ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠢᠷᠡᠯᠲᠡ ᠶᠢ ᠤᠯᠠᠮ ᠨᠢᠭᠡ ᠠᠯᠬᠤᠮ | ᠥᠷᠭᠡᠳᠬᠡᠬᠦ ᠶᠢᠨ ᠲᠥᠯᠥᠭᠡ᠂ ᠳ᠋ᠧᠩ ᠵᠢᠶᠠ ᠶᠢᠩᠽᠢ ᠲᠣᠰᠬᠤᠨ ᠤ ᠨᠠᠮ ᠤᠨ ᠡᠭᠦᠷ ᠤᠨᠴᠠᠯᠢᠬᠳᠤ ᠠᠵᠤ | ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠭᠠᠨᠢᠭ ᠪᠤᠷᠳᠤᠭᠤᠷ ᠤᠨ ᠭᠤᠣᠯ ᠲᠦᠭᠦᠬᠡᠢ | ᠮᠠᠲ᠋ᠧᠷᠢᠶᠠᠯ ᠨᠢ ᠲᠤᠮᠤ ᠬᠡᠯᠪᠡᠷᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠦᠬᠡᠷ ᠬᠤᠨᠢ ᠲᠠᠬᠢᠶ᠎ᠠ ᠵᠡᠷᠭᠡ | ᠪᠠᠭᠠᠰᠤ ᠠᠴᠠ ᠢᠷᠡᠯᠳᠡ ᠲᠠᠢ ᠪᠠᠶᠢᠵᠤ᠂ ᠲᠡᠷᠢᠭᠦᠨ ᠤ ᠢᠰᠬᠡᠬᠦ ᠮᠡᠷᠭᠡᠵᠢᠯ ᠢ ᠬᠡᠷᠡᠭᠯᠡᠵᠦ᠂ ᠬᠠᠶᠠᠭᠳᠠᠮᠠᠯ ᠪᠣᠳᠠᠰ ᠢ | ᠡᠷᠳᠡᠨᠢ ᠪᠣᠯᠭᠠᠵᠤ᠂ ᠥᠨᠳᠥᠷ ᠪᠦᠲᠦᠮᠵᠢᠲᠡᠢ᠂ ᠴᠢᠨᠠᠷ ᠰᠠᠶᠢᠲᠠᠢ ᠣᠷᠭᠠᠨᠢᠭ ᠪᠤᠷᠳᠤᠭᠤᠷ ᠤᠨ ᠪᠦᠲᠦᠭᠡᠭᠳᠡᠬᠦᠨ ᠢ | ᠦᠢᠯᠡᠳᠪᠦᠷᠢᠯᠡᠵᠦ ᠭᠠᠷᠭᠠᠪᠠ᠃ | | ᠣᠷᠭᠠᠨᠢᠭ ᠪᠤᠷᠳᠤᠭᠤᠷ ᠢ ᠳᠤᠷᠠᠳᠴᠤ᠂ ᠲᠣᠰᠬᠤᠨ ᠤ ᠨᠠᠮ ᠤᠨ ᠡᠭᠦᠷ ᠤᠨ ᠱᠦᠵᠢ ᠯᠢᠦ ᠶᠠᠨ ᠪᠢᠩ᠄ ︽ | ᠤᠢᠢᠷ᠎ᠠ ᠶᠢᠨ ᠵᠢᠯ ᠳᠤ᠂ ᠲᠣᠰᠬᠤᠨ ᠤ ᠨᠠᠮ ᠤᠨ ᠡᠭᠦᠷ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠢ ᠣᠷᠣᠭᠤᠯᠤᠨ | ᠠᠪᠴᠢᠷᠠᠬᠤ ᠪᠠᠷ ᠳᠠᠮᠵᠢᠭᠤᠯᠵᠤ᠂ ᠲᠡᠷᠢᠭᠦᠨ ᠤ ᠦᠢᠯᠡᠳᠪᠦᠷᠢᠯᠡᠯ ᠤᠨ ᠤᠷ᠎ᠠ ᠮᠡᠷᠭᠡᠰᠢᠯ ᠢ ᠬᠡᠷᠡᠭᠯᠡᠵᠦ᠂ ᠵᠥᠪᠬᠡᠨ | ᠴᠢᠨᠠᠷ ᠰᠠᠶᠢᠲᠠᠢ ᠦᠨ᠎ᠡ ᠬᠢᠮᠳᠠ ᠲᠠᠷᠢᠶᠠᠯᠠᠩ ᠤᠨ ᠣᠷᠣᠯᠭ᠎ᠠ ᠶᠢ ᠨᠡᠮᠡᠭᠳᠡᠭᠦᠯᠬᠦ ᠣᠷᠭᠠᠨᠢᠭ ᠪᠤᠷᠳᠤᠭᠤᠷ ᠪᠣᠯᠤᠨ᠎ᠠ᠃ | ᠮᠠᠨ ᠤ ᠤᠷᠭᠠᠨᠢᠭ ᠪᠤᠷᠳᠣᠭᠤᠷ ᠤᠯᠤᠰ ᠤᠨ ᠬᠠᠮᠤᠭ ᠰᠢᠨ᠎ᠡ ᠪᠠᠷᠢᠮᠵᠢᠶ᠎ᠠ NY/T525-202 ᠢ ᠬᠡᠷᠡᠭᠵᠢᠭᠦᠯᠵᠦ᠂ | ᠴᠦᠮ ᠮᠦᠬᠦᠯᠢᠭ ᠦᠢᠯᠡᠳᠬᠦ ᠤᠷ᠎ᠠ ᠮᠡᠷᠭᠡᠵᠢᠯ ᠢ ᠬᠡᠷᠡᠭᠯᠡᠵᠦ᠂ ᠮᠦᠬᠦᠯᠢᠭ ᠵᠢᠭᠳᠡ ᠬᠡᠷᠡᠭᠯᠡᠵᠦ᠂ ᠬᠡᠷᠡᠭᠯᠡᠬᠦ ᠳᠤ | ᠳᠥᠭᠦᠮ᠂ ᠲᠤᠰᠬᠠᠶ ᠠᠵᠢᠯ ᠲᠥᠷᠥᠯ ᠤᠨ ᠰᠠᠯᠠᠭ᠎ᠠ ᠮᠥᠴᠢᠷ ᠤᠨ ᠭᠠᠷᠭᠠᠭᠰᠠᠨ ᠶᠠᠰᠤ ᠴᠢᠨᠠᠷ ᠤᠨ ᠪᠠᠶᠢᠴᠠᠭᠠᠯᠲᠠ ᠶᠢᠨ | ᠮᠡᠳᠡᠭᠦᠯᠦᠯᠲᠡ︾ ᠪᠤᠯᠤᠨ᠎ᠠ᠃ | ᠣᠶᠢᠯᠠᠭᠠᠭᠰᠠᠨ ᠢᠶᠠᠷ᠂ ᠳ᠋ᠧᠩ ᠵᠢᠶᠠ ᠶᠢᠩᠽᠢ ᠲᠣᠰᠬᠤᠨ ᠤ ᠥᠪᠥᠷ ᠮᠣᠩᠭᠤᠯ ᠤᠨ ᠲᠠᠷᠢᠶᠠᠯᠠᠩ ᠤᠨ | ᠣᠷᠣᠯᠭ᠎ᠠ ᠶᠢ ᠨᠡᠮᠡᠭᠳᠡᠭᠦᠯᠬᠦ ᠣᠷᠭᠠᠨᠢᠭ ᠪᠣᠷᠲᠣᠭᠤᠷ ᠤᠨ ᠬᠢᠵᠠᠭᠠᠷᠲᠤ ᠺᠣᠮᠫᠠᠨᠢ ᠶᠢᠨ ᠭᠠᠷᠭᠠᠭᠰᠠᠨ ᠥᠨᠳᠥᠷ | ᠪᠦᠲᠦᠮᠵᠢᠲᠡᠶ ᠣᠷᠭᠠᠨᠢᠭ ᠪᠣᠷᠲᠣᠭᠤᠷ ᠲᠤ ᠶᠡᠭᠡ ᠬᠡᠮᠵᠢᠶᠡᠨ ᠤ ᠣᠷᠭᠠᠨᠢᠭ ᠪᠣᠳᠠᠰ ᠠᠭᠤᠯᠤᠭᠳᠠᠵᠤ ᠪᠠᠶᠢᠨ᠎ᠠ᠂ | ᠡᠭᠦᠨ ᠳᠤ ᠦᠬᠦᠬᠦ ᠠᠴᠠ ᠰᠡᠷᠭᠡᠶᠢᠯᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠤᠨᠠᠯᠲᠠ ᠶᠢ ᠨᠡᠮᠡᠭᠳᠡᠭᠦᠯᠬᠦ᠂ ᠠᠮᠠᠷᠬᠠᠨ | ᠰᠢᠩᠭᠡᠭᠡᠨ ᠠᠪᠬᠤ ᠵᠡᠷᠭᠡ ᠳᠠᠪᠠᠭᠤᠯᠢᠭ ᠲᠠᠢ᠂ ᠬᠡᠷᠡᠭᠯᠡᠭᠰᠡᠨ ᠤ ᠳᠠᠷᠠᠭ᠎ᠠ ᠰᠢᠮ᠎ᠡ ᠲᠡᠵᠢᠭᠡᠯ ᠢ ᠪᠥᠬᠦ ᠲᠠᠯ᠎ᠠ ᠪᠠᠷ᠂ | ᠪᠣᠷᠲᠣᠭᠤᠷ ᠤᠨ ᠦᠢᠯᠡᠳᠦᠯ ᠢᠶᠠᠷ ᠤᠳᠠᠭᠠᠨ ᠳᠠᠭᠠᠭᠠᠮᠠᠭᠠᠶ ᠪᠠᠶᠢᠵᠤ᠂ ᠠᠮᠢᠳᠤ ᠪᠣᠳᠠᠰ ᠤᠨ ᠡᠪᠡᠳᠴᠢᠨ ᠤ ᠬᠥᠨᠥᠭᠡᠯ ᠢ | ᠰᠡᠷᠭᠡᠶᠢᠯᠡᠨ ᠡᠵᠡᠮᠳᠡᠬᠦ᠂ ᠬᠥᠷᠥᠰᠥ ᠰᠢᠷᠣᠶ ᠶᠢᠨ ᠬᠥᠷᠥᠰᠥ ᠰᠢᠷᠣᠶ ᠶᠢᠨ ᠴᠢᠨᠠᠷ ᠢ ᠰᠠᠶᠢᠵᠢᠷᠠᠭᠤᠯᠬᠤ᠂ ᠬᠦᠢᠲᠡᠨ ᠢ | ᠰᠡᠷᠭᠡᠶᠢᠯᠡᠵᠦ ᠬᠥᠯᠳᠡᠬᠦ ᠶᠢ ᠡᠰᠡᠷᠭᠦᠴᠡᠬᠦ ᠵᠡᠷᠭᠡ ᠴᠢᠳᠠᠪᠤᠷᠢ ᠶᠢ ᠴᠢᠩᠭᠠᠷᠠᠭᠤᠯᠵᠤ᠂ ᠡᠯ᠎ᠡ ᠲᠥᠷᠥᠯ ᠤᠨ ᠲᠠᠷᠢᠮᠠᠯ ᠤᠨ | ᠦᠢᠯᠡᠳᠪᠦᠷᠢᠯᠡᠯ ᠤᠨ ᠬᠠᠷᠰᠢ ᠰᠠᠭᠠᠳ ᠢ ᠢᠯᠠᠨ ᠳᠠᠪᠠᠵᠤ᠂ ᠲᠠᠷᠢᠶᠠᠴᠢᠳ ᠤᠨ ᠤᠨᠠᠯᠲᠠ ᠶᠢ ᠨᠡᠮᠡᠭᠳᠡᠭᠦᠯᠬᠦ ᠳᠤ ᠦᠨᠡᠨ | ᠬᠦ ᠬᠠᠪᠰᠤᠷᠤᠯᠭ᠎ᠠ ᠦᠵᠡᠭᠦᠯᠵᠦ ᠪᠠᠶᠢᠨ᠎ᠠ᠃ |