯᠭ᠎ᠠ ᠶᠢᠨ ᠦᠢᠯᠡᠴᠢᠯᠡᠭᠡᠨ ᠤ ᠶᠠᠰᠤ ᠴᠢᠨᠠᠷ ᠪᠠ | ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠳᠤᠯᠠᠭᠠᠯᠭ᠎ᠠ ᠶᠢᠨ ᠬᠠᠯᠠᠭᠤᠨ ᠪᠤᠰᠤ ᠠᠰᠠᠭᠤᠳᠠᠯ ᠢ ᠰᠠᠶᠢᠲᠤᠷ | ᠰᠢᠢᠳᠪᠦᠷᠢᠯᠡᠨ᠎ᠡ᠃ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠮᠢᠳᠤᠷᠠᠯ ᠤᠨ ᠢᠵᠢ | ᠪᠦᠷᠢᠳᠦᠭᠦᠯᠬᠦ ᠴᠢᠳᠠᠮᠵᠢ ᠶᠢ ᠲᠡᠭᠦᠯᠳᠡᠷᠵᠢᠭᠦᠯᠵᠦ᠂ ᠵᠢᠯ ᠤᠨ ᠳᠣᠲᠣᠷ᠎ᠠ ︽ᠨᠢᠭᠡ ᠮᠦᠴᠡᠲᠤ ᠠᠷᠠᠳ ᠲᠤ ᠲᠥᠬᠦᠮ | ᠦᠵᠡᠭᠦᠯᠬᠦ ᠠᠮᠢᠳᠤᠷᠠᠯ ᠤᠨ ᠬᠦᠷᠢᠶ᠎ᠡ︾ ᠶᠢ 3 ᠪᠠᠶᠢᠭᠤᠯᠤᠨ᠎ᠠ᠃ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠥᠷᠲᠡᠭᠡ 17᠂ | ᠴᠠᠬᠢᠯᠭᠠᠨ ᠴᠡᠨᠡᠭᠯᠡᠬᠦ ᠪᠠᠭᠠᠨ᠎ᠠ 96 ᠰᠢᠨ᠎ᠡ ᠪᠠᠷ ᠨᠡᠮᠡᠭᠳᠡᠪᠡ᠃ ᠵᠠᠮ ᠤᠨ ᠰᠢᠰᠲ᠋ᠧᠮ ᠢ ᠰᠠᠭᠠᠳ ᠦᠭᠡᠢ | ᠨᠡᠪᠲᠡᠷᠡᠭᠦᠯᠵᠦ᠂ ᠨᠢᠭᠡ ᠪᠦᠯᠦᠭ ᠲᠠᠰᠤᠷᠬᠠᠢ ᠵᠠᠮ ᠵᠢᠴᠢ ᠵᠢᠵᠢᠭ ᠪᠢᠴᠢᠯ ᠵᠠᠮ ᠤᠨ ᠲᠠᠰᠤᠯᠳᠠᠯ ᠢ ᠨᠡᠪᠲᠡᠷᠡᠭᠦᠯᠦᠨ᠎ᠡ᠃ | ᠬᠤᠲᠠ ᠶᠢᠨ ᠠᠮᠢᠵᠢᠷᠠᠯ ᠤᠨ ᠬᠦᠴᠦᠨ ᠤ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ ᠬᠡᠷᠡᠭᠯᠡᠭᠡᠨ ᠤ | ᠣᠶᠢᠯᠠᠭᠠᠭᠳᠠᠬᠤᠨ ᠢ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠢᠯᠯᠠᠭ᠎ᠠ ᠳᠤ ᠲᠤᠤᠱᠯᠠᠭᠤᠯᠬᠤ ᠶᠢ ᠪᠠᠷᠢᠮᠲᠠᠯᠠᠵᠤ | ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠠᠵᠠ | ᠲᠣᠬᠢᠶᠠᠯ ᠪᠣᠯᠭᠠᠵᠤ᠂ ᠳ᠋ᠦᠩ ᠾᠧ ᠠᠮᠲᠠᠲᠤ ᠢᠳᠡᠭᠡᠨ ᠤ ᠭᠠᠵᠠᠷ ᠤᠨ ᠵᠢᠷᠤᠭ ᠢ ᠳᠡᠯᠭᠡᠷᠡᠭᠦᠯᠵᠦ᠂ ᠡᠵᠡᠩᠨᠡᠯᠲᠡ ᠶᠢᠨ | ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ | ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠡᠷᠡᠭᠯᠡᠭᠴᠢᠳ ᠤᠨ ᠣᠶᠢᠯᠠᠭᠠᠬᠤ | ᠬᠡᠮᠵᠢᠶ᠎ᠡ ᠶᠢ ᠨᠡᠮᠡᠭᠳᠡᠭᠦᠯᠵᠦ᠂ ︽ᠳ᠋ᠦᠩ ᠾᠧ ᠳᠤ ᠢᠳᠡᠬᠦ︾ ᠨᠠᠷᠠᠲᠤ ᠲᠡᠮᠳᠡᠭ ᠢ ᠭᠡᠷᠡᠯᠳᠦᠭᠦᠯᠦᠨ᠎ᠡ᠃ ᠪᠤᠭᠤᠲᠤ ᠶᠢᠨ | ᠠᠯᠲᠠᠨ ᠵᠡᠭᠡᠯᠢ᠂ ᠪᠤᠭᠤᠲᠤ ᠶᠢᠨ ᠤᠯᠠᠭᠠᠨ ᠵᠡᠭᠡᠯᠢ᠂ ᠨᠠᠨ ᠬᠠᠢ ᠦᠵᠡᠮᠵᠢ ᠶᠢᠨ ᠣᠷᠣᠨ ᠤ ᠤᠷᠤᠰᠬᠠᠯ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ ᠠᠪᠴᠢᠷᠠᠵᠤ | ᠪᠤᠶᠢᠵᠢᠭᠤᠯᠤᠨ᠂ ᠦᠢᠯᠡᠴᠢᠯᠡᠭᠡᠨ ᠤ ᠦᠢᠯᠡᠰ ᠤᠨ ᠬᠡᠷᠡᠭᠯᠡᠭᠡᠨ ᠤ ᠴᠢᠨᠠᠷ ᠴᠢᠨᠰᠠᠭ᠎ᠠ ᠶᠢᠨ ᠲᠠᠰ ᠳᠡᠪᠰᠢᠬᠦ ᠶᠢ | ᠠᠬᠢᠭᠤᠯᠤᠨ᠎ᠠ᠃ ᠪᠦᠬᠦ ᠵᠢᠯ ᠳᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 20 ᠠᠴᠠ ᠳᠡᠭᠡᠭᠰᠢ ᠥᠷᠨᠢᠭᠦᠯᠵᠦ᠂ | ᠬᠡᠷᠡᠭᠯᠡᠭᠡ ᠶᠢ 4 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠨ᠎ᠠ᠃ ᠬᠦᠷᠡᠯ ᠰᠢᠯᠢ ᠶᠢᠨ ᠬᠡᠰᠡᠭ ᠲᠣᠭᠤᠷᠢᠭ ᠤᠨ | ᠡᠬᠢ ᠪᠠᠶᠠᠯᠢᠭ ᠢ ᠠᠮᠢᠳᠤᠯᠢᠭ ᠪᠥᠭᠡᠳ ᠰᠠᠶᠢᠲᠤᠷ ᠬᠡᠷᠡᠭᠯᠡᠵᠦ᠂ ᠬᠦᠷᠡᠯ ᠰᠢᠯᠢ ᠶᠢᠨ ᠬᠡᠰᠡᠭ ᠲᠣᠭᠤᠷᠢᠭ ᠤᠨ | ᠬᠥᠭᠵᠢᠯᠲᠡ ᠶᠢᠨ ︽ᠴᠢᠰᠤ ᠪᠦᠲᠦᠭᠡᠬᠦ︾ ᠴᠢᠳᠠᠪᠤᠷᠢ ᠶᠢ ᠳᠡᠭᠡᠭᠰᠢᠯᠡᠭᠦᠯᠵᠦ᠂ ᠬᠦᠷᠡᠯ ᠰᠢᠯᠢ ᠶᠢᠨ ᠳᠥᠭᠦᠮ | ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ︽ᠰᠡᠭᠦᠯᠴᠢ ᠶᠢᠨ ᠬᠠᠭᠠᠰ ᠵᠣᠬᠢᠶᠠᠯ︾ ᠢ ᠰᠠᠶᠢᠲᠤᠷ ᠬᠢᠨ᠎ᠡ᠃ | ︵ᠵᠢᠷᠭᠤᠭ᠎ᠠ︶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ ᠬᠦᠴᠦᠨ ᠢᠶᠠᠷ ᠢᠶᠠᠨ | ᠴᠢᠩᠭᠠᠳᠬᠠᠨ᠎ᠠ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠬᠥᠬᠡ ᠣᠭᠲᠠᠷᠭᠤᠶ᠂ | ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ | ᠪᠤᠭᠤᠲᠤ ᠶᠢᠨ ᠬᠥᠩᠭᠡᠨ ᠴᠠᠭᠠᠨ᠂ ᠬᠤᠸᠠ ᠶᠦᠨ ᠵᠡᠷᠭᠡ ᠠᠵᠤ ᠥᠢᠯᠡᠳᠪᠦᠷᠢ ᠶᠢᠨ ᠬᠠᠶᠠᠭᠳᠠᠮᠠᠯ ᠬᠡᠶ ᠶᠢ ᠵᠠᠰᠠᠬᠤ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠮ ᠳᠡᠭᠡᠷ᠎ᠡ ᠲᠣᠭᠤᠰᠣ ᠳᠡᠭᠳᠡᠬᠦ᠂ ᠰᠢᠷ᠎ᠠ ᠬᠥᠷᠥᠰᠥ ᠶᠢ ᠢᠯᠡ | ᠪᠣᠯᠭᠠᠬᠤ ᠵᠡᠷᠭᠡ ᠭᠤᠤᠯᠳᠠᠯᠭ᠎ᠠ ᠲᠠᠢ ᠵᠠᠰᠠᠯᠲᠠ ᠶᠢ ᠥᠷᠨᠢᠭᠦᠯᠵᠦ᠂ ᠠᠭᠠᠷ ᠤᠨ ᠶᠠᠰᠤ ᠴᠢᠨᠠᠷ ᠤᠨ ᠦᠷᠭᠦᠯᠵᠢᠯᠡᠨ | ᠰᠠᠶᠢᠵᠢᠷᠠᠬᠤ ᠶᠢ ᠠᠬᠢᠭᠤᠯᠤᠨ᠎ᠠ᠃ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠶᠢ ᠶᠡᠷᠦᠩᠬᠡᠶᠢᠯᠡᠨ ᠵᠠᠰᠠᠬᠤ | 21 ᠰᠠᠷ᠎ᠠ ᠶᠢᠨ ᠲᠥᠪᠯᠡᠷᠡᠭᠦᠯᠦᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠪᠡ᠃ ᠪᠠᠷᠠᠭᠤᠨ | ᠭᠤᠤᠯ ᠤᠨ ᠳᠤᠤᠷᠠᠳᠤ ᠤᠷᠤᠰᠬᠠᠯ ᠤᠨ ᠤᠰᠤᠨ ᠤ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠬᠡᠷᠡᠭᠵᠢᠭᠦᠯᠵᠦ᠂ | ᠳ᠋ᠧᠩᠺᠸᠤ ᠶᠢᠨ ᠬᠠᠲᠤᠨ ᠭᠤᠤᠯ ᠤᠨ ᠣᠭᠲᠣᠯᠤᠭᠠᠰᠤ ᠪᠠ ᠬᠤᠲᠠ ᠶᠢᠨ ᠲᠥᠪᠯᠡᠷᠡᠩᠭᠦᠶ ᠮᠠᠶ᠋ᠢᠭ ᠤᠨ ᠤᠤᠭᠤᠬᠤ | ᠤᠰᠤᠨ ᠤ ᠡᠬᠢ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ | ᠬᠦᠷᠦᠭᠦᠯᠬᠦ ᠶᠢ ᠪᠠᠲᠤᠯᠠᠪᠠ᠃ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠶᠢ ᠴᠢᠩᠭᠠᠷᠠᠭᠤᠯᠵᠤ᠂ 4 ᠲᠦᠮᠡᠨ ᠮᠥ ᠰᠦᠯᠢᠶᠣᠣ ᠪᠦᠷᠬᠦᠪᠴᠢ ᠶᠢ ᠢᠵᠢ ᠪᠥᠷᠢᠳᠦᠭᠦᠯᠦᠨ ᠳᠠᠷᠢᠬᠤ | ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠳᠡᠮᠵᠢᠨ᠎ᠡ᠃ | ᠠᠮᠢ ᠠᠬᠤᠢ ᠶᠢᠨ ᠬᠠᠮᠠᠭᠠᠯᠠᠯᠲᠠ ᠶᠢ ᠭᠦᠨᠵᠡᠭᠡᠢ ᠠᠬᠢᠭᠤᠯᠤᠨ᠎ᠠ᠃ ᠨᠠᠨ ᠬᠠᠢ ᠨᠠᠭᠤᠷ ᠤᠨ ᠠᠮᠢ ᠠᠬᠤᠢ ᠶᠢᠨ | ᠤᠰᠤ ᠨᠥᠬᠦᠪᠥᠷᠢᠯᠡᠬᠦ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠪᠠ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠲᠦᠯᠬᠢᠨ | ᠠᠬᠢᠭᠤᠯᠤᠨ᠎ᠠ᠃ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢ ᠰᠠᠶᠢᠲᠤᠷ ᠬᠢᠵᠦ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠠᠩ ᠭᠧ ᠯᠧᠩ ᠫᠢᠩ ᠳ᠋ᠢᠩ ᠱᠠᠨ ᠤ ᠵᠠᠳᠠᠭᠠᠶ ᠨᠡᠭᠦᠷᠡᠰᠦᠨ | ᠠᠭᠤᠷᠬᠠᠶ ᠶᠢ ᠵᠠᠰᠠᠬᠤ ᠡᠭᠦᠷᠭᠡ ᠶᠢ ᠪᠡᠶᠡᠯᠡᠭᠦᠯᠵᠦ᠂ ᠴᠠᠩ ᠶᠤᠸᠠᠢ ᠨᠡᠭᠦᠷᠡᠰᠦᠨ ᠠᠭᠤᠷᠬᠠᠶ᠂ ᠬᠠᠶ ᠯᠢᠦ ᠱᠤ᠋ ᠳ᠋ᠠ | ᠴᠠᠩ ᠰᠢᠨ ᠵᠠᠳᠠᠭᠠᠶ ᠨᠡᠭᠦᠷᠡᠰᠦᠨ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ | ᠦᠷᠭᠦᠯᠵᠢᠯᠡᠨ ᠥᠷᠨᠢᠭᠦᠯᠵᠦ᠂ ᠠᠭᠤᠷᠬᠠᠶ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠵᠢᠷᠤᠭ ᠤᠨ ᠲᠣᠯᠪᠤ ᠶᠢᠨ | ᠵᠠᠰᠠᠯᠲᠠ ᠶᠢ ᠲᠦᠷᠭᠡᠳᠬᠡᠨ ᠠᠬᠢᠭᠤᠯᠤᠨ᠎ᠠ᠃ | ︵ᠳᠤᠯᠤᠭ᠎ᠠ︶ ᠣᠯᠠᠨ ᠲᠦᠮᠡᠨ ᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠦᠬᠦ ᠬᠦᠴᠦᠨ ᠢᠶᠠᠷ ᠢᠶᠠᠨ | ᠬᠠᠩᠭᠠᠨ᠎ᠠ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠢᠭᠡ ᠵᠢᠯ ᠳᠤ | ᠨᠢᠭᠡ ᠵᠢᠯ ᠤᠨ ᠬᠢ ᠠᠴᠠ ᠳᠡᠭᠡᠭᠰᠢ ᠪᠣᠯᠭᠠᠵᠤ᠂ ᠳ᠋ᠦᠩ ᠾᠧ ᠶᠢᠨ ᠬᠥᠮᠦᠨ ᠤ ᠵᠣᠯ ᠵᠢᠷᠭᠠᠯ᠂ ᠨᠡᠷ᠎ᠡ ᠬᠦᠨᠳᠦ ᠪᠠ | ᠢᠷᠠᠭᠤ ᠠᠯᠳᠠᠷ ᠢ ᠬᠠᠮᠲᠤ ᠪᠠᠷ ᠡᠳ᠋ᠯᠡᠭᠦᠯᠦᠨ᠎ᠡ᠃ | ᠬᠦᠴᠦ ᠪᠠᠨ ᠲᠥᠪᠯᠡᠷᠡᠭᠦᠯᠦᠨ ︽ᠰᠤᠷᠭᠠᠨ ᠬᠥᠮᠦᠵᠢᠯ ᠤᠨ ᠥᠨᠳᠥᠷ ᠭᠠᠵᠠᠷ︾ ᠢ ᠪᠠᠢᠭᠤᠯᠤᠶ᠎ᠠ᠃ ᠴᠢᠨᠠᠷ | ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠵᠢᠩ ᠫᠢᠩ | ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠹᠦ᠋ ᠱᠧᠩ ᠬᠡᠤᠬᠡᠳ ᠤᠨ ᠴᠡᠴᠡᠷᠯᠢᠭ ᠵᠡᠷᠭᠡ 4 | ᠰᠤᠷᠭᠠᠭᠤᠯᠢ ᠶᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠠᠯᠪᠠᠨ ᠠᠴᠠ ᠡᠷᠭᠢᠯᠡᠭᠰᠡᠨ ᠴᠡᠴᠡᠷᠯᠢᠭ ᠤᠨ | ᠡᠵᠡᠯᠡᠬᠦ ᠬᠠᠷᠢᠴᠠᠯ ᠢ 50% ᠠᠴᠠ ᠳᠡᠭᠡᠭᠰᠢ ᠳᠤ ᠬᠦᠷᠦᠭᠦᠯᠦᠨ᠎ᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠴᠢᠳᠠᠪᠤᠷᠢᠲᠠᠨ ᠤ ᠲᠤᠷᠰᠢᠯᠲᠠ ᠶᠢᠨ ᠠᠩᠭᠢ ᠶᠢ | ᠰᠦᠪᠡᠭᠴᠢᠯᠡᠨ ᠪᠠᠶᠢᠭᠤᠯᠵᠤ᠂ ᠪᠥᠬᠦ ᠬᠤᠲᠠ ᠶᠢᠨ ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ | ᠬᠥᠮᠦᠵᠢᠭᠦᠯᠬᠦ ᠰᠢᠰᠲ᠋ᠧᠮ ᠤᠨ ᠪᠠᠶᠢᠭᠤᠯᠤᠯᠲᠠ ᠳᠤ ᠠᠭᠤᠰᠤᠯᠴᠠᠭᠤᠯᠤᠨ᠎ᠠ᠃ ᠪᠠᠭᠰᠢ ᠶᠢᠨ ᠡᠩᠨᠡᠭᠡ ᠶᠢᠨ | ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠵᠤ᠂ ︽ᠭᠤᠷᠪᠠᠨ ᠨᠡᠷ᠎ᠡ︾ ᠶᠢᠨ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠵᠦ᠂ ᠨᠡᠷᠡᠲᠦ ᠪᠠᠭᠰᠢ ᠶᠢᠨ ᠠᠵᠢᠯ ᠤᠨ ᠭᠠᠵᠠᠷ ᠢ 30 ᠪᠠᠶᠢᠭᠤᠯᠵᠤ᠂ ᠪᠠᠭᠰᠢ ᠶᠢᠨ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠢ ᠰᠢᠯᠭᠠᠨ ᠬᠢᠨᠠᠬᠤ ᠪᠠ ᠰᠤᠷᠭᠠᠭᠤᠯᠢ ᠶᠢᠨ ᠲᠠᠰ ᠤᠨ ᠤᠳᠤᠷᠢᠳᠬᠤ ᠪᠠᠭ ᠤᠨ | ᠬᠠᠷᠠᠯᠲᠠ ᠶᠢᠨ ᠰᠢᠯᠭᠠᠨ ᠬᠢᠨᠠᠬᠤ ᠶᠢ ᠴᠢᠩᠭᠠᠳᠬᠠᠨ᠂ ᠰᠤᠷᠭᠠᠨ ᠬᠥᠮᠦᠵᠢᠯ ᠤᠨ ᠰᠢᠰᠲ᠋ᠧᠮ ᠤᠨ ᠰᠢᠨ᠎ᠡ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠶᠢ ᠲᠦᠯᠬᠢᠨ ᠠᠬᠢᠭᠤᠯᠵᠤ᠂ | ᠰᠤᠷᠭᠠᠨ ᠬᠥᠮᠦᠵᠢᠯ ᠤᠨ ᠬᠤᠯᠪᠣᠭ᠎ᠠ ᠶᠢ ᠲᠦᠷᠭᠡᠳᠬᠡᠨ ᠵᠣᠬᠢᠶᠠᠨ ᠪᠠᠶᠢᠭᠤᠯᠵᠤ᠂ ᠪᠦᠯᠦᠭᠵᠢᠭᠦᠯᠦᠨ ᠰᠤᠷᠭᠠᠭᠤᠯᠢ | ᠡᠷᠬᠢᠯᠡᠬᠦ ᠨᠣᠷᠮ᠎ᠠ ᠶᠢ 40% ᠠᠴᠠ ᠳᠡᠭᠡᠭᠰᠢ ᠳᠤ ᠬᠦᠷᠦᠭᠦᠯᠦᠨ᠎ᠡ᠃ | ᠬᠦᠴᠦ ᠪᠠᠨ ᠲᠥᠪᠯᠡᠷᠡᠭᠦᠯᠦᠨ ︽ᠡᠮ ᠡᠮᠨᠡᠯᠭᠡ ᠶᠢᠨ ᠥᠨᠳᠥᠷ ᠭᠠᠵᠠᠷ︾ ᠢ ᠪᠠᠢᠭᠤᠯᠤᠶ᠎ᠠ᠃ ᠲᠣᠭᠤᠷᠢᠭ ᠤᠨ | ᠬᠠᠷᠢᠶ᠎ᠠ ᠡᠮᠴᠢᠯᠡᠭᠡᠨ ᠤ ᠪᠠᠶᠢᠭᠤᠯᠤᠮᠵᠢ ᠬᠢᠭᠡᠳ ᠲᠣᠭᠤᠷᠢᠭ ᠲᠤ ᠰᠠᠭᠤᠭ᠎ᠠ ᠬᠤᠲᠠ ᠶᠢᠨ ᠬᠠᠷᠢᠶ᠎ᠠ ᠡᠮᠨᠡᠯᠭᠡ ᠶᠢᠨ | ᠬᠤᠷᠢᠶ᠎ᠠ ᠶᠢᠨ ᠬᠠᠮᠲᠤᠷᠠᠨ ᠪᠠᠶᠢᠭᠤᠯᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠂ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ | ᠣᠯᠠᠨ ᠳᠤ ᠬᠡᠷ ᠤᠨ ᠡᠭᠦᠳᠡᠨ ᠳᠤ ᠨᠠᠩ ᠣᠯᠠᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠨ᠎ᠡ᠃ ᠨᠢᠭᠲᠠ | ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠠᠶᠢᠭᠤᠯᠤᠯᠲᠠ ᠶᠢᠨ ᠪᠠᠶᠢᠭᠤᠯᠤᠯ ᠲᠣᠭᠲᠠᠴᠠ ᠶᠢᠨ ᠰᠢᠨ᠎ᠡ | ᠰᠢᠪᠲᠤᠯᠤᠯᠲᠠ ᠲᠠᠢ ᠪᠣᠯᠬᠤ ᠶᠢ ᠲᠦᠷᠭᠡᠳᠬᠡᠨ ᠠᠬᠢᠭᠤᠯᠤᠨ᠎ᠠ᠃ ᠲᠤᠭᠤᠷᠢᠭ ᠤᠨ ᠬᠠᠷᠢᠶ᠎ᠠ ᠪᠦᠬᠦᠢ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠣᠷᠣᠨ ᠲᠤᠭ᠎ᠠ᠂ ᠲᠥᠰᠦᠪ ᠵᠡᠷᠭᠡ ᠭᠤᠤᠯᠳᠠᠯᠭ᠎ᠠ ᠲᠠᠢ | ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠲᠤᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ | ᠵᠢᠷᠦᠬᠡᠨ ᠡᠪᠡᠳᠴᠢᠨ ᠤ ᠰᠠᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠰᠬᠠᠶ | ᠰᠠᠯᠠᠭ᠎ᠠ ᠪᠠᠶᠢᠭᠤᠯᠬᠤ ᠶᠢ ᠳᠡᠮᠵᠢᠨ᠎ᠡ᠃ ᠬᠢᠲᠠᠳ ᠡᠮ ᠡᠮᠨᠡᠯᠭᠡ ᠶᠢᠨ ᠨᠡᠶᠢᠭᠡᠮᠯᠢᠭ ᠤᠨ ᠠᠵᠢᠯ ᠲᠥᠷᠥᠯ ᠤᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠷᠥᠯ ᠵᠦᠢᠯ ᠢ ᠪᠣᠳᠠᠲᠠᠶ ᠪᠥᠭᠡᠳ ᠨᠠᠷᠢᠯᠢᠭ ᠬᠢᠵᠦ᠂ ᠬᠤᠲᠠ ᠬᠥᠳᠡᠭᠡ ᠶᠢᠨ ︽ᠬᠤᠶᠠᠷ ᠥᠮᠡᠨ | ︾ ᠢ ᠰᠦᠢᠳᠬᠡᠯ ᠬᠤᠷᠢᠶᠠᠬᠤ ᠥᠬᠡᠶ ᠪᠠᠷ ᠰᠢᠭᠰᠢᠨ ᠪᠠᠶᠢᠴᠠᠭᠠᠬᠤ ᠵᠡᠷᠭᠡ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ | ᠥᠷᠨᠢᠭᠦᠯᠵᠦ᠂ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠰᠠᠶᠢᠲᠤᠷ ᠠᠳᠬᠤᠨ᠎ᠠ᠃ | ᠬᠦᠴᠦ ᠪᠠᠨ ᠲᠥᠪᠯᠡᠷᠡᠭᠦᠯᠦᠨ ︽ᠰᠣᠶᠣᠯ ᠤᠨ ᠥᠨᠳᠥᠷ ᠭᠠᠵᠠᠷ︾ ᠢ ᠪᠠᠢᠭᠤᠯᠤᠶ᠎ᠠ᠃ ᠰᠣᠶᠣᠯ ᠢᠶᠠᠷ | ᠵᠤᠭᠠᠴᠠᠯ ᠢ ᠱᠤᠭᠤᠬᠤ᠂ ᠵᠤᠭᠠᠴᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ︽ᠬᠠᠭᠤᠴᠢᠨ ᠪᠤᠭᠤᠲᠤ︾ ᠶᠢᠨ | ᠰᠣᠶᠣᠯ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠵᠢᠦᠵᠢᠶᠠᠩ ᠤᠨ ᠰᠦᠮ᠎ᠡ ᠶᠢᠨ ᠴᠤᠭᠯᠠᠭᠠᠨ᠂ | ᠨᠠᠨ ᠬᠠᠢ ᠰᠦᠮ᠎ᠡ ᠶᠢᠨ ᠴᠤᠭᠯᠠᠭᠠᠨ ᠢ ᠳ᠋ᠦᠩ ᠾᠧ ᠶᠢᠨ ᠰᠣᠶᠣᠯ ᠤᠨ ᠲᠡᠮᠳᠡᠭ ᠪᠣᠯᠭᠠᠪᠠ᠃ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ 1 ︽ᠬᠤᠲᠠ ᠶᠢᠨ ᠭᠤᠣᠯ ᠨᠣᠮ ᠤᠨ | ᠦᠷᠦᠭᠡ︾ ᠶᠢ ᠪᠠᠶᠢᠭᠤᠯᠵᠤ᠂ ︽ᠪᠠᠭ᠎ᠠ ᠮᠥᠷᠲᠡᠭᠡᠨ ᠰᠠᠶᠢᠬᠠᠨ︾ ᠰᠢᠨ᠎ᠡ ᠬᠡᠯᠪᠡᠷᠢ ᠶᠢᠨ ᠣᠯᠠᠨ ᠨᠡᠶᠢᠲᠡ ᠶᠢᠨ | ᠰᠣᠶᠣᠯ ᠤᠨ ᠣᠷᠣᠨ ᠵᠠᠶ ᠶᠢ 4 ᠥᠭᠡᠷᠡᠴᠢᠯᠡᠨ ᠳᠡᠭᠡᠭᠰᠢᠯᠡᠭᠦᠯᠵᠦ᠂ ᠬᠦᠷᠡᠯ ᠰᠢᠯᠢ ᠶᠢᠨ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠪᠠ᠃ ᠣᠯᠠᠨ ᠲᠦᠮᠡᠨᠴᠢᠯᠡᠭᠰᠡᠨ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠵᠦ᠂ ︽ᠪᠣᠳᠠᠰ ᠤᠨ ᠪᠤᠰᠤ ᠰᠣᠶᠣᠯ ᠤᠨ | ᠬᠤᠲᠠ ᠶᠢᠨ ᠴᠤᠭᠯᠠᠭᠠᠨ︾᠂ ︽ᠨᠠᠭᠤᠷ ᠤᠨ ᠬᠥᠪᠡᠭᠡᠨ ᠳᠠᠬᠢ ᠳᠠᠭᠤᠤ ᠬᠥᠭᠵᠢᠮ ᠤᠨ ᠴᠤᠭᠯᠠᠭᠠᠨ︾ ᠵᠡᠷᠭᠡ | ᠠᠩᠬᠠᠨ ᠤ ᠡᠭᠦᠳᠦᠯᠲᠡ ᠶᠢᠨ ᠴᠢᠨᠠᠷᠲᠠᠶ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ 20 | ᠲᠠᠯᠠᠪᠤᠷ ᠠᠴᠠ ᠳᠡᠭᠡᠭᠰᠢ᠂ ᠬᠠᠭᠤᠴᠢᠨ ᠪᠤᠭᠤᠲᠤ ᠶᠢᠨ ᠴᠠᠭᠠᠨ ᠰᠠᠷ᠎ᠠ ᠶᠢᠨ ᠰᠣᠶᠣᠯ ᠤᠨ ᠰᠦᠮ᠎ᠡ ᠶᠢᠨ ᠴᠤᠭᠯᠠᠭᠠᠨ | ᠵᠡᠷᠭᠡ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠶᠢ 400 ᠭᠠᠷᠤᠢ ᠲᠠᠯᠠᠪᠤᠷ ᠡᠷᠭᠢᠯᠡᠪᠡ᠃ ᠰᠣᠶᠣᠯ ᠤᠨ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ︽ᠰᠣᠶᠣᠯ︾ ᠤᠨ ᠢᠳᠡᠭᠡᠨ | ᠤᠮᠳᠠᠭᠠᠨ᠂ ᠵᠤᠭ᠎ᠠ ᠴᠡᠩᠭᠡᠯ᠂ ᠰᠡᠯᠡᠭᠦᠴᠡᠯ ᠵᠡᠷᠭᠡ ᠨᠡᠶᠢᠯᠡᠮᠡᠯ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰ | ᠳᠡᠪᠰᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠢ ᠡᠵᠡᠩᠨᠡᠨ ᠪᠣᠷᠣᠯᠠᠭᠤᠯᠵᠤ ᠲᠠᠨᠢᠯᠴᠠᠭᠤᠯᠬᠤ ᠡᠷᠴᠢᠮ ᠢᠶᠠᠨ | ᠴᠢᠩᠭᠠᠷᠠᠭᠤᠯᠤᠨ᠂ ᠬᠠᠭᠤᠴᠢᠨ ᠪᠤᠭᠤᠲᠤ ᠶᠢᠨ ᠭᠠᠵᠠᠷ ᠣᠷᠣᠨ ᠤ ᠣᠨᠴᠠᠯᠢᠭ ᠲᠠᠢ᠂ ︽ᠭᠠᠷ ᠳᠦᠷᠦᠬᠦ︾ ᠳ᠋ᠦᠩ | ᠾᠧ ᠶᠢᠨ ᠪᠡᠯᠡᠭ ᠢ ᠪᠣᠶ ᠪᠣᠯᠭᠠᠵᠤ᠂ ᠳ᠋ᠦᠩ ᠾᠧ ᠶᠢᠨ ᠰᠣᠶᠣᠯ ᠤᠨ ᠡᠭᠦᠳᠦᠯᠲᠡ ᠶᠢᠨ ᠨᠠᠷᠠᠲᠤ ᠲᠥᠷᠥᠯ | ᠲᠡᠮᠳᠡᠭᠲᠦ ᠶᠢᠨ ᠬᠤᠳᠠᠯᠳᠤᠭᠠᠨ ᠤ ᠥᠷᠲᠡᠭ ᠢ ᠳᠡᠭᠡᠭᠰᠢᠯᠡᠭᠦᠯᠦᠨ᠎ᠡ᠃ | ᠨᠡᠩ ᠳᠤᠯᠠᠭᠠᠬᠠᠨ ᠠᠷᠠᠳ ᠤᠨ ᠠᠮᠢᠳᠤᠷᠠᠯ ᠤᠨ ᠪᠠᠲᠤᠯᠠᠭ᠎ᠠ ᠬᠠᠩᠭᠠᠨ᠎ᠠ᠃ ᠠᠵᠢᠯ ᠣᠯᠭᠤᠬᠤ ᠪᠠᠭᠲᠠᠭᠠᠮᠵᠢ ᠶᠢ | ᠲᠠᠰᠤᠷᠠᠯᠲᠠ ᠦᠭᠡᠢ ᠥᠷᠭᠡᠳᠬᠡᠵᠦ᠂ ᠠᠵᠢᠯ ᠣᠯᠭᠤᠬᠤ ᠶᠠᠰᠤ ᠴᠢᠨᠠᠷ ᠢ ᠳᠡᠭᠡᠭᠰᠢᠯᠡᠭᠦᠯᠦᠨ᠂ ᠭᠤᠣᠯᠳᠠᠯᠭ᠎ᠠ ᠲᠠᠢ | ᠬᠦᠮᠦᠰ ᠤᠨ ᠠᠵᠢᠯ ᠣᠯᠬᠤ ᠶᠢ ᠳᠡᠮᠵᠢᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ | ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠮᠡᠬᠡᠯᠡᠨ ᠬᠢᠬᠠᠵᠤ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ ︽ᠨᠠᠰᠤᠲᠠᠶᠢᠴᠤᠳ ᠪᠠ ᠨᠢᠯᠬᠠᠰ︾ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠦᠷᠡᠯ | ᠰᠢᠯᠢ ᠶᠢᠨ ᠲᠥᠪᠬᠢᠨᠡᠭᠦᠯᠬᠦ ᠣᠷᠣᠨ ᠤ ᠠᠰᠠᠷᠠᠮᠵᠢ ᠶᠢᠨ ᠪᠠᠲᠤᠯᠠᠭ᠎ᠠ ᠶᠢᠨ ᠬᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠬᠤᠶᠠᠳᠤᠭᠠᠷ ᠳᠡᠰ ᠠᠴᠠ ᠳᠡᠭᠡᠭᠰᠢᠬᠢ | ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭᠠᠨ ᠤ | ᠪᠠᠶᠢᠭᠤᠯᠤᠯᠲᠠ ᠶᠢ ᠲᠦᠷᠭᠡᠳᠬᠡᠨ᠂ ᠨᠠᠰᠤᠲᠠᠨ ᠳᠤ ᠳᠣᠭᠢᠷᠠᠬᠤ ᠥᠭᠡᠷᠡᠴᠢᠯᠡᠯᠲᠡ ᠶᠢᠨ ᠬᠠᠮᠤᠷᠬᠤ ᠬᠡᠪᠴᠢᠶ᠎ᠡ ᠶᠢ | ᠥᠷᠭᠡᠳᠬᠡᠵᠦ᠂ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠤᠨ᠎ᠠ᠃ | ᠲᠦᠭᠡᠮᠡᠯ ᠬᠠᠷᠠᠭᠠᠯᠵᠠᠯᠲᠤ ᠬᠡᠤᠬᠡᠳ ᠰᠠᠭᠠᠲᠠᠭᠤᠯᠬᠤ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ 3 ᠨᠠᠰᠤᠨ ᠠᠴᠠ | ᠳᠣᠷᠣᠭᠰᠢᠬᠢ ᠨᠠᠩ ᠣᠯᠠᠨ ᠬᠡᠤᠬᠡᠳ ᠰᠠᠭᠠᠲᠠᠭᠤᠯᠬᠤ ᠭᠠᠵᠠᠷ ᠬᠦᠯᠢᠶᠡᠨ ᠠᠪᠬᠤ ᠬᠡᠷᠡᠭᠲᠡᠶ᠃ | ︵ᠨᠠᠢᠮᠠ︶ ᠨᠡᠶᠢᠭᠡᠮ ᠤᠨ ᠵᠠᠰᠠᠯᠲᠠ ᠶᠢᠨ ᠲᠥᠪᠰᠢᠨ ᠢ ᠪᠦᠬᠦ ᠬᠦᠴᠦ ᠪᠠᠷ ᠢᠶᠠᠨ ᠳᠡᠭᠡᠭᠰᠢᠯᠡᠭᠦᠯᠦᠨ᠎ᠡ | ᠬᠤᠷᠢᠭ᠎ᠠ ᠱᠤᠭᠤᠮ ᠤᠨ ᠰᠡᠳᠬᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠡᠯ᠎ᠡ | ᠲᠦᠷᠦᠯ ᠤᠨ ᠠᠶᠤᠯ ᠲᠦᠭᠰᠢᠭᠦᠷᠢ ᠶᠢ ᠡᠷᠲᠡᠬᠡᠨ ᠰᠡᠷᠭᠡᠶᠢᠯᠡᠨ ᠰᠢᠢᠳᠪᠦᠷᠢᠯᠡᠵᠦ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ | ᠲᠣᠭᠲᠠᠭᠤᠨ ᠢ ᠪᠠᠲᠤᠯᠠᠬᠤ ᠬᠡᠷᠡᠭᠲᠡᠢ᠃ | ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠨ᠎ᠠ᠃ ᠣᠷᠣᠨ ᠨᠤᠲᠤᠭ ᠤᠨ | ᠥᠷᠢ ᠥᠭᠴᠡᠭᠡ ᠶᠢᠨ ᠲᠦᠭᠰᠢᠭᠦᠷᠢ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠷᠢᠯᠭᠠᠵᠤ᠂ ᠣᠷᠣᠨ ᠪᠦᠰᠡ ᠶᠢᠨ | ᠴᠢᠨᠠᠷᠲᠠᠶ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠥᠷᠢ | ᠥᠭᠴᠡᠭᠡ ᠶᠢᠨ ᠬᠡᠪᠴᠢᠶ᠎ᠡ ᠪᠠ ᠲᠦᠭᠰᠢᠭᠦᠷᠢ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠦᠨ᠎ᠡ᠃ ᠠᠷᠭ᠎ᠠ | ᠪᠦᠬᠦᠨ ᠢ ᠰᠦᠪᠡᠭᠴᠢᠯᠡᠨ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠵᠤ᠂ ᠡᠳ᠋ ᠤᠨ ᠬᠦᠴᠦᠨ ᠢᠶᠠᠨ | ᠨᠡᠮᠡᠭᠳᠡᠭᠦᠯᠦᠨ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠦᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ | ᠠᠶᠤᠯ ᠲᠦᠭᠰᠢᠭᠦᠷᠢ ᠶᠢ ᠯᠠᠪᠳᠠᠭᠤᠨ ᠢᠶᠠᠷ ᠰᠢᠢᠳᠪᠦᠷᠢᠯᠡᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ | ᠳᠡᠯᠭᠡᠭᠦᠷ ᠤᠨ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ︽ᠭᠤᠷᠪᠠ ᠶᠢ | ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠶᠢ ᠭᠦᠨᠵᠡᠭᠡᠶᠢᠷᠡᠭᠦᠯᠦᠨ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ | ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠣᠯᠠᠨ ᠨᠡᠶᠢᠲᠡ ᠶᠢᠨ ᠬᠡᠷᠡᠭ ᠢ | ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ | ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ | ᠬᠤᠷᠢᠭᠯᠠᠨ᠎ᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ︽ᠨᠢᠭᠤᠴᠠ ᠵᠢᠭᠠᠯᠲᠠ︾ ᠶᠢᠨ ᠠᠵᠢᠯᠯᠠᠭᠠᠨ ᠤ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠴᠠᠬᠢᠯᠭᠠᠨ ᠲᠣᠣᠷ ᠤᠨ ᠮᠡᠬᠡᠯᠡᠯ ᠤᠨ ᠶᠠᠯᠠᠲᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ | ᠳᠠᠷᠤᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠡᠷᠡᠰ ᠬᠠᠮᠠᠭᠠᠯᠠᠨ᠎ᠠ᠃ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ ᠬᠤᠲᠠ ᠶᠢᠨ | ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠦᠨᠳᠦᠰᠦᠨ | ᠱᠠᠲᠤᠨ ᠤ ᠣᠯᠠᠨ ᠡᠰᠢᠲᠦ ᠬᠠᠮᠲᠤ ᠪᠠᠷ ᠵᠠᠰᠠᠬᠤ ᠲᠣᠭᠲᠠᠴᠠ ᠪᠠ ᠨᠡᠶᠢᠭᠡᠮ ᠤᠨ ᠠᠵᠢᠯ ᠤᠨ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠦᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ | ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠨᠡᠶᠢᠭᠡᠮ ᠤᠨ ᠵᠠᠰᠠᠯᠲᠠ ᠶᠢᠨ ᠳᠤᠮᠳᠠ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠬᠤ ᠶᠢ ᠳᠡᠮᠵᠢᠨ᠎ᠡ᠃ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ | ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶ ᠤ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠰᠢᠰᠲ᠋ᠧᠮ | ᠪᠠ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ | ᠭᠦᠨᠵᠡᠭᠡᠶᠢᠷᠡᠭᠦᠯᠦᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠳᠡᠰᠯᠡᠬᠦ ᠠᠳᠠᠯ ᠠᠬᠤᠢ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠡᠵᠡᠯᠡᠬᠦ ᠬᠠᠷᠢᠴᠠᠯ ᠢ 10% ᠠᠴᠠ ᠳᠡᠭᠡᠭᠰᠢ ᠳᠡᠭᠡᠭᠰᠢᠯᠡᠭᠦᠯᠦᠨ᠎ᠡ᠃ ᠰᠢᠨ᠎ᠡ | ᠴᠠᠭ ᠦᠶ᠎ᠡ ᠶᠢᠨ ᠹᠧᠩᠴᠢᠶᠤᠤ ᠶᠢᠨ ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠵᠦ᠂ ᠲᠣᠣᠷᠵᠢᠭᠤᠯᠤᠭᠰᠠᠨ | ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠺᠠᠳ᠋ᠷᠴᠤᠳ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠬᠦ ᠶᠢ ᠠᠬᠢᠭᠤᠯᠵᠤ᠂ | ᠵᠥᠷᠢᠴᠡᠯ ᠢ ᠦᠨᠡᠨᠬᠦ ᠦᠨᠳᠦᠰᠦᠨ ᠱᠠᠲᠤᠨ ᠳᠤ ᠠᠷᠢᠯᠭᠠᠨ᠎ᠠ᠃ ᠵᠠᠬᠢᠳᠠᠯ ᠰᠤᠷᠪᠤᠯᠵᠢᠯᠠᠯ ᠤᠨ ᠠᠵᠢᠯ ᠤᠨ | ᠬᠠᠤᠯᠢᠵᠢᠯ ᠢ ᠲᠦᠯᠬᠢᠨ ᠠᠬᠢᠭᠤᠯᠵᠤ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠶᠡᠬᠡᠪᠡᠷ | ᠶᠠᠪᠤᠭᠤᠯᠵᠤ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠡᠶᠡᠳᠡᠭᠦᠯᠦᠨ ᠰᠢᠢᠳᠪᠦᠷᠢᠯᠡᠬᠦ ᠲᠥᠪ ᠤᠨ | ᠦᠢᠯᠡᠳᠦᠯ ᠢ ᠢᠳᠡᠪᠬᠢᠲᠡᠶ ᠪᠠᠳᠠᠷᠠᠭᠤᠯᠤᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ | ᠰᠠᠭᠠᠳ ᠦᠭᠡᠶ ᠨᠡᠪᠲᠡᠷᠡᠭᠦᠯᠬᠦ ᠪᠠ ᠵᠢᠷᠤᠮᠵᠢᠭᠤᠯᠵᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ | ᠲᠤᠰᠬᠠᠶᠢᠵᠢᠭᠰᠠᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠢᠳᠪᠦᠷᠢᠯᠡᠬᠦ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠠᠩᠬᠠᠷᠤᠯ ᠳᠤ ᠦᠨᠡᠨ ᠰᠡᠳᠬᠢᠯ ᠠᠴᠠ ᠪᠠᠨ ᠬᠦᠴᠦ | ᠣᠷᠣᠭᠤᠯᠤᠨ ᠬᠠᠷᠢᠭᠤᠯᠲᠠ ᠥᠭᠭᠦᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠲᠥᠯᠥᠭᠡᠯᠡᠭᠴᠢᠳ ᠡ︕ ᠬᠥᠭᠵᠢᠯᠲᠡ ᠶᠢᠨ ᠬᠦᠨᠳᠦ ᠡᠭᠦᠷᠭᠡ᠂ ᠥᠷᠢᠰᠥᠯᠳᠦᠭᠡᠨ ᠤ ᠪᠠᠶᠢᠳᠠᠯ᠂ ᠤᠯᠠᠨ | ᠲᠦᠮᠡᠨ ᠤ ᠬᠦᠰᠡᠯ ᠡᠷᠡᠮᠡᠯᠵᠡᠯ ᠨᠢ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠳᠤ ᠨᠡᠩ ᠥᠨᠳᠥᠷ | ᠰᠢᠨ᠎ᠡ ᠱᠠᠭᠠᠷᠳᠠᠯᠭ᠎ᠠ ᠳᠤᠷᠠᠳᠴᠠᠢ᠃ ᠪᠢᠳᠡ ᠡᠭᠦᠷᠭᠡ ᠴᠢᠳᠠᠪᠤᠷᠢ ᠪᠠᠨ ᠲᠦᠷᠭᠡᠪᠴᠢᠯᠡᠨ ᠬᠤᠪᠢᠷᠠᠭᠤᠯᠵᠤ᠂ ᠦᠷ᠎ᠡ | ᠪᠦᠲᠦᠮᠵᠢ ᠪᠠᠨ ᠳᠡᠭᠡᠭᠰᠢᠯᠡᠭᠦᠯᠦᠨ᠂ ᠰᠤᠷᠲᠠᠯ ᠢᠶᠠᠨ ᠰᠠᠶᠢᠵᠢᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠴᠥᠬᠦᠷᠡᠰᠢ ᠥᠬᠡᠶ ᠳᠡᠭᠡᠭᠰᠢᠯᠡᠭᠦᠯᠵᠦ᠂ | ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ | ᠪᠠᠶᠢᠭᠤᠯᠤᠨ᠎ᠠ᠃ | ᠨᠢᠭᠡ ᠳᠤ ᠬᠠᠷᠢᠴᠠᠯᠠᠰᠢᠭᠦᠢ ᠦᠨᠡᠨᠴᠢ ᠰᠢᠳᠤᠷᠭᠤ ᠤᠯᠤᠰ ᠲᠥᠷᠥ ᠶᠢᠨ ᠬᠡᠪ ᠴᠢᠨᠠᠷ ᠢ ᠴᠢᠩᠭᠠᠳᠬᠠᠨ᠎ᠠ᠃ | ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠤᠤᠯ ᠰᠡᠳᠦᠪᠲᠦ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ | ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠣᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ | ᠪᠠᠷᠢᠮᠲᠠᠯᠠᠵᠤ᠂ ᠤᠯᠤᠰ ᠲᠥᠷᠦ ᠶᠢᠨ ᠳᠠᠪᠲᠠᠯᠲᠠ᠂ ᠦᠢᠯᠡᠳᠦᠯᠭᠡ ᠶᠢᠨ ᠪᠣᠯᠪᠠᠰᠤᠷᠠᠯ᠂ ᠲᠤᠰᠬᠠᠶ ᠮᠡᠷᠭᠡᠵᠢᠯ ᠤᠨ | ᠪᠣᠯᠪᠠᠰᠤᠷᠠᠯ ᠢ ᠴᠢᠩᠭᠠᠳᠬᠠᠵᠤ᠂ ᠦᠵᠡᠯ ᠰᠠᠨᠠᠭ᠎ᠠ᠂ ᠦᠢᠯᠡ ᠠᠵᠢᠯᠯᠠᠭ᠎ᠠ᠂ ᠴᠢᠳᠠᠪᠤᠷᠢ ᠪᠠᠨ ᠪᠦᠬᠦ ᠲᠠᠯ᠎ᠠ ᠪᠠᠷ | ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠳᠠᠭᠠᠵᠤ᠂ ᠴᠠᠭ ᠦᠶ᠎ᠡ ᠶᠢᠨ ᠤᠷᠤᠭᠰᠢᠯᠠᠯᠲᠠ ᠶᠢᠨ ᠠᠯᠬᠤᠮ ᠢ | ᠳᠠᠭᠠᠵᠤ᠂ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠳᠠᠭᠠᠵᠤ ᠠᠮᠵᠢᠬᠤ ᠬᠡᠷᠡᠭᠲᠡᠶ᠃ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ | ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠬᠤᠶᠠᠷ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ | ᠬᠡᠷᠡᠭᠵᠢᠭᠦᠯᠦᠭᠴᠢ᠂ ᠠᠵᠢᠯᠯᠠᠭ᠎ᠠ ᠶᠢᠨ ᠪᠦᠯᠦᠭ᠂ ᠪᠣᠳᠠᠲᠠᠢ ᠠᠵᠢᠯᠯᠠᠭᠰᠠᠳ᠂ ᠦᠨᠡᠨᠴᠢ ᠰᠢᠳᠤᠷᠭᠤ ᠬᠠᠷᠢᠭᠤᠴᠠᠯᠭ᠎ᠠ | ᠡᠭᠦᠷᠭᠡᠯᠡᠬᠦ ᠶᠢ ᠦᠨᠡᠨ ᠬᠦ ᠪᠣᠳᠠᠲᠤ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠦᠷ᠎ᠡ | ᠪᠦᠲᠦᠮᠵᠢ ᠳᠤᠮᠳᠠ ᠢᠯᠡᠷᠡᠭᠦᠯᠬᠦ ᠬᠡᠷᠡᠭᠲᠡᠢ᠃ | ᠬᠤᠶᠠᠷ ᠲᠤ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯᠯᠠᠭ᠎ᠠ ᠶᠢᠨ ᠤᠬᠠᠮᠰᠠᠷ ᠢ ᠴᠢᠩᠭᠠᠷᠠᠭᠤᠯᠬᠤ ᠬᠡᠷᠡᠭᠲᠡᠶ | ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠢᠮᠠᠭᠲᠠ ᠦᠨᠳᠦᠰᠦᠨ | ᠬᠠᠤᠯᠢ ᠶᠢ ᠬᠦᠨᠳᠦᠳᠬᠡᠵᠦ᠂ ᠬᠠᠤᠯᠢ ᠴᠠᠭᠠᠵᠠ ᠶᠢ ᠵᠢᠷᠤᠮᠯᠠᠨ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢᠨ ᠡᠷᠬᠡ ᠮᠡᠳᠡᠯ ᠤᠨ ᠬᠡᠪᠴᠢᠶ᠎ᠡ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠤᠨ ᠵᠢᠷᠤᠮᠵᠢᠯ᠂ ᠬᠠᠤᠯᠢᠵᠢᠯ ᠢ ᠠᠬᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠪᠠ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠦᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠨ᠎ᠡ᠃ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠪᠦᠬᠦ | ᠲᠠᠯ᠎ᠠ ᠪᠠᠷ ᠠᠬᠢᠭᠤᠯᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠲᠠᠴᠠ ᠪᠠ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢ ᠨᠡᠩ ᠡᠷᠴᠢᠮ ᠲᠠᠢ ᠨᠡᠩ ᠳᠤᠯᠠᠭᠠᠴᠠᠭᠤᠯᠤᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠲᠣᠭᠲᠠᠭᠠᠯ | ᠰᠢᠢᠳᠪᠦᠷᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠥᠪᠯᠡᠯᠭᠡᠨ ᠪᠠ ᠬᠠᠤᠯᠢ ᠴᠠᠭᠠᠵᠠ᠂ ᠤᠯᠠᠨ ᠲᠦᠮᠡᠨ᠂ ᠶᠠᠷᠢᠶ᠎ᠠ ᠬᠡᠯᠡᠯᠴᠡᠭᠡ᠂ ᠨᠡᠶᠢᠭᠡᠮ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ ᠪᠠ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠶᠢ | ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠃ | ᠭᠤᠷᠪᠠ ᠳᠤ ᠠᠷᠠᠳ ᠤᠨ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠦᠨᠳᠦᠰᠦᠨ ᠵᠣᠷᠢᠯᠲᠠ ᠶᠢ | ᠵᠢᠷᠤᠮᠯᠠᠨ᠎ᠠ᠃ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠦᠢᠯᠡᠳᠦᠯᠭᠡᠵᠢᠭᠦᠯᠵᠦ᠂ ᠬᠡᠷᠡᠭᠴᠡᠭᠡ ᠶᠢ | ᠠᠷᠠᠳ ᠠᠴᠠ ᠠᠰᠠᠭᠤᠬᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠦᠷ᠎ᠡ ᠪᠦᠲᠦᠮᠵᠢ ᠶᠢ ᠠᠷᠠᠳ ᠠᠴᠠ | ᠠᠰᠠᠭᠤᠬᠤ ᠶᠢ ᠪᠠᠷᠢᠮᠲᠠᠯᠠᠵᠤ᠂ ᠪᠤᠰᠤᠳᠴᠢ ᠪᠣᠳᠠᠲᠤ ᠪᠠᠶᠢᠳᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ | ᠬᠦᠨᠳᠦᠳᠬᠡᠵᠦ᠂ ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠤ ᠶᠠᠪᠤᠳᠠᠯ ᠰᠠᠶᠢᠨ ᠶᠠᠪᠤᠳᠠᠯ ᠢ ᠢᠯᠡᠭᠦᠬᠡᠨ ᠬᠢᠵᠦ᠂ | ᠠᠷᠠᠳ ᠣᠯᠠᠨ ᠤ ᠬᠠᠨᠤᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢᠶᠠᠷ ᠵᠠᠰᠠᠭ ᠤᠨ ᠣᠷᠳᠣᠨ ᠤ ᠠᠵᠢᠯ ᠤᠨ | ᠦᠷ᠎ᠡ ᠪᠦᠲᠦᠮᠵᠢ ᠶᠢ ᠰᠢᠯᠭᠠᠨ ᠪᠠᠶᠢᠴᠠᠭᠠᠨ᠎ᠠ᠃ ᠠᠷᠠᠳ ᠤᠨ ᠬᠦᠰᠡᠯ ᠱᠠᠭᠠᠷᠳᠠᠯᠭ᠎ᠠ ᠶᠢ ᠵᠠᠰᠠᠭ ᠶᠠᠪᠤᠭᠤᠯᠬᠤ | ᠬᠠᠨᠳᠤᠰᠢ ᠪᠣᠯᠭᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠶ ᠰᠣᠨᠣᠰᠴᠤ᠂ ᠣᠯᠠᠨ ᠲᠦᠮᠡᠨ ᠤ | ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠦᠨᠡᠨ ᠰᠡᠳᠬᠢᠯ ᠠᠴᠠ ᠪᠠᠨ | ᠣᠯᠠᠨ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠶ᠃ ︽ᠠᠷᠪᠢᠴᠢ ᠭᠠᠮᠲᠠᠶ ᠠᠮᠢᠳᠤᠷᠠᠬᠤ︾ | ᠶᠢ ᠨᠢᠭᠡ ᠵᠦᠢᠯ ᠤᠨ ᠳᠠᠳᠬᠠᠯ ᠪᠠ ᠬᠡᠪ ᠤᠨ ᠪᠠᠶᠢᠳᠠᠯ ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ | ᠬᠢᠵᠠᠭᠠᠷᠯᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠵᠠᠷᠤᠵᠤ ᠪᠣᠯᠬᠤ ᠥᠬᠡᠶ | ᠮᠥᠩᠭᠦ ᠶᠢ ᠶᠠᠭᠠᠬᠢᠭᠰᠠᠨ ᠴᠤ ᠵᠠᠷᠤᠬᠤ ᠥᠬᠡᠶ᠂ ᠴᠢᠬᠤᠯᠠ ᠥᠬᠡᠶ ᠲᠥᠷᠥᠯ ᠵᠦᠢᠯ ᠢ ᠶᠠᠭᠠᠬᠢᠭᠰᠠᠨ ᠴᠤ ᠬᠡᠷᠡᠭᠯᠡᠵᠦ | ᠪᠣᠯᠬᠤ ᠥᠬᠡᠶ᠂ ᠡᠷᠬᠢᠮ ᠨᠠᠨᠳᠢᠨ ᠡᠬᠢ ᠪᠠᠶᠠᠯᠢᠭ ᠪᠠ ᠡᠳ᠋ ᠤᠨ ᠬᠦᠴᠦᠨ ᠤ ᠬᠥᠭᠵᠢᠯᠲᠡ ᠶᠢ ᠠᠬᠢᠭᠤᠯᠬᠤ᠂ ᠠᠷᠠᠳ | ᠲᠦᠮᠡᠨ ᠳᠤ ᠦᠢᠯᠡᠴᠢᠯᠡᠬᠦ ᠳᠡᠭᠡᠷ᠎ᠡ ᠨᠠᠩ ᠢᠯᠡᠭᠦᠤ ᠬᠡᠷᠡᠭᠯᠡᠨ᠎ᠡ᠃ | ᠲᠦᠷᠪᠡ ᠳᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠰᠢᠯᠢᠳᠡᠭ ᠰᠤᠷᠲᠠᠯ ᠢ ᠪᠠᠳᠠᠷᠠᠭᠤᠯᠬᠤ | ᠬᠡᠷᠡᠭᠲᠡᠢ᠃ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ︽ | ᠴᠠᠭ ᠬᠡᠮᠵᠢᠶ᠎ᠡ ᠦᠷ᠎ᠡ ᠪᠦᠲᠦᠮᠵᠢ︾ ᠶᠢ ᠨᠢᠭᠡᠳᠦᠯᠲᠡᠢ ᠲᠥᠯᠥᠪᠵᠢᠭᠦᠯᠦᠨ ᠡᠵᠡᠮᠳᠡᠵᠦ᠂ ︽ᠴᠠᠭ ᠢᠮᠠᠭᠲᠠ ᠰᠠᠨᠠᠭ᠎ᠠ | ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠪᠦᠬᠦ ᠲᠠᠯ᠎ᠠ ᠶᠢᠨ ᠲᠠᠯ᠎ᠠ ᠠᠴᠠ | ᠠᠰᠠᠭᠤᠳᠠᠯ ᠢ ᠦᠵᠡᠬᠦ ᠳᠡᠭᠡᠨ ᠴᠢᠳᠠᠮᠠᠭᠠᠢ ᠪᠠᠶᠢᠵᠤ᠂ ᠪᠦᠬᠦᠯᠢ ᠴᠣᠭᠴᠠ ᠶᠢᠨ ᠲᠠᠯ᠎ᠠ ᠠᠴᠠ ᠡᠭᠦᠰᠦᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠠᠶᠢᠷᠢᠯᠠᠭᠤᠯᠤᠯᠲᠠ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ | ᠠᠳᠬᠤᠬᠤ᠂ ᠱᠠᠯᠠᠪᠳᠠᠭᠤᠯᠤᠨ ᠪᠠᠶᠢᠴᠠᠭᠠᠬᠤ ᠶᠢ ᠠᠳᠬᠤᠬᠤ ᠶᠢ ᠤᠶᠠᠯᠳᠤᠭᠤᠯᠵᠤ᠂ ︽ᠤᠳᠠᠭᠠᠨ᠂ ᠪᠦᠳᠦᠭᠦᠯᠢᠭ᠂ | ᠬᠠᠭᠤᠷᠮᠠᠭ︾ ᠪᠠᠶᠢᠬᠤ ᠠᠰᠠᠭᠤᠳᠠᠯ ᠢ ᠡᠷᠡᠰ ᠵᠠᠯᠠᠷᠠᠭᠤᠯᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ | ᠬᠤᠷᠳᠤᠴᠠ ᠶᠢ ᠲᠦᠷᠭᠡᠳᠬᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠦᠨᠡᠨᠬᠦ ᠪᠡᠶᠡᠯᠡᠭᠦᠯᠵᠦ᠂ ᠶᠠᠪᠤᠳᠠᠯ | ᠨᠢᠭᠡᠪᠦᠷᠢ ᠶᠢ ᠪᠣᠳᠠᠲᠠᠢ ᠰᠠᠶᠢᠲᠤᠷ ᠬᠢᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠦᠨᠡᠨᠬᠦ ᠠᠳᠬᠤᠨ | ᠪᠣᠳᠠᠲᠠᠢ ᠠᠵᠢᠯᠯᠠᠬᠤ ᠰᠠᠶᠢᠨ ᠰᠠᠶᠢᠬᠠᠨ ᠬᠡᠪ ᠰᠤᠷᠲᠠᠯ ᠢ ᠦᠨᠡᠨᠬᠦ ᠪᠤᠢ ᠪᠣᠯᠭᠠᠬᠤ ᠬᠡᠷᠡᠭᠲᠡᠢ᠃ | ᠲᠠᠪᠤ ᠳᠤ᠂ ᠲᠥᠪ ᠭᠤᠣᠯᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠢ᠃ ᠲᠡᠮᠦᠷ ᠳᠠᠪᠳᠠᠬᠤ ᠳᠤ ᠪᠠᠰᠠ ᠥᠪᠡᠷ ᠢᠶᠠᠨ ᠬᠠᠲᠠᠭᠤ ᠴᠢᠩᠭ᠎ᠠ ᠪᠠᠶᠢᠬᠤ ᠶᠢ ᠪᠠᠲᠤ ᠴᠡᠭᠡᠵᠢᠯᠡᠵᠦ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ | ᠠᠬᠢᠭᠤᠯᠬᠤ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠲᠥᠪ | ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ | ᠰᠢᠨᠲᠠᠷᠠᠰᠢ ᠦᠭᠡᠢ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠎ᠡ᠃ | ᠰᠤᠷᠲᠠᠯ ᠤᠨ ᠪᠠᠶᠢᠭᠤᠯᠤᠯᠲᠠ ᠶᠢᠨ ᠲᠤᠰᠬᠠᠶ ᠵᠠᠰᠠᠯᠲᠠ ᠶᠢ ᠭᠦᠨᠵᠡᠭᠡᠶ ᠠᠬᠢᠭᠤᠯᠵᠤ᠂ ︽ᠭᠤᠷᠪᠠᠨ ᠤᠯᠠᠨ ᠭᠤᠷᠪᠠᠨ | ᠤᠳᠠᠭᠠᠨ︾ ︽ᠠᠵᠢᠯ ᠬᠢᠬᠦ ᠦᠭᠡᠢ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ︾᠂ ︽ᠲᠠᠪᠤᠨ ᠦᠭᠡᠢ ᠺᠠᠳ᠋ᠷ︾ ᠢ | ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠰᠢ ᠶᠠᠰᠢ ᠪᠠᠷ ᠠᠷᠭᠠᠴᠠᠬᠤ᠂ | ᠬᠠᠷᠢᠯᠴᠠᠨ ᠲᠦᠯᠬᠢᠯᠴᠡᠬᠦ᠂ ᠳᠤᠲᠠᠭᠤ ᠲᠤᠷᠭᠤᠨ ᠬᠢᠬᠦ᠂ ᠦᠭᠡᠷᠡᠳᠡᠬᠦᠯᠦᠨ ᠬᠤᠪᠢᠷᠠᠭᠤᠯᠬᠤ ᠵᠡᠷᠭᠡ ᠰᠤᠷᠲᠠᠯ ᠤᠨ | ᠠᠰᠠᠭᠤᠳᠠᠯ ᠢ ᠦᠨᠡᠨ ᠬᠦ ᠵᠠᠯᠠᠷᠠᠭᠤᠯᠤᠨ ᠵᠠᠰᠠᠵᠤ᠂ ᠬᠠᠷᠢᠭᠤᠴᠠᠯᠭ᠎ᠠ ᠶᠢ ᠱᠠᠳᠤ ᠬᠤᠪᠢᠶᠠᠨ ᠨᠠᠶᠢᠳᠠᠪᠤᠷᠢᠵᠢᠭᠤᠯᠬᠤ | ᠦᠭᠡᠢ᠂ ᠱᠠᠳᠤ ᠬᠤᠪᠢᠶᠠᠨ ᠬᠠᠷᠢᠭᠤᠴᠠᠬᠤ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠵᠦ᠂ ᠦᠨᠡᠨ ᠢ ᠪᠠᠷᠢᠮᠲᠠᠯᠠᠨ | ᠪᠣᠳᠠᠲᠠᠢ ᠶᠢ ᠡᠷᠬᠢᠮᠯᠡᠬᠦ᠂ ᠪᠣᠳᠠᠲᠠᠢ ᠠᠳᠬᠤᠵᠤ ᠬᠢᠭᠰᠡᠨ ᠴᠠᠭᠠᠷᠠᠭᠰᠠᠨ ᠰᠤᠷᠲᠠᠯ ᠢ ᠦᠨᠡᠨ ᠬᠦ ᠪᠤᠢ ᠪᠣᠯᠭᠠᠬᠤ | ᠬᠡᠷᠡᠭᠲᠡᠢ᠃ | ᠲᠥᠯᠥᠭᠡᠯᠡᠭᠴᠢᠳ ᠡ︕ ᠰᠦᠷ ᠵᠢᠪᠬᠤᠭ᠎ᠠ ᠶᠢ ᠳᠠᠬᠢᠨ ᠬᠥᠪᠴᠢᠯᠡᠬᠦ ᠨᠢ ᠪᠠᠴᠢᠮ ᠲᠤᠯᠭᠠᠮ᠎ᠠ ᠶᠠᠪᠤᠳᠠᠯ | ᠪᠣᠯᠣᠨ᠎ᠠ᠂ ᠳᠠᠬᠢᠨ ᠬᠥᠭᠵᠢᠯ ᠴᠡᠴᠡᠭᠯᠡᠯᠲᠡ ᠲᠠᠢ ᠴᠠᠭ ᠦᠶ᠎ᠡ ᠨᠢ ᠲᠠᠭᠠᠷᠠᠵᠤ ᠪᠠᠶᠢᠨ᠎ᠠ︕ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ | ᠪᠣᠯᠣᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ | ᠪᠠᠲᠤᠳᠬᠠᠵᠤ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠬᠠᠭᠤᠴᠢᠨ ᠬᠤᠳᠠ ᠶᠢᠨ ᠲᠣᠭᠤᠷᠢᠭ ᠤᠨ | ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳ᠋ᠦᠩ ᠾᠧ | ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | | |