ᠸᠠᠩ ᠷᠦᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/16
     8 ᠰᠠᠷ᠎ᠠ ᠶᠢᠨ 6 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      ᠸᠠᠩ ᠷᠦᠢ ᠤᠷᠢᠳ ᠬᠤᠵᠢᠳ ᠮᠢᠩᠭᠠᠨ ᠮᠦ ᠯᠠᠵᠤᠤ ᠶᠢᠨ ᠵᠢᠱᠢᠶ᠎ᠡ ᠦᠵᠡᠭᠦᠯᠬᠦ ᠲᠠᠷᠢᠮᠠᠯ ᠤᠨ ᠣᠷᠣᠨ᠂ ᠡᠷᠳᠡᠨᠢ ᠰᠢᠰᠢ ᠶᠢᠨ ᠮᠢᠩᠭᠠᠨ ᠮᠦ ᠲᠥᠬᠦᠭᠡᠷᠦᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠳ᠋ᠦᠩ ᠾᠧ ᠲᠣᠭᠤᠷᠢᠭ ᠤᠨ ᠬᠠᠲᠤᠨ ᠭᠤᠣᠯ ᠤᠨ ︽ᠬᠡᠳᠦᠨ ᠦᠰᠦᠭ ᠮᠤᠷᠤᠢ︾ ᠶᠢᠨ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠴᠢᠨᠠᠷ ᠰᠠᠶᠢᠲᠠᠢ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠰᠠᠷᠠᠴᠢᠨ ᠮᠢᠩᠭᠠᠨ ᠮᠦ ᠥᠨᠳᠥᠷ ᠦᠷ᠎ᠡ ᠠᠰᠢᠭ ᠲᠠᠢ ᠣᠶᠤᠨᠴᠢ ᠤᠰᠤ ᠪᠣᠷᠳᠣᠭᠤᠷ ᠢ ᠨᠢᠭᠡ ᠴᠤᠭᠴᠠᠵᠢᠭᠤᠯᠤᠭᠰᠠᠨ ᠵᠢᠱᠢᠶ᠎ᠡ ᠦᠵᠡᠭᠦᠯᠬᠦ ᠬᠦᠷᠢᠶᠡᠯᠡᠩ ᠳᠤ ᠬᠦᠷᠴᠦ᠂ ᠮᠠᠨ ᠤ ᠲᠣᠭᠤᠷᠢᠭ ᠤᠨ ᠪᠡᠯᠡᠳᠭᠡᠮᠵᠢᠳᠤ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠬᠠᠮᠢᠶᠠᠷᠤᠯᠲᠠ ᠶᠢᠨ ᠵᠠᠭᠪᠤᠷ᠂ ᠢᠳᠡᠰᠢᠨ ᠨᠣᠭᠤᠭ᠎ᠠ ᠶᠢᠨ ᠭᠠᠷᠤᠯᠲᠠ᠂ ᠵᠠᠬ᠎ᠠ ᠳᠡᠯᠭᠡᠭᠦᠷ ᠤᠨ ᠡᠵᠡᠩᠨᠡᠯᠲᠡ ᠵᠡᠷᠭᠡ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠬᠤ ᠶᠢᠨ ᠬᠠᠮᠲᠤ ᠠᠵᠢᠯ ᠤᠨ ᠱᠠᠭᠠᠷᠳᠠᠯᠭ᠎ᠠ ᠳᠤᠷᠠᠳᠪᠠ᠃      ᠸᠠᠩ ᠷᠦᠢ ᠬᠡᠯᠡᠬᠦ ᠳᠡᠭᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠪᠣᠯ ᠬᠠᠮᠲᠤ ᠪᠠᠷ ᠴᠢᠨᠡᠭᠡᠯᠢᠭᠵᠢᠬᠦ ᠰᠠᠭᠤᠷᠢ ᠶᠢ ᠪᠠᠬᠢᠵᠢᠭᠦᠯᠬᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠵᠠᠪᠠᠯ ᠶᠠᠪᠤᠬᠤ ᠵᠠᠮ ᠮᠥᠨ᠃ ᠠᠵᠤ ᠦᠶᠢᠯᠡᠰᠵᠢᠭᠰᠡᠨ ᠰᠡᠳᠬᠢᠬᠦᠶ ᠪᠠᠷ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠪᠡᠯᠡᠳᠭᠡᠮᠵᠢᠳᠤ ᠲᠠᠷᠢᠶᠠᠯᠠᠩ ᠤᠨ ᠬᠡᠪᠴᠢᠶᠡᠵᠢᠯᠲᠡ᠂ ᠵᠣᠬᠢᠶᠠᠨ ᠪᠠᠶᠢᠭᠤᠯᠤᠯᠳᠠᠵᠢᠯᠲᠠ᠂ ᠪᠠᠷᠢᠮᠵᠢᠶᠠᠵᠢᠭᠤᠯᠤᠯᠲᠠ᠂ ᠨᠠᠷᠠᠲᠤ ᠲᠡᠮᠳᠡᠭᠵᠢᠯᠲᠡ᠂ ᠪᠣᠬᠢᠷᠲᠤᠯ ᠥᠬᠡᠶ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠲᠤᠨ ᠭᠤᠤᠯ ᠤᠨ ︽ᠬᠡᠳᠦᠨ ᠦᠰᠦᠭ︾ ᠢᠳᠡᠰᠢᠨ ᠨᠣᠭᠤᠭᠠᠨ ᠤ ᠰᠠᠭᠤᠷᠢᠨ ᠭᠠᠵᠠᠷ ᠤᠨ ᠪᠠᠶᠢᠷᠢ ᠰᠠᠭᠤᠷᠢ ᠶᠢ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠶ ᠪᠠᠷ ᠡᠭᠦᠳᠦᠨ ᠪᠠᠶᠢᠭᠤᠯᠬᠤ ᠬᠡᠷᠡᠭᠲᠡᠶ᠃ ᠴᠢᠬᠢ ᠪᠤᠶᠢᠵᠢᠭᠤᠯᠬᠤ᠂ ᠲᠠᠷᠢᠬᠤ ᠠᠴᠠ ᠡᠳ᠋ᠰᠢᠭᠦᠯᠬᠦ᠂ ᠪᠣᠷᠣᠯᠠᠭᠤᠯᠬᠤ ᠬᠦᠷᠲᠡᠯᠡᠬᠢ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠥᠨᠢ ᠤᠳᠠᠭᠠᠨ ᠪᠣᠷᠣᠯᠠᠭᠤᠯᠭ᠎ᠠ ᠰᠠᠶᠢᠲᠠᠢ᠂ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ︽ᠮᠢᠩᠭ᠎ᠠ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ ᠬᠠᠮᠢᠶᠠᠷᠤᠯᠲᠠ᠂ ᠡᠵᠡᠩᠨᠡᠯᠲᠡ᠂ ᠦᠢᠯᠡᠴᠢᠯᠡᠭᠡ ᠶᠢ ᠨᠢᠭᠡ ᠴᠤᠭᠴᠠᠵᠢᠭᠤᠯᠤᠨ ᠠᠬᠢᠭᠤᠯᠵᠤ᠂ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠬᠠᠮᠲᠤᠪᠠᠷ ᠵᠢᠷᠤᠬᠤ ᠬᠡᠷᠡᠭᠲᠡᠢ᠃      ᠲᠣᠭᠤᠷᠢᠭ ᠤᠨ ᠤᠳᠤᠷᠢᠳᠤᠯᠭ᠎ᠠ ᠶᠠᠩ ᠵᠢᠶᠠᠨ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠳ᠋ᠦᠩ ᠾᠧ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1