ᠰᠤᠷᠪᠤᠯᠵᠢᠯᠠᠨ ᠶᠠᠷᠢᠯᠴᠠᠬᠤ ᠭᠤᠤᠯ ᠰᠡᠳᠦᠪ᠄ ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠠᠵᠢᠯ ᠤᠨ ᠶᠡᠷᠦᠩᠬᠡᠶ ᠪᠠᠶᠢᠳᠠᠯ ᠤᠨ ᠲᠠᠨᠢᠯᠴᠠᠭᠤᠯᠭ᠎ᠠ ᠵᠢᠴᠢ ᠣᠯᠠᠨ ᠲᠦᠮᠡᠨ ᠤ ᠠᠰᠠᠭᠤᠳᠠᠯ ᠢ ᠰᠢᠢᠳᠪᠦᠷᠢᠯᠡᠭᠰᠡᠨ | ᠪᠠᠶᠢᠳᠠᠯ | ᠰᠤᠷᠪᠤᠯᠵᠢᠯᠠᠨ ᠶᠠᠷᠢᠯᠴᠠᠬᠤ ᠴᠠᠭ᠄ 2023 ᠣᠨ ᠤ 8 ᠳ᠋ᠤᠭᠠᠷ ᠰᠠᠷ᠎ᠠ ᠶᠢᠨ 22 ᠤ ᠡᠳᠦᠷ | ᠰᠤᠷᠪᠤᠯᠵᠢᠯᠠᠭᠳᠠᠭᠴᠢ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠤ ᠳᠠᠷᠤᠭ᠎ᠠ ᠭᠦᠸᠧ ᠾᠦᠢ ᠸᠧᠨ | ᠰᠣᠷᠪᠤᠯᠵᠢᠯᠠᠨ ᠶᠠᠷᠢᠯᠴᠠᠬᠤ ᠠᠭᠤᠯᠭ᠎ᠠ ᠶᠢᠨ ᠲᠤᠬᠠᠢ ᠲᠣᠪᠴᠢ ᠲᠠᠨᠢᠯᠴᠠᠭᠤᠯᠭ᠎ᠠ᠄ ᠪᠤᠭᠤᠲᠤ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠶᠡᠷᠦᠩᠬᠡᠶ ᠪᠠᠶᠢᠳᠠᠯ ᠢ ᠲᠠᠨᠢᠯᠴᠠᠭᠤᠯᠵᠤ᠂ ᠣᠯᠠᠨ ᠲᠦᠮᠡᠨ ᠤ ᠵᠠᠮ | ᠬᠠᠷᠢᠯᠴᠠᠭᠠᠨ ᠤ ᠬᠡᠷᠡᠭᠴᠡᠭᠡ ᠶᠢ ᠣᠶᠢᠯᠠᠭᠠᠵᠤ᠂ ᠣᠯᠠᠨ ᠲᠦᠮᠡᠨ ᠤ ᠵᠠᠮ ᠬᠠᠷᠢᠯᠴᠠᠭ᠎ᠠ ᠶᠠᠪᠤᠵᠤ ᠰᠠᠭᠤᠬᠤ ᠳᠤ | ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ | ᠬᠥᠲᠥᠯᠥᠭᠴᠢ᠄ 14 ᠤ ᠡᠳᠦᠷ ᠠᠴᠠ ᠡᠬᠢᠯᠡᠨ᠂ ᠨᠡᠶᠢᠲᠡ ᠶᠢᠨ ᠮᠠᠰᠢᠨ ᠲᠡᠷᠭᠡᠨ ᠤ ᠪᠦᠯᠦᠭᠯᠡᠯ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠲᠥᠪ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠵᠠᠰᠠᠮᠠᠯ ᠵᠠᠮ ᠤᠨ ᠦᠢᠯᠡᠰ ᠤᠨ ᠬᠥᠭᠵᠢᠯᠲᠡ ᠶᠢᠨ | ᠲᠥᠪ ᠵᠠᠯᠭᠠᠭ᠎ᠠ ᠪᠠᠷ ᠰᠦᠯᠵᠢᠶᠡᠨ ᠳᠤ ᠭᠠᠷᠴᠤ᠂ ᠡᠩ ᠲᠡᠷᠢᠭᠦᠨ ᠳᠤ ᠭᠦᠸᠧ ᠱᠦᠵᠢ ᠡᠮᠦᠨᠡᠬᠢ ᠫᠷᠤᠭ᠍ᠷᠠᠮ ᠢ ᠲᠠ | ᠪᠦᠷ ᠰᠣᠨᠣᠰᠤᠭᠰᠠᠨ ᠤᠤ︖ ᠪᠢᠳᠡᠨ ᠤ ᠬᠦᠯᠢᠶᠡᠨ ᠠᠪᠴᠤ ᠰᠢᠢᠳᠪᠦᠷᠢᠯᠡᠬᠦ ᠠᠰᠠᠭᠤᠳᠠᠯ ᠭᠤᠣᠯᠳᠠᠭᠤ ᠠᠯᠢ ᠠᠯᠢ | ᠲᠠᠯ᠎ᠠ ᠶᠢᠨ ᠪᠤᠢ︖ ᠰᠢᠢᠳᠪᠦᠷᠢᠯᠡᠭᠳᠡᠨ᠎ᠡ ᠦᠦ ᠦᠭᠡᠢ ᠦᠦ︖ | ᠰᠤᠷᠪᠤᠯᠵᠢᠯᠠᠭᠳᠠᠭᠴᠢ ᠭᠦᠸᠧ ᠾᠦᠢ ᠸᠧᠨ᠄ 8 ᠳ᠋ᠤᠭᠠᠷ ᠰᠠᠷ᠎ᠠ ᠶᠢᠨ 14 ᠤ ᠡᠳᠦᠷ ᠠᠴᠠ ᠨᠠᠭᠠᠰᠢ᠂ ᠮᠠᠨ ᠤ | ᠵᠠᠮ ᠲᠡᠭᠡᠭᠡᠪᠦᠷᠢ ᠶᠢᠨ ᠰᠢᠰᠲ᠋ᠧᠮ ᠤᠨ ᠡᠯ᠎ᠡ ᠨᠢᠭᠡᠴᠢ ᠵᠠᠯᠭᠠᠭ᠎ᠠ ᠪᠠᠷ ᠠᠰᠢᠭᠯᠠᠯᠲᠠ ᠳᠤ ᠣᠷᠣᠵᠤ᠂ ᠬᠤᠭᠤᠴᠠᠭ᠎ᠠ | ᠪᠦᠷᠢ ᠶᠢᠨ ᠫᠷᠤᠭ᠍ᠷᠠᠮ ᠢ ᠪᠢ ᠴᠥᠮ ᠨᠠᠷᠢᠨ ᠬᠢᠨᠠᠮᠠᠭᠠᠶ ᠰᠣᠨᠣᠰᠴᠠᠶ᠂ ᠲᠡᠷᠡᠴᠢᠯᠡᠨ ᠰᠢᠰᠲ᠋ᠧᠮ ᠤᠨ ᠪᠣᠶ ᠪᠥᠬᠦᠶ ᠺᠠᠳ᠋ᠷ | ᠠᠵᠢᠯᠲᠠᠨ ᠠᠵᠢᠯᠴᠢᠨ ᠴᠥᠮ ᠫᠷᠤᠭ᠍ᠷᠠᠮ ᠢ ᠭᠥᠯᠢᠶᠡᠨ ᠠᠪᠴᠤ ᠰᠣᠨᠣᠰᠴᠤ᠂ ᠣᠯᠠᠨ ᠲᠦᠮᠡᠨ ᠤ ᠬᠦᠰᠡᠯ ᠪᠠ | ᠬᠡᠷᠡᠭᠴᠡᠭᠡ ᠶᠢ ᠣᠶᠢᠯᠠᠭᠠᠬᠤ ᠶᠢ ᠱᠠᠭᠠᠷᠳᠠᠪᠠ᠃ ᠡᠮᠦᠨᠡᠬᠢ ᠬᠡᠳᠦᠨ ᠬᠤᠭᠤᠴᠠᠭᠠᠨ ᠤ ᠫᠷᠤᠭ᠍ᠷᠠᠮ ᠳᠤ᠂ ᠰᠣᠨᠣᠰᠤᠭᠴᠢᠳ | ᠵᠠᠮ ᠲᠡᠭᠡᠭᠡᠪᠦᠷᠢ ᠶᠢᠨ ᠠᠵᠢᠯ ᠳᠤ ᠮᠠᠰᠢ ᠣᠯᠠᠨ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠪᠠ᠂ ᠪᠢ ᠡᠮᠬᠢᠯᠡᠨ | ᠳᠢᠭᠯᠡᠭᠡᠳ᠂ 3 ᠲᠠᠯ᠎ᠠ ᠶᠢᠨ 22 ᠠᠰᠠᠭᠤᠳᠠᠯ ᠳᠤ ᠬᠤᠯᠪᠤᠭᠳᠠᠵᠤ ᠪᠠᠶᠢᠯ᠎ᠠ᠃ ᠨᠡᠶᠢᠲᠡ ᠶᠢᠨ ᠮᠠᠰᠢᠨ ᠲᠡᠷᠭᠡᠨ ᠤ | ᠲᠠᠯ᠎ᠠ ᠪᠠᠷ᠂ ᠭᠤᠤᠯᠳᠠᠭᠤ ᠵᠠᠮ ᠱᠤᠭᠤᠮ ᠤᠨ ᠲᠥᠯᠥᠪᠵᠢᠭᠦᠯᠭᠡ᠂ ᠲᠠᠯᠠᠪᠤᠷ ᠥᠷᠲᠡᠭᠡ ᠶᠢ ᠳᠣᠭᠢᠷᠠᠭᠤᠯᠬᠤ ᠲᠠᠯ᠎ᠠ ᠪᠠᠷ | ᠲᠥᠪᠯᠡᠷᠡᠵᠦ ᠪᠤᠢ᠃ ᠲᠡᠭᠡᠭᠡᠪᠦᠷᠢ ᠶᠢᠨ ᠦᠢᠯᠡᠴᠢᠯᠡᠭᠡ ᠵᠢᠴᠢ ᠬᠢᠨᠠᠨ ᠬᠠᠮᠢᠶᠠᠷᠤᠯᠲᠠ ᠶᠢᠨ ᠲᠠᠯ᠎ᠠ ᠪᠠᠷ᠂ ᠭᠤᠤᠯᠳᠠᠭᠤ | ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ᠂ ᠠᠵᠢᠯ ᠤᠨ ᠪᠠᠶᠢᠷᠢ ᠳᠤ ᠭᠠᠷᠬᠤ ᠦᠨᠡᠮᠯᠡᠯ ᠢ ᠭᠤᠶᠤᠴᠢᠯᠠᠨ | ᠠᠪᠬᠤ ᠵᠡᠷᠭᠡ ᠠᠰᠠᠭᠤᠳᠠᠯ ᠪᠣᠯᠤᠨ᠎ᠠ᠃ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠲᠠᠯ᠎ᠠ ᠪᠠᠷ᠂ ᠭᠤᠤᠯᠳᠠᠭᠤ ᠤᠯᠤᠰ ᠤᠨ ᠵᠠᠮ ᠤᠨ ᠪᠥᠲᠥᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠬᠤ ᠲᠠᠯ᠎ᠠ ᠪᠠᠷ | ᠲᠥᠪᠯᠡᠷᠡᠵᠦ ᠪᠠᠶᠢᠪᠠ᠃ | ᠰᠣᠨᠣᠰᠤᠭᠴᠢᠳ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠳᠠᠷᠣᠢ ᠳᠤ ᠨᠢ ᠰᠢᠢᠳᠪᠦᠷᠢᠯᠡᠵᠦ | ᠳᠡᠶᠢᠯᠬᠦ ᠶᠢ ᠪᠢᠳᠡ ᠨᠢᠭᠡᠨᠲᠡ ᠰᠢᠢᠳᠪᠦᠷᠢᠯᠡᠵᠡᠢ᠃ ᠤᠷᠲᠤ ᠬᠤᠭᠤᠴᠠᠭ᠎ᠠ ᠪᠠᠷ ᠴᠢᠩᠭ᠎ᠠ ᠠᠳᠬᠤᠬᠤ ᠴᠢᠬᠤᠯᠠᠲᠠᠢ ᠨᠢ | ᠭᠡᠪᠡᠯ᠂ ᠵᠢᠱᠢᠶᠡᠯᠡᠪᠡᠯ᠂ ᠣᠨᠴᠠ ᠵᠠᠷᠢᠮ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠪᠣᠯᠪᠠᠰᠤᠨ ᠪᠤᠰᠤ | ᠡᠵᠡᠩᠨᠡᠯᠲᠡ ᠶᠢᠨ ᠠᠵᠢᠯᠯᠠᠭ᠎ᠠ ᠶᠢᠨ ᠠᠰᠠᠭᠤᠳᠠᠯ ᠣᠷᠣᠰᠢᠵᠤ ᠪᠠᠶᠢᠪᠠᠯ᠂ ᠪᠢᠳᠡ ︽ᠦᠩᠭᠡᠨ ᠲᠠᠯ᠎ᠠ ᠶᠢ ᠵᠠᠰᠠᠬᠤ︾ ᠪᠠ | ︽ᠦᠨᠳᠦᠰᠦ ᠠᠴᠠ ᠨᠢ ᠵᠠᠰᠠᠬᠤ︾ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ ᠬᠠᠮᠤᠭ ᠤᠨ ᠣᠬᠤᠷ | ᠬᠤᠭᠤᠴᠠᠭᠠᠨ ᠳᠤ ᠢᠯᠡᠳᠲᠡ ᠦᠷ᠎ᠡ ᠪᠦᠲᠦᠮᠵᠢ ᠣᠯᠵᠤ᠂ ᠰᠣᠨᠣᠰᠤᠭᠴᠢᠳ ᠲᠤ ᠬᠠᠨᠤᠮᠵᠢᠲᠠᠢ ᠬᠠᠷᠢᠭᠤᠯᠲᠠ | ᠥᠭᠭᠦᠨ᠎ᠡ᠃ ᠠᠳᠡ ᠪᠠᠰᠠ ᠥᠷᠭᠡᠨ ᠣᠯᠠᠨ ᠰᠣᠨᠣᠰᠤᠭᠴᠢᠳ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠢ | ᠦᠷᠭᠦᠯᠵᠢᠯᠡᠨ ᠠᠩᠬᠠᠷᠴᠤ᠂ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠢᠯᠡᠭᠦᠬᠡᠨ ᠳᠤᠷᠠᠳᠴᠤ᠂ ᠣᠯᠠᠨ ᠢᠶᠠᠷ ᠢᠶᠠᠨ | ᠠᠷᠭ᠎ᠠ ᠤᠬᠠᠭᠠᠨ ᠭᠠᠷᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠡᠷᠡᠭᠦᠯ ᠪᠥᠭᠡᠳ ᠲᠦᠷᠭᠡᠨ | ᠬᠥᠭᠵᠢᠯᠲᠡ ᠶᠢᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠮ | ᠬᠠᠷᠢᠯᠴᠠᠭ᠎ᠠ ᠶᠢ ᠴᠢᠷᠮᠠᠶᠢᠨ ᠪᠠᠶᠢᠭᠤᠯᠬᠤ ᠶᠢ ᠬᠦᠰᠡᠵᠦ ᠪᠠᠶᠢᠨ᠎ᠠ᠃ | ᠬᠥᠲᠥᠯᠥᠭᠴᠢ᠄ ᠪᠢᠳᠡ ᠠᠵᠤ ᠠᠬᠤᠶ ᠪᠠᠨ ᠬᠥᠭᠵᠢᠬᠦᠯᠦᠶᠡ ᠭᠡᠪᠡᠯ ᠤᠷᠢᠳ ᠢᠶᠠᠷ ᠵᠠᠮ ᠬᠠᠷᠢᠯᠴᠠᠭ᠎ᠠ ᠪᠠᠨ | ᠨᠡᠪᠲᠡᠷᠡᠭᠦᠯᠬᠦ ᠬᠡᠷᠡᠭᠲᠡᠢ ᠭᠡᠳᠡᠭ᠃ ᠭᠦᠸᠧ ᠱᠦᠵᠢ ᠪᠢᠳᠡᠨ ᠳᠤ ᠣᠳᠣᠬᠠᠨ ᠤ ᠲᠣᠰ ᠬᠤᠲᠠ ᠶᠢᠨ ᠵᠠᠮ | ᠲᠡᠭᠡᠭᠡᠪᠦᠷᠢ ᠶᠢᠨ ᠠᠵᠢᠯ ᠤᠨ ᠶᠡᠷᠦᠩᠬᠡᠶ ᠪᠠᠶᠢᠳᠠᠯ ᠢ ᠲᠣᠪᠴᠢ ᠲᠠᠨᠢᠯᠴᠠᠭᠤᠯᠤᠭᠠᠳ ᠥᠭᠭᠦᠨ᠎ᠡ ᠦᠦ︖ | ᠰᠤᠷᠪᠤᠯᠵᠢᠯᠠᠭᠳᠠᠭᠴᠢ ᠭᠦᠸᠧ ᠾᠦᠢ ᠸᠧᠨ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠪᠣᠯ | ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠬᠤᠯᠪᠣᠭᠳᠠᠬᠤ᠂ ᠠᠵᠤ ᠠᠬᠤᠶ ᠨᠡᠶᠢᠭᠡᠮ ᠤᠨ ᠡᠷᠡᠭᠦᠯ ᠢᠶᠠᠷ | ᠬᠥᠭᠵᠢᠬᠦ ᠶᠢ ᠪᠠᠲᠤᠯᠠᠬᠤ ᠳᠤ ᠰᠠᠭᠤᠷᠢ ᠴᠢᠨᠠᠷᠲᠠᠶ᠂ ᠤᠳᠤᠷᠢᠳᠬᠤ ᠴᠢᠨᠠᠷᠲᠠᠶ ᠠᠵᠢᠯ ᠲᠥᠷᠥᠯ ᠪᠠᠶᠢᠵᠤ᠂ ᠴᠡᠭ ᠣᠯᠠᠨ | ᠂ ᠱᠤᠭᠤᠮ ᠣᠷᠳᠣ᠂ ᠬᠡᠪᠴᠢᠶ᠎ᠡ ᠥᠷᠭᠡᠨ᠂ ᠠᠩᠬᠠᠷᠤᠭᠳᠠᠬᠤ ᠬᠡᠮᠵᠢᠶ᠎ᠡ ᠥᠨᠳᠥᠷ ᠵᠡᠷᠭᠡ ᠣᠨᠴᠠᠯᠢᠭ ᠲᠠᠢ᠃ ᠵᠠᠮ | ᠬᠠᠷᠢᠯᠴᠠᠭᠠᠨ ᠤ ᠲᠣᠪᠴᠢᠶᠠᠨ ᠳᠤ ᠠᠵᠢᠯ ᠤᠨ ᠭᠠᠷᠤᠭ᠎ᠠ ᠠᠪᠤᠭᠠᠳ ᠤᠳᠠᠭᠠᠳᠤᠢ ᠪᠣᠯᠪᠠᠴᠤ ᠵᠠᠮ ᠲᠡᠭᠡᠭᠡᠪᠦᠷᠢ ᠶᠢᠨ | ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠢᠷᠠᠭᠤ ᠠᠯᠳᠠᠷᠲᠠᠶ ᠭᠡᠳᠡᠭ ᠢ ᠪᠢ ᠨᠢᠭᠡᠨᠲᠡ | ᠭᠦᠨᠵᠡᠭᠡᠶ ᠣᠶᠢᠯᠠᠭᠠᠪᠠ᠃ | 2023 ᠣᠨ ᠳᠤ᠂ ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ | ᠵᠠᠰᠠᠬᠤ ᠣᠷᠣᠨ ᠤ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ︽ᠬᠤᠶᠠᠷ ᠲᠥᠪ︾ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠵᠠᠮ ᠬᠠᠷᠢᠯᠴᠠᠭᠠᠨ ᠤ | ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢ ᠪᠥᠲᠥᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ | ᠭᠤᠤᠯᠳᠠᠯᠭ᠎ᠠ ᠪᠠᠨ ᠳᠤᠲᠠᠭᠤᠳᠠᠯ ᠢ ᠨᠥᠬᠦᠪᠥᠷᠢᠯᠡᠬᠦ᠂ ᠲᠣᠤᠷ ᠰᠦᠯᠵᠢᠶ᠎ᠡ ᠶᠢ ᠬᠤᠯᠪᠣᠭᠠᠯᠠᠬᠤ᠂ ᠥᠭᠡᠷᠡᠴᠢᠯᠡᠯᠲᠡ ᠶᠢ | ᠠᠬᠢᠭᠤᠯᠬᠤ᠂ ᠵᠢᠷᠤᠮᠵᠢᠯ ᠢ ᠠᠳᠬᠤᠬᠤ᠂ ᠠᠮᠤᠷ ᠲᠦᠪᠰᠢᠨ ᠢ ᠪᠠᠲᠤᠯᠠᠬᠤ ᠳᠡᠭᠡᠷ᠎ᠡ ᠬᠦᠴᠦ ᠲᠠᠯᠪᠢᠭᠰᠠᠨ ᠪᠣᠯᠬᠤᠷ | ᠢᠯᠡᠳᠲᠡ ᠦᠷ᠎ᠡ ᠪᠦᠲᠦᠮᠵᠢ ᠤᠯᠪᠠ᠃ | ᠨᠢᠭᠡ ᠳᠤ᠂ ᠵᠠᠰᠠᠮᠠᠯ ᠵᠠᠮ ᠤᠨ ᠲᠣᠤᠷ ᠰᠦᠯᠵᠢᠶ᠎ᠡ ᠬᠥᠨᠳᠡᠯᠡᠨ ᠭᠤᠯᠳᠤ ᠪᠠᠷ ᠰᠦᠯᠵᠢᠯᠳᠦᠵᠦ᠂ ᠳᠥᠷᠪᠡᠨ ᠵᠦᠭ | ᠨᠠᠢᠮᠠᠨ ᠵᠣᠪᠬᠢᠰ ᠲᠤ ᠨᠡᠪᠲᠡᠷᠡᠪᠡ᠃ ᠮᠠᠨ ᠤ ᠬᠤᠲᠠ ᠶᠢᠨ ᠵᠠᠰᠠᠮᠠᠯ ᠵᠠᠮ ᠤᠨ ᠶᠡᠷᠦᠩᠬᠡᠶ ᠣᠷᠳᠣ 9497 ᠺᠢᠯᠣᠮᠧᠳ᠋ᠷ | ᠪᠠᠶᠢᠵᠤ᠂ ᠡᠭᠦᠨ ᠳᠤ ᠳᠡᠭᠡᠳᠦ ᠬᠤᠷᠳᠤᠴᠠᠲᠤ ᠵᠠᠰᠠᠮᠠᠯ ᠵᠠᠮ 139 ᠺᠢᠯᠣᠮᠧᠳ᠋ᠷ᠂ ᠨᠢᠭᠡᠳᠦᠭᠡᠷ ᠳᠡᠰ ᠤᠨ ᠵᠠᠰᠠᠮᠠᠯ ᠵᠠᠮ | 806 ᠺᠢᠯᠣᠮᠧᠳ᠋ᠷ᠂ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠵᠠᠰᠠᠮᠠᠯ ᠵᠠᠮ 8552 ᠺᠢᠯᠣᠮᠧᠳ᠋ᠷ᠂ | ᠵᠠᠰᠠᠮᠠᠯ ᠵᠠᠮ ᠤᠨ ᠲᠣᠤᠷ ᠤᠨ ᠨᠢᠭᠲᠠᠴᠠ ᠨᠢ ᠵᠠᠭᠤᠨ ᠲᠡᠭᠰᠢ ᠳᠥᠷᠪᠡᠯᠵᠢᠨ ᠺᠢᠯᠣᠮᠧᠳ᠋ᠷ ᠪᠦᠷᠢ ᠳᠤ 34.2 | ᠺᠢᠯᠣᠮᠧᠳ᠋ᠷ ᠪᠠᠶᠢᠵᠤ᠂ ᠪᠥᠬᠦ ᠣᠷᠣᠨ ᠤ ᠵᠠᠰᠠᠮᠠᠯ ᠵᠠᠮ ᠤᠨ ᠲᠣᠤᠷ ᠬᠠᠮᠤᠭ ᠤᠨ ᠨᠢᠭᠲᠠ ᠠᠶᠢᠮᠠᠭ ᠬᠤᠲᠠ ᠶᠢᠨ ᠨᠢᠭᠡ | ᠪᠣᠯᠤᠭᠰᠠᠨ ᠪᠠᠶᠢᠨ᠎ᠠ᠃ ︽ᠬᠤᠶᠠᠷ ᠲᠣᠭᠤᠷᠢᠯ᠂ ᠲᠠᠪᠤᠨ ᠭᠤᠯᠳᠤ᠂ ᠨᠠᠢᠮᠠᠨ ᠬᠥᠨᠳᠡᠯᠡᠨ︾ ᠭᠤᠣᠯ ᠱᠤᠭᠤᠮ ᠤᠨ | ᠵᠠᠰᠠᠮᠠᠯ ᠵᠠᠮ ᠤᠨ ᠲᠣᠣᠷ ᠪᠣᠯᠤᠨ ︽ᠲᠠᠪᠤᠨ ᠲᠣᠭᠤᠷᠢᠯ᠂ ᠨᠠᠢᠮᠠᠨ ᠭᠤᠯᠳᠤ᠂ ᠬᠤᠷᠢᠨ ᠨᠢᠭᠡᠨ ᠬᠤᠯᠪᠤᠭᠠᠰᠤ︾ | ᠵᠢᠭᠤᠯᠴᠢᠯᠠᠯ ᠤᠨ ᠵᠠᠰᠠᠮᠠᠯ ᠵᠠᠮ ᠤᠨ ᠲᠣᠣᠷ ᠦᠨᠳᠦᠰᠦᠨ ᠳᠤ ᠪᠠᠨ ᠪᠦᠷᠢᠯᠳᠦᠵᠦ᠂ ᠪᠦᠬᠦ ᠬᠤᠲᠠ ᠶᠢᠨ ︽ᠬᠤᠶᠠᠷ | ᠲᠥᠪ︾ ᠤᠨ ᠪᠦᠲᠦᠭᠡᠨ ᠪᠠᠶᠢᠭᠤᠯᠤᠯᠲᠠ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤ ᠪᠠᠲᠤ | ᠴᠢᠩᠭ᠎ᠠ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠪᠠ᠃ | ᠬᠤᠶᠠᠷ ᠲᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠲᠣᠣᠷ ᠢ ᠨᠡᠪᠲᠡᠷᠡᠭᠦᠯᠵᠦ᠂ ᠭᠠᠳᠠᠭᠰᠢ ᠭᠠᠷᠬᠤ ᠳᠤ | ᠳᠥᠭᠦᠮ ᠲᠦᠳᠡᠵᠢᠬᠦᠯᠪᠡ᠃ ᠮᠠᠨ ᠤ ᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠶᠡᠷᠦᠩᠬᠡᠶ ᠣᠷᠳᠣ | 8011 ᠺᠢᠯᠣᠮᠧᠳ᠋ᠷ ᠲᠤ ᠬᠦᠷᠴᠦ᠂ 527 ᠵᠠᠰᠠᠭ ᠵᠠᠬᠢᠷᠭᠠᠨ ᠤ ᠲᠣᠰᠬᠤᠨ ᠥᠪᠡᠷᠲᠡᠭᠡᠨ ᠵᠠᠰᠠᠬᠤ ᠣᠷᠣᠨ ᠳᠤ ᠡᠩ | ᠲᠡᠷᠢᠭᠦᠨ ᠳᠤ ᠵᠠᠮ ᠤᠨ ᠭᠠᠳᠠᠷᠭᠤ ᠶᠢ ᠬᠠᠲᠠᠭᠤᠷᠠᠭᠤᠯᠬᠤ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ | ᠨᠡᠪᠲᠡᠷᠡᠬᠦ ᠶᠢ ᠪᠡᠶᠡᠯᠡᠭᠦᠯᠵᠦ᠂ ︽ᠭᠠᠳᠠᠭᠠᠳᠤ ᠳᠤ ᠨᠡᠪᠲᠡᠷᠡᠭᠦᠯᠵᠦ ᠳᠣᠲᠣᠭᠠᠳᠤ ᠳᠤ ᠬᠤᠯᠪᠣᠭᠠᠯᠠᠬᠤ᠂ ᠲᠣᠰᠬᠤᠨ ᠳᠤ | ᠰᠠᠭᠠᠳ ᠥᠬᠡᠶ ᠨᠡᠪᠲᠡᠷᠡᠬᠦ᠂ ᠡᠭᠡᠯᠵᠢ ᠶᠢᠨ ᠲᠡᠷᠭᠡ ᠶᠢ ᠲᠣᠰᠬᠤᠨ ᠳᠤ ᠬᠦᠷᠭᠡᠬᠦ᠂ ᠠᠮᠤᠷ ᠲᠦᠪᠰᠢᠨ ᠳᠥᠭᠦᠮ | ᠳᠥᠲᠡ︾ ᠬᠥᠳᠡᠭᠡ ᠲᠣᠰᠬᠤᠨ ᠤ ᠵᠠᠰᠠᠮᠠᠯ ᠵᠠᠮ ᠤᠨ ᠲᠣᠤᠷ ᠢ ᠦᠨᠳᠦᠰᠦᠨ ᠳᠤ ᠪᠠᠨ ᠪᠠᠶᠢᠭᠤᠯᠵᠤ᠂ ︽ᠭᠠᠷᠬᠤ ᠳᠤ | ᠳᠡᠶᠢᠯᠬᠦ᠂ ᠶᠠᠪᠤᠬᠤ ᠳᠤ ᠨᠡᠪᠲᠡᠷᠬᠡᠢ︾ ᠪᠠᠶᠢᠭᠰᠠᠨ ᠠᠴᠠ ︽ᠭᠠᠷᠬᠤ ᠳᠤ ᠤᠷᠤᠭᠰᠢᠲᠠᠢ᠂ ᠶᠠᠪᠤᠬᠤ ᠳᠤ ᠰᠠᠶᠢᠨ︾ | ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃ | ᠭᠤᠷᠪᠠ ᠳᠤ᠂ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠪᠣᠰᠤᠭ᠎ᠠ ᠴᠣᠭᠴᠠᠲᠤ ᠤᠯᠠᠨ ᠡᠰᠢᠵᠢᠯᠲᠡ᠂ | ᠵᠣᠯᠭᠠᠯᠴᠠᠭ᠎ᠠ ᠶᠢ ᠰᠠᠭᠠᠳ ᠦᠭᠡᠢ ᠪᠣᠯᠭᠠᠪᠠ᠃ ᠡᠨᠡ ᠵᠢᠯ 6 ᠵᠤᠷᠪᠤᠰ ᠨᠡᠶᠢᠲᠡ ᠶᠢᠨ ᠮᠠᠰᠢᠨ ᠲᠡᠷᠭᠡᠨ ᠤ ᠱᠤᠭᠤᠮ ᠢ | ᠰᠢᠯᠢᠳᠡᠭᠵᠢᠭᠦᠯᠦᠨ ᠲᠣᠬᠢᠷᠠᠭᠤᠯᠵᠤ᠂ 7 ᠲᠦᠮᠡ ᠰᠢᠬᠠᠮ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠶᠠᠪᠤᠵᠤ | ᠰᠠᠭᠤᠬᠤ ᠳᠤ ᠲᠥᠬᠦᠮ ᠦᠵᠡᠭᠦᠯᠪᠡ᠃ ᠲᠣᠭᠲᠠᠭᠰᠠᠨ ᠨᠡᠶᠢᠲᠡ ᠶᠢᠨ ᠵᠠᠮ ᠬᠠᠷᠢᠯᠴᠠᠭ᠎ᠠ ᠶᠢ ᠨᠡᠪᠲᠡᠷᠡᠭᠦᠯᠵᠦ᠂ ᠠᠵᠤ | ᠠᠬᠤᠶᠢᠯᠠᠯ ᠤᠨ ᠠᠵᠢᠯᠴᠢᠨ᠂ ᠦᠵᠡᠮᠵᠢ ᠶᠢᠨ ᠣᠷᠣᠨ ᠳᠤ ᠵᠤᠭᠠᠴᠠᠭᠰᠠᠳ᠂ ᠰᠤᠷᠭᠠᠭᠤᠯᠢ ᠶᠢᠨ ᠬᠦᠷᠢᠶᠡᠨ ᠤ ᠪᠠᠭᠰᠢ | ᠰᠤᠷᠤᠭᠴᠢᠳ ᠲᠤ ᠥᠪᠡᠷᠮᠢᠴᠡ ᠦᠢᠯᠡᠴᠢᠯᠡᠭᠡ ᠬᠠᠩᠭᠠᠪᠠ᠃ ᠰᠥᠨᠢ ᠪᠠᠷ ᠲᠣᠭᠤᠷᠢᠨ ᠦᠵᠡᠬᠦ ᠲᠤᠰᠬᠠᠶ ᠱᠤᠭᠤᠮ᠂ | ᠵᠢᠭᠤᠯᠴᠢᠯᠠᠯ ᠤᠨ ᠲᠤᠰᠬᠠᠶ ᠱᠤᠭᠤᠮ᠂ ᠨᠢᠰᠬᠡᠯ ᠤᠨ ᠪᠠᠭᠤᠳᠠᠯ ᠤᠨ ᠲᠤᠰᠬᠠᠶ ᠱᠤᠭᠤᠮ ᠢ ᠨᠡᠪᠲᠡᠷᠡᠭᠦᠯᠵᠦ᠂ | ᠰᠠᠭᠤᠭᠠᠯᠢ ᠠᠷᠠᠳ ᠤᠨ ᠰᠡᠯᠡᠭᠦᠴᠡᠨ ᠠᠶᠠᠯᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠣᠳᠣᠬᠠᠨ ᠳᠤ ᠪᠣᠯᠳᠠᠯ᠎ᠠ | ᠂ ᠨᠡᠶᠢᠳᠡ ᠶᠢᠨ ᠮᠠᠰᠢᠨ ᠲᠡᠷᠭᠡᠨ ᠤ ᠵᠠᠮ ᠱᠤᠭᠤᠮ 72 ᠵᠣᠷᠪᠣᠰ᠂ ᠵᠠᠮ ᠱᠣᠭᠤᠮ ᠤᠨ ᠶᠡᠷᠦᠩᠬᠡᠢ ᠣᠷᠳᠣ ᠨᠢ | 1298 ᠺᠢᠯᠣᠮᠧᠳ᠋ᠷ ᠪᠠᠶᠢᠵᠤ᠂ ᠨᠡᠶᠢᠳᠡ ᠶᠢᠨ ᠮᠠᠰᠢᠨ ᠲᠡᠷᠭᠡ 1237 ᠰᠠᠤᠷᠢ ᠪᠠᠶᠢᠨ᠎ᠠ᠃ ᠪᠤᠭᠤᠲᠤ ᠠᠴᠠ ᠭᠦᠶᠡᠩ | ᠬᠦᠷᠬᠦ᠂ ᠪᠤᠭᠤᠲᠤ ᠠᠴᠠ ᠰᠠᠭᠠᠯᠢᠴᠢ ᠬᠦᠷᠬᠦ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡ ᠶᠢ ᠨᠡᠬᠡᠭᠡᠵᠡᠢ᠃ | ᠨᠡᠶᠢᠲᠡ ᠶᠢᠨ ᠮᠠᠰᠢᠨ ᠲᠡᠷᠭᠡ ᠪᠠᠷ ᠭᠤᠤᠯ ᠴᠣᠭᠴᠠ ᠪᠣᠯᠭᠠᠭᠰᠠᠨ᠂ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ ᠪᠠᠷ | ᠪᠣᠯᠵᠣᠬᠤ ᠲᠡᠷᠭᠡ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠭᠰᠡᠨ᠂ ᠠᠭᠤᠰᠤᠯᠴᠠᠨ ᠬᠥᠭᠵᠢᠬᠦ ᠰᠠᠶᠢᠨ ᠰᠠᠶᠢᠬᠠᠨ | ᠪᠠᠶᠢᠳᠠᠯ ᠢ ᠪᠣᠶ ᠪᠣᠯᠭᠠᠬᠤ ᠶᠢ ᠠᠬᠢᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠳᠥᠭᠦᠮ ᠳᠥᠲᠡ | ᠪᠣᠯᠵᠣ᠂ ᠶᠠᠪᠤᠵᠤ ᠰᠠᠭᠤᠬᠤ ᠳᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠠᠶᠢᠪᠤᠩ | ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠪᠡ᠃ | ᠲᠦᠷᠪᠡ ᠳᠤ᠂ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠠᠨᠳᠤᠰᠢ ᠰᠠᠶᠢᠨ᠂ ᠢᠷᠡᠭᠡᠳᠦᠢ ᠭᠡᠭᠡᠨ | ᠰᠠᠷᠠᠭᠤᠯ ᠪᠠᠶᠢᠨ᠎ᠠ᠃ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ | ᠲᠤᠷᠰᠢᠯᠲᠠ ᠶᠢᠨ ᠬᠤᠲᠠ ᠳᠤ ᠠᠮᠵᠢᠯᠲᠠ ᠲᠠᠢ ᠵᠢᠭᠰᠠᠭᠠᠭᠳᠠᠵᠤ᠂ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠣᠯᠠᠨ | ᠲᠠᠰ ᠳᠠᠪᠬᠤᠷᠭ᠎ᠠ ᠪᠠᠷ ᠳᠡᠮᠵᠢᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃ 2 ᠪᠠᠷᠠᠭᠠᠨ ᠤ ᠭᠦᠢᠯᠭᠡᠭᠡᠨ ᠤ ᠠᠵᠤ | ᠠᠬᠤᠶᠢᠯᠠᠯ ︽ᠥᠪᠡᠷᠲᠡᠭᠡᠨ ᠵᠠᠰᠠᠬᠤ ᠣᠷᠣᠨ ᠤ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠨᠢᠭᠡ ᠲᠠᠩ | ᠳᠦᠷᠢᠮ ᠤᠨ ᠲᠤᠷᠰᠢᠯᠲᠠ ᠶᠢᠨ ᠴᠡᠭ ᠤᠨ ᠢᠨᠵᠧᠨᠧᠷᠢᠩ ᠤᠨ ᠠᠵᠤ ᠠᠬᠤᠶᠢᠯᠠᠯ︾ ᠳᠤ ᠠᠮᠵᠢᠯᠲᠠ ᠲᠠᠢ ᠣᠷᠣᠵᠤ᠂ | ᠲᠣᠮᠣ ᠳᠤᠮᠳᠠ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠵᠠᠯᠭᠠᠭ᠎ᠠ ᠪᠠᠷ ᠪᠤᠭᠤᠲᠤ ᠳᠤ | ᠰᠠᠭᠤᠷᠢᠰᠢᠵᠦ᠂ ᠪᠥᠬᠦ ᠬᠤᠲᠠ ᠶᠢᠨ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠠᠵᠤ | ᠠᠬᠤᠶ ᠶᠢ ᠪᠤᠶᠢᠵᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠮᠠᠨ ᠤ ᠬᠤᠲᠠ ᠶᠢᠨ ᠠᠵᠤ ᠠᠬᠤᠶ ᠶᠢᠨ ᠰᠢᠨ᠎ᠡ | ᠨᠡᠮᠡᠭᠳᠡᠯ ᠤᠨ ᠴᠡᠭ ᠪᠣᠯᠤᠭᠰᠠᠨ ᠪᠠᠶᠢᠨ᠎ᠠ᠃ | ᠲᠠᠪᠤ ᠳᠤ᠂ ᠠᠵᠢᠯ ᠲᠥᠷᠥᠯ ᠤᠨ ᠵᠠᠰᠠᠯᠲᠠ ᠵᠢᠷᠤᠮᠵᠢᠯ ᠲᠠᠢ ᠡᠮᠬᠢ ᠵᠢᠷᠤᠮ ᠲᠠᠢ᠂ ᠦᠷ᠎ᠡ ᠪᠦᠲᠦᠮᠵᠢ ᠪᠠᠷ | ᠢᠯᠡᠷᠬᠡᠢ ᠪᠠᠶᠢᠨ᠎ᠠ᠃ ᠵᠠᠰᠠᠮᠠᠯ ᠵᠠᠮ ᠢ ᠨᠠᠷᠢᠯᠢᠭᠵᠢᠭᠤᠯᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠥᠷᠨᠢᠭᠦᠯᠵᠦ᠂ | ᠵᠠᠰᠠᠮᠠᠯ ᠵᠠᠮ ᠤᠨ ᠲᠣᠭᠤᠷᠢᠨ ᠪᠠᠶᠢᠴᠠᠭᠠᠬᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠢ | ᠵᠢᠷᠤᠮᠵᠢᠭᠤᠯᠤᠨ ᠥᠷᠨᠢᠭᠦᠯᠵᠦ᠂ ᠵᠠᠮ ᠤᠨ ᠬᠡᠪᠴᠢᠶᠡᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ | ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠰᠢᠯᠢᠳᠡᠭ ᠵᠠᠮ ᠤᠨ ᠨᠣᠷᠮ᠎ᠠ ᠶᠢ 85% ᠳᠤ ᠬᠦᠷᠭᠡᠪᠡ᠃ | ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠥᠨᠳᠥᠷ ᠳᠠᠷᠤᠯᠲᠠᠲᠤ ᠪᠠᠶᠢᠳᠠᠯ ᠢ | ᠪᠠᠲᠤᠯᠠᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠲᠤᠰᠬᠠᠶ ᠠᠵᠢᠯᠯᠠᠭ᠎ᠠ ᠶᠢ | ᠥᠷᠨᠢᠭᠦᠯᠦᠨ᠂ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠪᠠᠶᠢᠴᠠᠭᠠᠨ ᠬᠡᠮᠵᠢᠬᠦ 2 ᠥᠷᠲᠡᠭᠡ ᠳᠤ ᠮᠡᠷᠭᠡᠵᠢᠯ ᠤᠨ | ᠥᠭᠡᠷᠡᠴᠢᠯᠡᠯᠲᠡ ᠬᠢᠵᠦ᠂ ᠬᠤᠲᠠ ᠲᠣᠭᠤᠷᠢᠭ ᠤᠨ ᠲᠦᠷ ᠴᠠᠭ ᠤᠨ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ | ᠵᠠᠰᠠᠬᠤ ᠴᠡᠭ ᠢ 2 ᠪᠠᠶᠢᠭᠤᠯᠵᠤ᠂ ︽ᠨᠢᠭᠡ ᠶᠢ ᠬᠡᠲᠦᠷᠡᠭᠦᠯᠵᠦ ᠳᠥᠷᠪᠡ ᠶᠢ ᠲᠣᠷᠭᠠᠬᠤ︾ ᠪᠠ ︽ᠬᠠᠷ᠎ᠠ ᠲᠠᠩᠰᠠ︾ | ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠨ᠂ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠬᠠᠮᠲᠤᠷᠠᠨ | ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠵᠣᠬᠢᠴᠠᠮᠵᠢ ᠶᠢ ᠪᠠᠶᠢᠭᠤᠯᠵᠤ᠂ ᠣᠷᠳᠣ ᠬᠤᠭᠤᠴᠠᠭ᠎ᠠ ᠪᠠᠷ | ᠰᠤᠯᠠᠷᠠᠭᠤᠯᠤᠯ ᠥᠬᠡᠶ ᠪᠠᠷ ᠪᠠᠶᠢᠩᠭᠤ ᠠᠳᠬᠤᠵᠤ᠂ ᠣᠷᠳᠣ ᠬᠤᠭᠤᠴᠠᠭ᠎ᠠ ᠪᠠᠷ ᠪᠠᠷᠢᠮᠳᠠᠯᠠᠵᠤ ᠪᠣᠢ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ︽ᠵᠠᠮ ᠨᠡᠭᠡᠭᠡᠬᠦ ᠬᠤᠰᠢᠭᠤᠴᠢ︾ | ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠵᠤ᠂ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ | ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠪᠤᠭᠤᠲᠤ ᠬᠤᠲᠠ ᠶᠢᠨ ︽ᠳᠡᠯᠡᠬᠡᠶ ᠶᠢᠨ ᠬᠤᠪᠣᠷ | ᠰᠢᠷᠣᠶ ᠶᠢᠨ ᠬᠤᠲᠠ︾ ᠪᠠ ︽ᠳᠡᠯᠡᠬᠡᠶ ᠶᠢᠨ ᠪᠣᠬᠢᠷᠲᠤᠯ ᠥᠬᠡᠶ ᠴᠠᠬᠢᠭᠤᠷ ᠤᠨ ᠬᠤᠲᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢ | ᠴᠢᠩᠭᠠᠳᠬᠠᠨ᠂ ᠠᠵᠢᠯ ᠲᠥᠷᠥᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ︽18435︾ | ᠬᠥᠭᠵᠢᠯᠲᠡ ᠶᠢᠨ ᠬᠠᠷᠠᠯᠲᠠ ︵ᠲᠤᠬᠠᠶᠢᠯᠠᠪᠠᠯ᠂ ᠨᠢᠭᠡ ᠴᠦᠮ᠎ᠡ᠂ ᠨᠠᠢᠮᠠᠨ ᠨᠡᠪᠲᠡᠷᠡᠬᠦ ᠵᠠᠮ᠂ ᠳᠦᠷᠪᠡᠨ ᠲᠣᠣᠷ᠂ | ᠭᠤᠷᠪᠠᠨ ᠴᠠᠭᠠᠷᠢᠭ᠂ ᠲᠠᠪᠤᠨ ᠰᠢᠰᠲ᠋ᠧᠮᠵᠢ︶ ᠶᠢ ᠴᠢᠷᠮᠠᠶᠢᠨ ᠪᠡᠶᠡᠯᠡᠭᠦᠯᠦᠨ᠎ᠡ᠃ | ︽ᠨᠢᠭᠡ ᠴᠥᠮ᠎ᠡ︾ ᠲᠤᠬᠠᠶᠢᠯᠠᠪᠠᠯ ᠪᠥᠬᠦ ᠤᠯᠤᠰ ᠤᠨ ᠴᠢᠨᠠᠷᠲᠠᠶ ᠶᠡᠷᠦᠩᠬᠡᠶᠢᠯᠡᠭᠰᠡᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠵᠠᠩᠭᠢᠯᠠᠭ᠎ᠠ ᠶᠢᠨ ᠬᠤᠲᠠ ᠪᠠᠷ ᠭᠤᠤᠯ ᠪᠣᠯᠭᠠᠨ᠎ᠠ᠃ | ︽ᠨᠠᠢᠮᠠᠨ ᠨᠡᠪᠲᠡᠷᠡᠬᠦ ᠵᠠᠮ︾ ᠲᠤᠬᠠᠶᠢᠯᠠᠪᠠᠯ ᠬᠤᠲᠠ ᠶᠢ ᠲᠣᠭᠤᠷᠢᠭᠰᠠᠨ᠂ ᠬᠠᠲᠤᠨ ᠭᠤᠤᠯ ᠳᠠᠭᠠᠤ᠂ ᠭᠤᠤᠯ ᠢ | ᠭᠠᠲᠤᠯᠬᠤ᠂ ᠵᠢᠭᠤᠯᠴᠢᠯᠠᠯ᠂ ᠲᠣᠰᠬᠤᠨ ᠤ ᠡᠷᠦᠬᠡ ᠳᠤ ᠣᠷᠣᠬᠤ᠂ ᠡᠬᠢ ᠪᠠᠶᠠᠯᠢᠭ ᠤᠨ ᠠᠵᠤ ᠦᠢᠯᠡᠰ᠂ ᠵᠠᠮ | ᠬᠠᠷᠢᠯᠴᠠᠭᠠᠨ ᠤ ᠳᠠᠶᠢᠨ ᠤ ᠪᠡᠯᠡᠳᠬᠡᠯ ᠤᠨ ᠨᠠᠢᠮᠠᠨ ᠶᠡᠭᠡ ᠨᠡᠪᠲᠡᠷᠡᠬᠦ ᠵᠠᠮ ᠢ ᠪᠠᠶᠢᠭᠤᠯᠵᠤ᠂ ︽ᠬᠤᠶᠠᠷ ᠲᠣᠭᠤᠷᠢᠯ᠂ | ᠲᠠᠪᠤᠨ ᠭᠤᠯᠳᠤ᠂ ᠨᠠᠢᠮᠠᠨ ᠬᠥᠨᠳᠡᠯᠡᠨ︾ ᠭᠤᠣᠯ ᠱᠤᠭᠤᠮ ᠤᠨ ᠵᠠᠮ ᠤᠨ ᠲᠣᠣᠷ ᠪᠠ ︽ᠨᠢᠭᠡ ᠲᠣᠭᠤᠷᠢᠯ᠂ ᠠᠷᠪᠠᠨ | ᠨᠡᠪᠲᠡᠷᠡᠬᠦ ᠵᠠᠮ᠂ ᠬᠤᠷᠢᠨ ᠨᠢᠭᠡᠨ ᠬᠤᠯᠪᠤᠭᠠᠰᠤ︾ ᠶᠢᠨ ᠵᠢᠭᠤᠯᠴᠢᠯᠠᠯ ᠤᠨ ᠲᠣᠣᠷ ᠤᠨ ᠪᠦᠬᠦ ᠪᠢᠲᠡᠭᠦᠦ ᠴᠠᠭᠠᠷᠢᠭ ᠢ | ᠪᠡᠶᠡᠯᠡᠭᠦᠯᠵᠦ᠂ ᠵᠡᠭᠦᠨᠰᠢ ᠪᠡᠭᠡᠵᠢᠩ ᠲᠢᠶᠠᠨᠵᠢᠨ ᠾᠧᠪᠸᠢ ᠲᠠᠢ ᠬᠤᠯᠪᠣᠵᠤ᠂ ᠪᠠᠷᠠᠭᠤᠨᠰᠢ ᠪᠠᠨ ᠠᠽᠢᠶ᠎ᠠ | ᠧᠦ᠋ᠷᠣᠫᠠ ᠶᠢᠨ ᠨᠡᠪᠲᠡᠷᠡᠯ ᠵᠠᠮ ᠳᠤ ᠣᠷᠣᠵᠤ᠂ ᠡᠮᠦᠨᠡᠰᠢ ᠭᠤᠣᠯ ᠰᠤᠨᠳᠠᠯᠠᠭᠰᠠᠨ ᠪᠣᠭᠤᠮᠢ ᠶᠢ ᠨᠡᠪᠲᠡᠷᠡᠭᠦᠯᠵᠦ᠂ | ᠤᠮᠠᠷᠠᠰᠢ ᠳᠤᠮᠳᠠᠳᠤ ᠮᠣᠩᠭᠤᠯ ᠣᠷᠣᠰ ᠤᠨ ᠤᠯᠠᠨ ᠤᠯᠤᠰ ᠤᠨ ᠠᠵᠤ ᠠᠬᠤᠢ ᠶᠢᠨ ᠵᠠᠮ ᠢᠶᠠᠷ ᠠᠭᠤᠰᠤᠯᠴᠠᠭᠤᠯᠤᠨ᠎ᠠ | ᠃ ᠳᠣᠲᠣᠭᠠᠳᠤ ᠳᠤ ᠪᠢᠴᠢᠯ ᠣᠷᠴᠢᠯᠳᠤᠵᠤ᠂ ᠭᠠᠳᠠᠭᠠᠲᠤ ᠳᠤ ᠶᠡᠭᠡ ᠪᠠᠷ ᠬᠤᠯᠪᠤᠯᠳᠤᠵᠠᠢ᠃ | ︽ᠳᠥᠷᠪᠡᠨ ᠲᠣᠤᠷ︾ ᠲᠤᠬᠠᠶᠢᠯᠠᠪᠠᠯ ᠳᠡᠭᠡᠳᠦ ᠬᠤᠷᠳᠤᠴᠠᠲᠤ ᠵᠠᠰᠠᠮᠠᠯ ᠵᠠᠮ ᠢ ᠴᠠᠭᠠᠷᠢᠭᠯᠠᠵᠤ᠂ ᠨᠢᠭᠡᠳᠦᠭᠡᠷ | ᠱᠠᠲᠤ ᠶᠢ ᠬᠤᠯᠪᠤᠨ᠂ ᠪᠣᠭᠤᠮᠲᠠ ᠪᠠᠷ ᠰᠢᠭᠤᠳ ᠨᠡᠪᠲᠡᠷᠡᠬᠦ᠂ ᠪᠣᠰᠤᠭ᠎ᠠ ᠴᠣᠭᠴᠠᠲᠤ ᠬᠤᠯᠪᠣᠯᠳᠤᠭᠰᠠᠨ ᠲᠦᠷᠭᠡᠨ ᠤ | ᠵᠠᠮ ᠬᠠᠷᠢᠯᠴᠠᠭᠠᠨ ᠤ ᠲᠣᠣᠷ ᠢ ᠦᠨᠳᠦᠰᠦᠨ ᠳᠤ ᠪᠠᠨ ᠪᠠᠶᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ᠂ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ | ᠵᠢᠭᠤᠯᠴᠢᠯᠠᠯ ᠤᠨ ᠦᠵᠡᠮᠵᠢ ᠶᠢᠨ ᠣᠷᠣᠨ᠂ ᠨᠡᠯᠢᠶᠡᠳ ᠶᠡᠭᠡ ᠠᠶᠢᠯ ᠲᠣᠰᠬᠤᠨ ᠤ ᠵᠠᠰᠠᠮᠠᠯ ᠵᠠᠮ ᠢ ᠨᠡᠶᠢᠳᠡᠮ | ᠪᠦᠷᠬᠦᠭᠦᠯᠬᠦ ᠵᠠᠮ ᠬᠠᠷᠢᠯᠴᠠᠭᠠᠨ ᠤ ᠰᠠᠭᠤᠷᠢ ᠲᠣᠣᠷ ᠢ ᠦᠨᠳᠦᠰᠦᠨ ᠳᠤ ᠪᠠᠨ ᠪᠠᠶᠢᠭᠤᠯᠵᠤ᠂ ᠠᠵᠤ ᠦᠢᠯᠡᠰ ᠤᠨ | ᠠᠭᠤᠰᠤᠯᠴᠠᠯ᠂ ᠴᠢᠳᠠᠮᠵᠢ ᠶᠢᠨ ᠬᠠᠷᠢᠯᠴᠠᠨ ᠨᠥᠬᠦᠪᠥᠷᠢᠯᠡᠭᠰᠡᠨ᠂ ᠣᠷᠣᠨ ᠪᠦᠰᠡ ᠬᠠᠮᠵᠢᠯᠴᠠᠭᠰᠠᠨ᠂ ᠵᠣᠯᠭᠠᠯᠲᠠ ᠨᠢ | ᠰᠢᠭᠤᠳ ᠰᠢᠯᠤᠭᠤᠨ ᠶᠡᠷᠦᠩᠬᠡᠶᠢᠯᠡᠭᠰᠡᠨ ᠪᠠᠷᠠᠭᠠᠨ ᠤ ᠲᠡᠭᠡᠭᠡᠪᠦᠷᠢ ᠶᠢᠨ ᠵᠠᠩᠭᠢᠯᠠᠭ᠎ᠠ ᠶᠢᠨ ᠲᠣᠣᠷ ᠢ | ᠦᠨᠳᠦᠰᠦᠨ ᠳᠤ ᠪᠠᠨ ᠪᠠᠶᠢᠭᠤᠯᠵᠤ᠂ ᠲᠣᠰᠬᠤᠨ ᠪᠣᠯᠭᠠᠨ ᠳᠤ ᠡᠭᠡᠯᠵᠢ ᠶᠢᠨ ᠲᠡᠷᠭᠡ ᠨᠡᠪᠲᠡᠷᠡᠬᠦ᠂ ᠤᠢᠢᠷ᠎ᠠ | ᠲᠡᠭᠦᠷᠭᠡ ᠳᠤ ᠨᠡᠶᠢᠲᠡ ᠶᠢᠨ ᠵᠠᠮ ᠬᠠᠷᠢᠯᠴᠠᠭ᠎ᠠ᠂ ᠶᠠᠪᠤᠵᠤ ᠰᠠᠭᠤᠬᠤ ᠳᠤ ᠵᠠᠬᠢᠶᠠᠯᠠᠨ ᠦᠢᠯᠡᠳᠬᠦ ᠮᠠᠶ᠋ᠢᠭ ᠤᠨ | ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠣᠣᠷ ᠢ ᠦᠨᠳᠦᠰᠦᠨ ᠳᠤ ᠪᠠᠨ ᠪᠠᠶᠢᠭᠤᠯᠤᠨ᠎ᠠ᠃ | ︽ᠭᠤᠷᠪᠠᠨ ᠴᠠᠭᠠᠷᠢᠭ︾ ᠲᠤᠬᠠᠶᠢᠯᠠᠪᠠᠯ ᠬᠤᠲᠠ ᠶᠢᠨ ᠬᠡᠪᠴᠢᠶᠡᠨ ᠳᠤ 1 ᠴᠠᠭ ᠲᠤ ᠠᠵᠢᠯ ᠳᠤ ᠭᠠᠷᠬᠤ | ᠴᠠᠭᠠᠷᠢᠭ ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ ᠰᠦᠷᠦᠭᠵᠢᠯ ᠤᠨ 2 ᠴᠠᠭ ᠲᠤ | ᠬᠤᠯᠪᠣᠭᠠᠯᠠᠨ ᠬᠥᠳᠡᠯᠦᠯᠴᠡᠬᠦ ᠴᠠᠭᠠᠷᠢᠭ᠂ ᠤᠯᠤᠰ ᠤᠨ ᠳᠣᠲᠣᠭᠠᠳᠤ ᠶᠢᠨ ᠭᠤᠤᠯ ᠪᠣᠯᠬᠤ ᠬᠤᠲᠠ ᠶᠢᠨ 3 ᠴᠠᠭ ᠲᠤ | ᠨᠡᠪᠲᠡᠷᠡᠬᠦ ᠴᠠᠭᠠᠷᠢᠭ ᠪᠣᠯᠣᠨ᠎ᠠ᠃ | ︽ᠲᠠᠪᠤᠨ ᠰᠢᠰᠲ᠋ᠧᠮᠵᠢ︾ ᠲᠣᠬᠠᠶᠢᠯᠠᠪᠠᠯ ᠠᠮᠤᠷ ᠲᠦᠪᠰᠢᠨ᠂ ᠳᠥᠭᠦᠮ ᠳᠥᠲᠡ᠂ ᠥᠨᠳᠥᠷ ᠪᠦᠲᠦᠮᠵᠢᠲᠡᠶ᠂ | ᠪᠣᠬᠢᠷᠲᠤᠯ ᠥᠬᠡᠶ᠂ ᠠᠵᠤ ᠠᠬᠤᠶ ᠶᠢᠨ ᠣᠳᠣᠬᠢᠴᠢᠯᠠᠭᠰᠠᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮ ᠢ | ᠪᠠᠶᠢᠭᠤᠯᠤᠨ᠎ᠠ᠃ | ᠪᠢᠳᠡ 3 — 5 ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠪᠤᠭᠤᠲᠤ ᠶᠢ ᠳᠤᠮᠳᠠ ᠪᠠᠷᠠᠭᠤᠨ | ᠣᠷᠣᠨ ᠤ ᠴᠢᠬᠤᠯᠠ ᠬᠠᠭᠤᠷᠠᠶ ᠵᠠᠮ ᠤᠨ ᠵᠠᠮ ᠬᠠᠷᠢᠯᠴᠠᠭᠠᠨ ᠤ ᠵᠠᠩᠭᠢᠯᠠᠭ᠎ᠠ ᠪᠣᠯᠤᠨ ᠥᠪᠡᠷᠲᠡᠭᠡᠨ ᠵᠠᠰᠠᠬᠤ | ᠣᠷᠣᠨ ᠠᠴᠠ ᠪᠠᠷᠠᠭᠤᠨᠰᠢ᠂ ᠤᠮᠠᠷᠠᠰᠢ ᠨᠡᠭᠡᠭᠡᠯᠲᠡ ᠬᠢᠬᠦ ︽ᠪᠠᠬᠢᠯᠡᠯᠲᠡ︾ ᠪᠣᠯᠭᠠᠨ ᠪᠠᠶᠢᠭᠤᠯᠵᠤ᠂ ︽ᠬᠤᠶᠠᠷ ᠲᠥᠪ | ︾ ᠤᠨ ᠪᠦᠲᠦᠭᠡᠨ ᠪᠠᠶᠢᠭᠤᠯᠤᠯᠲᠠ ᠳᠤ ᠤᠯᠠᠮ ᠨᠢᠭᠡ ᠠᠯᠬᠤᠮ ᠲᠤᠯᠭᠠᠭᠤᠷᠢᠯᠠᠨ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ᠂ ︽ᠲᠠᠪᠤᠨ ᠶᠡᠭᠡ ᠡᠭᠦᠷᠭᠡ︾ ᠶᠢᠨ | ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃ | ᠬᠥᠲᠥᠯᠦᠭᠴᠢ᠄ ᠬᠠᠮᠤᠭ ᠡᠴᠦᠰ ᠲᠤ ᠪᠦᠯᠬᠦᠮ ᠳᠠᠭᠠᠭᠤᠯᠵᠤ ᠪᠦᠬᠦᠢ ᠤᠳᠤᠷᠢᠳᠤᠯᠭ᠎ᠠ ᠠᠴᠠ ᠬᠢᠨᠠᠯᠲᠠ | ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠨ᠎ᠡ᠃ ᠰᠤᠷᠪᠤᠯᠵᠢᠯᠠᠭᠳᠠᠭᠴᠢ ᠭᠦᠸᠧ ᠾᠦᠢ ᠸᠧᠨ᠄ | ᠮᠠᠨ ᠤ ᠢᠯᠡᠴᠢᠯᠡᠨ ᠮᠡᠳᠡᠭᠦᠯᠬᠦ ᠤᠲᠠᠰᠤ 12328 ᠪᠠᠶᠢᠵᠤ᠂ ᠥᠷᠭᠡᠨ ᠣᠯᠠᠨ ᠰᠣᠨᠣᠰᠤᠭᠴᠢᠳ ᠤᠨ ᠮᠠᠨ ᠤ | ᠠᠵᠢᠯ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠶ᠎ᠠ᠃ |