ᠪᠠᠷᠠᠭᠤᠨ ᠣᠪᠣᠭ᠎ᠠ ᠵᠡᠭᠡᠯᠢ ᠭᠤᠳᠤᠮᠵᠢ ᠳᠠᠮᠵᠢᠭᠤᠯᠤᠨ ᠪᠣᠷᠣᠯᠠᠭᠤᠯᠬᠤ ᠠᠷᠭ᠎ᠠ ᠪᠠᠰᠢᠷ ᠢ ᠢᠯᠡᠷᠡᠭᠦᠯᠵᠦ ︽ᠮᠡᠬᠡᠯᠡᠯ ᠢ ᠰᠡᠷᠭᠡᠶᠢᠯᠡᠬᠦ ᠨᠢᠭᠤᠴᠠ ᠨᠣᠮ︾ ᠢ ᠤᠯᠠᠮᠵᠢᠯᠠᠪᠠ
ᠨᠡᠶᠢᠲᠡᠯᠡᠭᠰᠡᠨ ᠴᠠᠭ᠄
2024/8/15
     ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠠᠤᠯᠢ ᠪᠤᠰᠤ ᠪᠠᠷ ᠳᠠᠮᠵᠢᠭᠤᠯᠤᠨ ᠪᠣᠷᠣᠯᠠᠭᠤᠯᠬᠤ ᠲᠤᠬᠠᠶ ᠲᠠᠨᠢᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠡᠬᠡᠯᠡᠬᠦ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠪᠠᠷᠠᠭᠤᠨ ᠣᠪᠣᠭ᠎ᠠ ᠵᠡᠭᠡᠯᠢ ᠭᠤᠳᠤᠮᠵᠢ ᠶᠢᠨ  ᠬᠠᠤᠯᠢ ᠪᠤᠰᠤ ᠪᠠᠷ ᠳᠠᠮᠵᠢᠭᠤᠯᠤᠨ ᠪᠣᠷᠣᠯᠠᠭᠤᠯᠬᠤ ᠳᠤ ᠴᠣᠬᠢᠯᠲᠠ ᠥᠭᠬᠦ ᠲᠠᠶᠢᠯᠤᠮᠵᠢ ᠥᠷᠨᠢᠭᠦᠯᠪᠡ᠃
     ᠲᠠᠶᠢᠯᠤᠮᠵᠢ ᠨᠢ PPT ᠶᠢᠨ ᠦᠵᠡᠭᠦᠯᠦᠯᠭᠡ ᠪᠠ ᠲᠤᠬᠠᠶ ᠶᠢᠨ ᠲᠠᠯᠠᠪᠤᠷ ᠤᠨ ᠲᠠᠶᠢᠯᠪᠤᠷᠢᠯᠠᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠳᠠᠲᠤ ᠬᠡᠷᠡᠭ ᠤᠨ ᠵᠢᠱᠢᠶ᠎ᠡ ᠪᠠᠷ ᠵᠢᠯᠣᠭᠤᠳᠣᠯᠭ᠎ᠠ ᠪᠣᠯᠭᠠᠵᠤ ᠂ ᠬᠠᠤᠯᠢ ᠪᠤᠰᠤ ᠪᠠᠷ ᠳᠠᠮᠵᠢᠭᠤᠯᠤᠨ ᠪᠣᠷᠣᠯᠠᠭᠤᠯᠬᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠵᠡᠷᠭᠡ ᠶᠠᠯᠠᠲᠤ ᠠᠵᠢᠯᠯᠠᠭ᠎ᠠ ᠶᠢᠨ ᠲᠣᠮᠢᠶᠠᠯᠠᠯ᠂ ᠣᠨᠴᠠᠯᠢᠭ ᠵᠢᠴᠢ ᠬᠤᠤᠷ ᠬᠥᠨᠥᠭᠡᠯ ᠢ ᠲᠠᠨᠢᠯᠴᠠᠭᠤᠯᠤᠭᠰᠠᠨ ᠪᠥᠭᠡᠳ ᠰᠠᠭᠤᠭᠠᠯᠢ ᠠᠷᠠᠳ ᠤᠨ ᠰᠡᠷᠭᠡᠶᠢᠯᠡᠬᠦ ᠤᠬᠠᠮᠰᠠᠷ ᠢ ᠬᠡᠷᠬᠢᠨ ᠳᠡᠭᠡᠭᠰᠢᠯᠡᠭᠦᠯᠬᠦ ᠲᠤᠬᠠᠶ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠲᠠᠶᠢᠯᠤᠮᠵᠢ ᠪᠠᠷ ᠳᠠᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠳᠠᠮᠵᠢᠭᠤᠯᠤᠨ ᠪᠣᠷᠣᠯᠠᠭᠤᠯᠬᠤ ᠶᠠᠯᠠᠲᠤ ᠠᠵᠢᠯᠯᠠᠭ᠎ᠠ ᠶᠢ ᠰᠡᠷᠭᠡᠶᠢᠯᠡᠬᠦ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ᠂ ᠵᠣᠬᠢᠶᠠᠨ ᠪᠠᠶᠢᠭᠤᠯᠤᠯᠲᠠ ᠲᠠᠢ ᠶᠠᠯ᠎ᠠ ᠬᠢᠬᠦ ᠶᠢ ᠡᠰᠡᠷᠭᠦᠴᠡᠬᠦ ᠬᠠᠤᠯᠢ᠂ ᠨᠠᠰᠤᠨ ᠳᠤ ᠥᠯᠥ ᠬᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠪᠠ ᠶᠠᠯ᠎ᠠ ᠬᠢᠬᠦ ᠶᠢ ᠰᠡᠷᠭᠡᠶᠢᠯᠡᠬᠦ ᠵᠡᠷᠭᠡ ᠲᠠᠯ᠎ᠠ ᠪᠠᠷ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠵᠤ᠂ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠪᠠ᠃      ᠲᠠᠷᠠᠭᠠᠴᠢ ᠶᠢᠨ ᠠᠯᠬᠤᠮ ᠳᠤ᠂ ᠪᠠᠷᠠᠭᠤᠨ ᠣᠪᠣᠭ᠎ᠠ ᠵᠡᠭᠡᠯᠢ ᠭᠤᠳᠤᠮᠵᠢ ᠳᠠᠮᠵᠢᠭᠤᠯᠤᠨ ᠪᠣᠷᠣᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠲᠦᠭᠡᠮᠡᠯᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1