ᠥᠢᠷ᠎ᠡ ᠳᠤ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠨᠡᠭᠦᠷᠡᠰᠦ ᠰᠢᠲᠠᠭᠠᠬᠤ ᠥᠪᠡᠷ ᠢᠶᠠᠨ | ᠪᠡᠯᠡᠳᠭᠡᠭᠰᠡᠨ ᠴᠠᠬᠢᠯᠭᠠᠨ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ 1200 ᠰᠠᠶ᠎ᠠ ᠸᠠ ᠰᠢᠨ᠎ᠡ ᠡᠨᠧᠷᠭᠢ ᠶᠢᠨ ᠲᠥᠷᠥᠯ ᠵᠦᠢᠯ ᠤᠨ ᠨᠢᠭᠡᠳᠦᠭᠡᠷ ᠴᠠᠬᠢᠯᠭᠠᠨ ᠭᠠᠷᠭᠠᠬᠤ | ᠮᠠᠰᠢᠨ ᠢ ᠣᠷᠣᠯᠠᠨ ᠠᠮᠵᠢᠯᠲᠠ ᠲᠠᠢ ᠤᠯᠪᠠ ᠡᠨᠡ ᠪᠣᠯ ᠪᠤᠭᠤᠳᠤ ᠶᠢᠨ ᠬᠥᠩᠭᠡᠨᠴᠠᠭᠠᠨ ᠢ ᠳᠠᠭᠠᠭᠠᠴᠢᠯᠠᠨ ︽ᠬᠤᠣᠰ | ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠨᠠᠶᠢᠳᠠᠪᠤᠷᠢᠵᠢᠭᠤᠯᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ | ᠲᠦᠷᠭᠡᠳᠬᠡᠨ᠂ ᠡᠨᠧᠷᠭᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠰᠠᠯᠬᠢᠨ ᠤ ᠠᠶ᠎ᠠ ᠪᠠᠷ ᠡᠳᠦᠷ ᠳᠠᠷᠠᠭᠠᠯᠠᠨ | ᠨᠣᠭᠤᠭᠠᠷᠠᠭᠤᠯᠬᠤ ᠲᠡᠶᠢᠰᠢ ᠪᠣᠶ ᠪᠣᠯᠬᠤ ᠪᠠᠷ ᠴᠢᠷᠮᠠᠶᠢᠬᠤ ᠴᠢᠬᠤᠯᠠ ᠶᠡᠭᠡ ᠢᠨᠵᠧᠨᠧᠷᠢᠩ ᠪᠣᠯᠤᠨ᠎ᠠ᠃ | ᠪᠤᠭᠤᠲᠤ ᠶᠢᠨ ᠬᠥᠩᠭᠡᠨ ᠴᠠᠭᠠᠨ ᠤ ᠰᠢᠲᠠᠭᠠᠯᠭ᠎ᠠ ᠶᠢᠨ ᠨᠡᠭᠦᠷᠡᠰᠦᠨ ᠤ ᠥᠪᠡᠷᠲᠡᠭᠡᠨ ᠪᠡᠯᠡᠳᠬᠡᠭᠰᠡᠨ | ᠴᠠᠬᠢᠯᠭᠠᠨ ᠤ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢ ᠣᠷᠣᠯᠠᠭᠤᠯᠬᠤ ᠲᠥᠷᠥᠯ ᠵᠦᠢᠯ ᠤᠨ | ᠶᠡᠷᠦᠩᠬᠡᠶ ᠬᠡᠪᠴᠢᠶ᠎ᠡ ᠨᠢ 1200 MW ᠪᠣᠯᠤᠨ᠎ᠠ᠂ ᠡᠭᠦᠨ ᠳᠤ 1000 MW ᠰᠠᠯᠬᠢᠨ ᠬᠦᠴᠦᠨ ᠤ | ᠴᠠᠬᠢᠯᠭᠠᠨ᠂ 200MW ᠬᠡᠷᠡᠯ ᠴᠡᠨᠡᠭ᠂ ᠬᠤᠶᠠᠷ ᠰᠠᠭᠤᠷᠢ 220kV ᠬᠦᠴᠦᠳᠡᠯ ᠳᠡᠭᠡᠭᠰᠢᠯᠡᠭᠦᠯᠬᠦ ᠥᠷᠲᠡᠭᠡ᠂ | ᠬᠦᠷᠭᠡᠵᠦ ᠭᠠᠷᠭᠠᠬᠤ ᠱᠤᠭᠤᠮ ᠵᠢᠴᠢ ᠪᠤᠭᠤᠲᠤ ᠬᠤᠲᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ 90 ᠲᠦᠮᠡᠨ | ᠺᠢᠯᠣᠸᠠᠲ ᠤᠨ ᠱᠤᠭᠤᠮ᠂ ᠢᠵᠢ ᠪᠥᠷᠢᠳᠦᠭᠰᠡᠨ ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ ᠪᠡᠯᠡᠳᠬᠡᠮᠵᠢ ᠵᠡᠷᠭᠡ ᠶᠢ | ᠪᠠᠭᠲᠠᠭᠠᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠲᠥᠷᠥᠯ ᠵᠦᠢᠯ ᠤᠨ | ᠨᠠᠷᠢᠨ ᠲᠠᠩᠰᠠ ᠳᠠᠬᠢ ᠬᠠᠮᠤᠭ ᠤᠨ ᠶᠡᠭᠡ ᠲᠥᠷᠥᠯ ᠵᠦᠢᠯ ᠪᠣᠯᠤᠭᠰᠠᠨ ᠤ ᠬᠤᠪᠢ ᠳᠤ᠂ ᠲᠣᠰ ᠲᠥᠷᠥᠯ ᠵᠦᠢᠯ | ᠪᠠᠶᠢᠭᠤᠯᠤᠭᠳᠠᠭᠰᠠᠨ ᠤ ᠳᠠᠷᠠᠭ᠎ᠠ ᠪᠤᠭᠤᠲᠤ ᠶᠢᠨ ᠬᠥᠩᠭᠡᠨ ᠴᠠᠭᠠᠨ ᠤ ᠵᠢᠯ ᠳᠤ ᠪᠠᠷᠤᠭ 38 ᠳ᠋ᠦᠩᠰᠢᠭᠤᠷ ᠺᠢᠯᠣᠸᠠᠲ | ᠴᠠᠭ ᠤᠨ ᠴᠡᠪᠡᠷ ᠴᠠᠬᠢᠯᠭᠠᠨ ᠤ ᠬᠡᠮᠵᠢᠶ᠎ᠡ ᠬᠠᠩᠭᠠᠵᠤ᠂ ᠠᠵᠤ ᠠᠬᠤᠶᠢᠯᠠᠯ ᠤᠨ ᠴᠡᠪᠡᠷ ᠡᠨᠧᠷᠭᠢ ᠶᠢᠨ ᠬᠠᠩᠭᠠᠯᠭ᠎ᠠ ᠶᠢᠨ | ᠴᠢᠳᠠᠪᠤᠷᠢ ᠶᠢ ᠲᠦᠢᠯ ᠤᠨ ᠶᠡᠭᠡ ᠪᠠᠷ ᠨᠡᠮᠡᠭᠳᠡᠭᠦᠯᠦᠭᠰᠡᠨ ᠪᠠᠶᠢᠨ᠎ᠠ᠃ | ᠪᠤᠭᠤᠲᠤ ᠶᠢᠨ ᠬᠥᠩᠭᠡᠨᠴᠠᠭᠠᠨ ᠤ ᠰᠢᠨ᠎ᠡ ᠡᠨᠧᠷᠭᠢ ᠶᠢᠨ ᠲᠦᠷᠦᠯ ᠵᠦᠢᠯ ᠤᠨ ᠰᠠᠯᠬᠢᠨ ᠬᠦᠴᠦᠨ ᠤ | ᠴᠠᠬᠢᠯᠭᠠᠨ ᠤ ᠲᠦᠷᠦᠯ ᠵᠦᠢᠯ ᠤᠨ ᠡᠵᠡᠯᠡᠬᠦ ᠲᠠᠯᠠᠪᠠᠶ ᠨᠢ 130 ᠭᠠᠷᠤᠢ ᠲᠡᠭᠰᠢ ᠳᠥᠷᠪᠡᠯᠵᠢᠨ ᠺᠢᠯᠣᠮᠧᠳ᠋ᠷ ᠪᠠᠶᠢᠵᠤ᠂ | 140 ᠰᠠᠤᠷᠢ 7.15 ᠰᠠᠶ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ | ᠤᠭᠰᠠᠷᠠᠬᠤ ᠪᠣᠯᠣᠨ᠎ᠠ᠃ ᠡᠨᠡ ᠤᠳᠠᠭᠠᠨ ᠤ ᠳᠡᠭᠦᠵᠢᠯᠡᠵᠦ ᠤᠭᠰᠠᠷᠠᠭᠰᠠᠨ ᠰᠠᠯᠬᠢᠨ ᠤ ᠮᠠᠰᠢᠨ ᠤ ᠰᠤᠪᠤᠷᠭᠠᠨ | ᠲᠦᠩᠰᠡ ᠶᠢᠨ ᠥᠨᠳᠥᠷ ᠨᠢ 115 ᠮᠧᠳ᠋ᠷ᠂ ᠨᠠᠪᠴᠢᠨ ᠤ ᠬᠦᠷᠳᠦᠳᠦ ᠳ᠋ᠢᠶᠠᠮᠧᠳ᠋ᠷ ᠨᠢ 193 ᠮᠧᠲᠷ ᠃ ᠪᠦᠬᠦ | ᠳᠡᠭᠦᠵᠢᠯᠡᠨ ᠤᠭᠰᠠᠷᠠᠬᠤ ᠶᠠᠪᠤᠴᠠ ᠶᠢᠨ ᠠᠮᠤᠷ ᠲᠦᠪᠰᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ | ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠶᠠᠮᠤᠨ ᠠᠴᠠ ᠡᠮᠦᠨᠡᠬᠢ ᠬᠤᠭᠤᠴᠠᠭᠠᠨ ᠳᠤ ᠳᠡᠭᠦᠵᠢᠯᠡᠨ ᠤᠭᠰᠠᠷᠠᠬᠤ | ᠲᠠᠪᠴᠠᠩ ᠤᠨ ᠰᠠᠭᠤᠷᠢᠨ ᠭᠠᠵᠠᠷ ᠤᠨ ᠳᠠᠭᠠᠭᠠᠴᠠ ᠶᠢᠨ ᠲᠤᠷᠰᠢᠯᠲᠠ ᠶᠢᠨ ᠠᠵᠢᠯ ᠢ ᠥᠷᠨᠢᠭᠦᠯᠵᠦ᠂ ᠥᠨᠳᠥᠷ | ᠬᠦᠴᠦᠳᠡᠯᠲᠦ ᠡᠷᠭᠢ ᠱᠤᠷᠠᠭ ᠢ ᠬᠦᠷᠭᠡᠨ ᠰᠢᠯᠭᠠᠨ ᠪᠠᠶᠢᠴᠠᠭᠠᠬᠤ ᠶᠢ ᠪᠡᠶᠡᠯᠡᠭᠦᠯᠬᠦ ᠶᠢᠨ ᠬᠠᠮᠲᠤ ᠪᠣᠶ ᠪᠦᠬᠦᠢ | ᠪᠠᠷᠢᠯᠭ᠎ᠠ ᠶᠢᠨ ᠠᠵᠢᠯᠲᠠᠨ ᠳᠤ ᠴᠢᠩᠭ᠎ᠠ ᠮᠡᠷᠭᠡᠵᠢᠯ ᠤᠨ ᠪᠣᠯᠪᠠᠰᠤᠷᠠᠯ ᠪᠠ ᠠᠮᠤᠷ ᠲᠦᠪᠰᠢᠨ ᠤ ᠬᠥᠮᠦᠵᠢᠯ ᠬᠢᠪᠡ᠃ | ᠳᠠᠷᠠᠭᠠᠴᠢ ᠶᠢᠨ ᠠᠯᠬᠤᠮ ᠳᠤ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠬᠡᠯᠲᠡᠰ ᠠᠴᠠ ᠪᠠᠷᠢᠯᠭ᠎ᠠ ᠶᠢᠨ | ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠠᠬᠢᠴᠠ ᠶᠢ ᠠᠮᠵᠢᠨ ᠠᠳᠬᠤᠵᠤ᠂ ᠲᠦᠷᠦᠯ ᠵᠦᠢᠯ ᠤᠨ | ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠵᠠᠩᠭᠢᠯᠠᠭ᠎ᠠ ᠶᠢᠨ ᠭᠤᠭᠴᠤᠭ᠎ᠠ ᠨᠢᠭᠡᠪᠦᠷᠢ ᠶᠢ ᠣᠨᠣᠪᠴᠢᠲᠠᠢ ᠡᠵᠡᠮᠳᠡᠵᠦ᠂ ᠲᠦᠷᠦᠯ ᠵᠦᠢᠯ ᠢ ᠡᠷᠲᠡ ᠪᠦᠳᠦᠭᠡᠨ | ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠬᠦᠴᠦᠯᠡᠨ | ᠠᠬᠢᠭᠤᠯᠬᠤ ᠪᠣᠯᠤᠨ᠎ᠠ᠃ | ᠣᠶᠢᠯᠠᠭᠠᠭᠰᠠᠨ ᠢᠶᠠᠷ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠨᠡᠭᠦᠷᠡᠰᠦ ᠲᠦᠯᠡᠬᠦ ᠥᠪᠡᠷᠲᠡᠭᠡᠨ | ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠪᠠᠷ ᠣᠷᠣᠯᠠᠭᠤᠯᠬᠤ ᠲᠥᠷᠥᠯ | ᠵᠦᠢᠯ ᠨᠢ 2022 ᠣᠨ ᠤ 9 ᠳ᠋ᠦ᠋ᠭᠡᠷ ᠰᠠᠷ᠎ᠠ ᠶᠢᠨ 2 ᠤᠨ ᠡᠳᠦᠷ ᠳᠤᠮᠳᠠᠳᠤ ᠤᠯᠤᠰ ᠤᠨ ᠬᠥᠩᠭᠡᠨ ᠴᠠᠭᠠᠨ ᠤ | ᠪᠦᠯᠦᠭᠯᠡᠯ ᠤᠨ ᠲᠥᠷᠥᠯ ᠵᠦᠢᠯ ᠲᠣᠭᠲᠠᠭᠠᠬᠤ ᠴᠣᠬᠤᠯᠠᠪᠤᠷᠢ ᠶᠢ ᠣᠯᠵᠤ᠂ 2023 ᠣᠨ ᠤ 11 ᠳ᠋ᠦ᠋ᠭᠡᠷ ᠰᠠᠷ᠎ᠠ ᠶᠢᠨ | 7 ᠤ ᠡᠳᠦᠷ ᠲᠣᠰ ᠲᠥᠷᠥᠯ ᠵᠦᠢᠯ ᠨᠢ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠦᠢᠯ ᠲᠠᠢ ᠬᠠᠮᠲᠤ ᠪᠠᠷ ᠵᠠᠬ᠎ᠠ | ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠨᠠᠷᠢᠨ ᠬᠠᠭᠤᠳᠠᠰᠤ ᠳᠤ ᠣᠷᠣᠭᠤᠯᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠲᠥᠯᠥᠪᠵᠢᠭᠦᠯᠭᠡ ᠪᠠ | ᠴᠣᠬᠤᠯᠠᠪᠤᠷᠢ ᠶᠢ ᠤᠯᠪᠠ᠃ ᠬᠤᠶᠠᠷ ᠲᠦᠷᠦᠯ ᠵᠦᠢᠯ ᠢ ᠪᠠᠶᠢᠭᠤᠯᠤᠭᠰᠠᠨ ᠤ ᠳᠠᠷᠠᠭ᠎ᠠ ᠬᠦᠩᠭᠡᠨᠴᠠᠭᠠᠨ ᠢ | ᠳᠠᠭᠠᠭᠠᠴᠢᠯᠠᠬᠤ 2100MW ᠰᠢᠨ᠎ᠡ ᠡᠨᠧᠷᠭᠢ ᠳᠤ ᠵᠠᠯᠭᠠᠭᠤᠯᠬᠤ ᠶᠢᠨ ᠬᠠᠮᠲᠤ ᠬᠦᠩᠭᠡᠨᠴᠠᠭᠠᠨ ᠤ ᠢᠯᠴᠢ ᠶᠢᠨ | ᠴᠠᠬᠢᠯᠭᠠᠨ ᠤ ᠦᠢᠯᠡᠳᠪᠦᠷᠢ ᠶᠢᠨ ᠣᠷᠭᠢᠯ ᠢ ᠲᠣᠬᠢᠷᠠᠭᠤᠯᠬᠤ ᠴᠢᠳᠠᠪᠤᠷᠢ ᠪᠠ ᠴᠠᠬᠢᠯᠭᠠᠨ ᠵᠠᠳᠠᠯᠤᠯ ᠤᠨ | ᠬᠦᠩᠭᠡᠨᠴᠠᠭᠠᠨ ᠤ ᠳᠠᠭᠠᠭᠠᠴᠠ ᠶᠢ ᠰᠢᠩᠭᠡᠭᠡᠬᠦ ᠴᠢᠳᠠᠪᠤᠷᠢ ᠳᠤ ᠲᠦᠰᠢᠭᠯᠡᠨ᠂ ᠰᠢᠨ᠎ᠡ ᠡᠨᠧᠷᠭᠢ ᠶᠢᠨ ᠭᠦᠨ | ᠬᠤᠯᠪᠣᠯᠳᠤᠯ ᠢ ᠪᠡᠶᠡᠯᠡᠭᠦᠯᠵᠦ᠂ ᠵᠢᠯ ᠪᠦᠷᠢ ᠨᠣᠭᠤᠭᠠᠨ ᠴᠠᠬᠢᠯᠭᠠᠨ ᠢ 70 ᠳ᠋ᠦᠩᠰᠢᠭᠤᠷ kwh ᠠᠴᠠ ᠳᠡᠭᠡᠭᠰᠢ | ᠬᠡᠷᠡᠭᠯᠡᠵᠦ᠂ ᠨᠣᠭᠤᠭᠠᠨ ᠴᠠᠬᠢᠯᠭᠠᠨ ᠤ ᠡᠵᠡᠯᠡᠬᠦ ᠬᠠᠷᠢᠴᠠᠯ ᠢ 40% ᠠᠴᠠ ᠳᠡᠭᠡᠭᠰᠢ ᠳᠤ ᠬᠦᠷᠦᠭᠦᠯᠵᠦ᠂ ᠵᠢᠯ ᠪᠦᠷᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ 570 ᠭᠠᠷᠤᠢ ᠲᠦᠮᠡᠨ ᠲᠣᠨ ᠪᠠᠭᠠᠰᠬᠠᠵᠤ ᠪᠣᠯᠬᠤ ᠪᠥᠭᠡᠳ | ᠬᠥᠩᠭᠡᠨ ᠴᠠᠭᠠᠨ ᠢ ᠪᠣᠭᠤᠵᠤ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠬᠡᠯᠪᠡᠷᠢ ᠪᠠᠶᠢᠳᠠᠯ ᠢ ᠪᠣᠶ ᠪᠣᠯᠭᠠᠬᠤ᠂ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠪᠤᠶᠢᠵᠢᠭᠤᠯᠤᠨ | ᠬᠥᠭᠵᠢᠭᠦᠯᠬᠦ᠂ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠳᠡᠭᠡᠭᠰᠢᠯᠡᠭᠦᠯᠬᠦ ᠳᠤ ᠴᠢᠬᠤᠯᠠ ᠰᠠᠭᠤᠷᠢ ᠲᠠᠯᠪᠢᠨ᠎ᠠ᠃ |