ᠳ᠋ᠦᠩ ᠾᠧ ᠲᠣᠭᠤᠷᠢᠭ᠄ ᠴᠢᠨᠠᠷ ᠰᠠᠶᠢᠲᠠᠶ ᠡᠬᠢ ᠪᠠᠶᠠᠯᠢᠭ ᠢ ᠳᠣᠷᠣᠭᠰᠢ ᠪᠠᠭᠤᠯᠭᠠᠵᠤ ᠣᠯᠠᠨ ᠲᠦᠮᠡᠨ ᠢ ᠨᠠᠩ  ᠰᠠᠶᠢᠨ︽ᠡᠮᠨᠡᠯᠭᠡ︾ ᠳᠤ ᠲᠦᠰᠢᠭᠯᠡᠨ᠎ᠡ
ᠨᠡᠶᠢᠲᠡᠯᠡᠭᠰᠡᠨ ᠴᠠᠭ᠄
2024/8/19
   ᠭᠤᠷᠪᠠᠳᠤᠭᠠᠷ ᠬᠥᠬᠡ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠦᠨᠳᠦᠰᠦᠨ ᠱᠠᠲᠤᠨ ᠳᠤ ᠪᠠᠭᠤᠵᠤ᠂ ᠡᠪᠡᠳᠴᠢᠲᠡᠨ ᠳᠤ ᠡᠮᠴᠢᠯᠡᠭᠡ ᠬᠢᠵᠦ ᠥᠭᠬᠦ ᠪᠠᠷ ᠪᠠᠷᠠᠬᠤ ᠦᠭᠡᠶ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶᠠᠨ ᠳᠤ ᠮᠡᠰᠡ ᠵᠠᠰᠠᠯ ᠬᠢᠵᠦ᠂ ᠰᠠᠭᠠᠳ ᠦᠭᠡᠶ ᠰᠢᠯᠵᠢᠭᠦᠯᠦᠨ ᠡᠮᠨᠡᠭᠦᠯᠬᠦ ᠵᠠᠮ ᠢ ᠨᠡᠭᠡᠭᠡᠵᠦ ᠡᠪᠡᠳᠴᠢᠲᠡᠨ᠂ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶᠠᠨ ᠳᠤ ᠪᠣᠯ ᠭᠤᠷᠪᠠᠳᠤᠭᠠᠷ ᠬᠥᠬᠡ ᠡᠮᠨᠡᠯᠭᠡ ᠶᠢᠨ ᠬᠤᠷᠢᠶᠠᠨ ᠤ ᠡᠮᠴᠢ ᠶᠢᠨ ᠣᠨᠣᠰᠢᠯᠠᠨ ᠵᠠᠰᠠᠬᠤ ᠦᠢᠯᠡᠴᠢᠯᠡᠭᠡ ᠶᠢ ᠬᠦᠯᠢᠶᠡᠨ᠎ᠡ᠃ ᠳ᠋ᠦᠩ ᠾᠧ ᠲᠣᠭᠤᠷᠢᠭ ᠤᠨ ᠨᠢᠭᠲᠠ ᠬᠡᠯᠪᠡᠷᠢ ᠶᠢᠨ ᠡᠮᠴᠢᠯᠡᠭᠡᠨ ᠤ ᠪᠦᠯᠦᠭᠯᠡᠯ ᠢ ᠲᠦᠷᠭᠡᠳᠬᠡᠨ ᠪᠠᠶᠢᠭᠤᠯᠵᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠳᠠᠭᠠᠯᠳᠤᠨ᠂ ᠠᠷᠠᠳ ᠢᠷᠭᠡᠳ ︽ᠬᠡᠷ ᠤᠨ ᠡᠭᠦᠳᠡ︾ ᠪᠠᠷ ᠡᠪᠡᠳᠴᠢᠨ ᠦᠵᠡᠭᠦᠯᠵᠦ ᠳᠡᠶᠢᠯᠬᠦ᠂ ᠡᠪᠡᠳᠴᠢᠨ ᠢᠶᠠᠨ ᠰᠠᠶᠢᠲᠤᠷ ᠦᠵᠡᠵᠦ ᠴᠢᠳᠠᠬᠤ ᠪᠣᠯᠵᠤ᠂ ᠵᠢᠷᠤᠭ ᠲᠥᠯᠥᠪᠯᠡᠭᠡ ᠠᠴᠠ ᠠᠯᠬᠤᠮ ᠠᠯᠬᠤᠮ ᠢᠶᠠᠷ ᠪᠣᠳᠠᠲᠤ ᠦᠵᠡᠮᠵᠢ ᠪᠣᠯᠵᠤ ᠬᠤᠪᠢᠷᠠᠪᠠ᠃
   ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠬᠦᠷᠦᠯᠴᠡᠬᠦ ᠥᠬᠡᠶ᠂ ᠲᠠᠷᠬᠠᠯᠲᠠ ᠲᠡᠭᠰᠢ ᠪᠤᠰᠤ ᠪᠠᠶᠢᠬᠤ ᠣᠳᠣᠬᠢ ᠪᠠᠶᠢᠳᠠᠯ ᠳᠤ ᠴᠢᠭᠯᠡᠭᠦᠯᠦᠨ᠂ ᠳ᠋ᠦᠩ ᠾᠧ ᠲᠣᠭᠤᠷᠢᠭ ᠤᠨ ᠬᠢᠨ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ︽ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠲᠦᠷᠢᠮ︾ ᠳᠤ ᠵᠠᠰᠠᠪᠤᠷᠢ ᠣᠷᠣᠭᠤᠯᠵᠤ᠂ ᠪᠦᠯᠦᠭᠯᠡᠯ ᠤᠨ ᠨᠠᠮ ᠤᠨ ᠬᠤᠷᠢᠶ᠎ᠠ᠂ ᠬᠡᠷᠡᠭ ᠡᠷᠬᠢᠯᠡᠭᠴᠢᠳ ᠤᠨ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ ᠂ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃ ᠪᠤᠭᠤᠲᠤ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠤ ᠳᠠᠷᠤᠭ᠎ᠠ ᠯᠢᠶᠠᠩ ᠯᠦ ᠶᠢ ᠳ᠋ᠦᠩ ᠾᠧ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠪᠠᠷ ᠤᠷᠢᠵᠤ ᠲᠣᠮᠢᠯᠠᠵᠤ᠂ ᠬᠤᠲᠠ ᠶᠢᠨ ᠨᠢᠭᠲᠠ ᠬᠡᠯᠪᠡᠷᠢ ᠶᠢᠨ ᠡᠮᠴᠢᠯᠡᠭᠡᠨ ᠤ ᠪᠦᠯᠦᠭᠯᠡᠯ ᠤᠨ ᠠᠵᠢᠯ ᠢ ᠭᠦᠨᠵᠡᠭᠡᠶᠢᠷᠡᠭᠦᠯᠦᠨ᠂ ᠬᠠᠮᠢᠶᠠᠷᠤᠯᠲᠠ ᠶᠢ ᠰᠢᠯᠢᠳᠡᠭᠵᠢᠭᠦᠯᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠬᠠᠮᠲᠤ ᠪᠠᠷ ᠳᠡᠭᠡᠭᠰᠢᠯᠡᠭᠦᠯᠪᠡ︔ ᠪᠤᠭᠤᠲᠤ ᠶᠢᠨ ᠡᠮᠨᠡᠯᠭᠡ ᠶᠢᠨ ᠳᠡᠭᠡᠳᠦ ᠰᠤᠷᠭᠠᠭᠤᠯᠢ᠂ ᠲᠣᠭᠤᠷᠢᠭ ᠲᠤ ᠰᠠᠭᠤᠭ᠎ᠠ ᠡᠯ᠎ᠡ ᠬᠤᠲᠠ ᠶᠢᠨ ᠬᠠᠷᠢᠶ᠎ᠠ ᠡᠮᠨᠡᠯᠭᠡ ᠶᠢᠨ ᠬᠤᠷᠢᠶ᠎ᠠ ᠶᠢ ᠤᠷᠢᠵᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠲᠠ᠂ ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠨ ᠬᠠᠮᠲᠤ ᠪᠠᠷ ᠪᠠᠶᠢᠭᠤᠯᠬᠤ ᠶᠢ ᠠᠬᠢᠭᠤᠯᠬᠤ ᠶᠢᠨ ᠲᠣᠭᠤᠷᠢᠨ ᠳᠤ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠬᠤ ᠲᠤᠬᠠᠢ ᠶᠠᠷᠢᠯᠴᠠᠨ ᠰᠣᠯᠢᠯᠴᠠᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠬᠤᠲᠠ ᠶᠢᠨ ᠬᠠᠷᠢᠶ᠎ᠠ ᠡᠮᠨᠡᠯᠭᠡ ᠶᠢᠨ ᠬᠤᠷᠢᠶ᠎ᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠳ᠋ᠦᠩ ᠾᠧ ᠲᠣᠭᠤᠷᠢᠭ ᠤᠨ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠨᠢᠭᠡᠨᠲᠡ ᠬᠤᠲᠠ ᠶᠢᠨ ᠵᠢᠷᠭᠤᠳᠤᠭᠠᠷ ᠡᠮᠨᠡᠯᠭᠡ ᠶᠢᠨ ᠬᠤᠷᠢᠶ᠎ᠠ ᠶᠢᠨ ᠣᠶᠤᠨ ᠤ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠬᠤᠯᠪᠣᠭ᠎ᠠ ᠳᠤ ᠣᠷᠣᠪᠠ︔ ᠳ᠋ᠦᠩ ᠾᠧ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠡᠪᠡᠳᠴᠢᠯᠡᠬᠦ ᠠᠴᠠ ᠤᠷᠢᠲᠠ ᠰᠡᠷᠭᠡᠶᠢᠯᠡᠨ ᠵᠠᠰᠠᠬᠤ ᠲᠤᠰᠬᠠᠶ ᠮᠡᠷᠭᠡᠵᠢᠯ ᠤᠨ ᠬᠤᠯᠪᠣᠭᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠤᠮᠳᠠ ᠡᠮᠴᠢ ᠠᠴᠠ ᠤᠷᠢᠳᠴᠢᠯᠠᠨ ᠡᠮᠨᠡᠬᠦ᠂ ᠡᠷᠡᠭᠦᠯᠵᠢᠭᠦᠯᠬᠦ ᠲᠤᠬᠠᠶᠢᠯᠠᠭᠰᠠᠨ ᠠᠵᠢᠯ ᠢ ᠲᠦᠷᠭᠡᠳᠬᠡᠪᠡ︔ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠬᠢᠭᠡᠳ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠵᠡᠭᠦᠨ ᠥᠷᠲᠡᠭᠡ ᠵᠡᠭᠡᠯᠢ ᠭᠤᠳᠤᠮᠵᠢ ᠶᠢᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠤᠯᠤᠰ ᠤᠨ ᠲᠠᠰ ᠤᠨ ᠰᠦᠷᠢᠶ᠎ᠡ ᠥᠬᠡᠶ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠬᠠᠮᠲᠤᠪᠠᠷ ᠠᠬᠢᠭᠤᠯᠪᠠ᠃
    ᠡᠮᠨᠡᠯᠭᠡ ᠶᠢᠨ ᠬᠤᠷᠢᠶᠠᠨ ᠤ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠳ᠋ ᠤᠨ ᠶᠠᠪᠤᠳᠠᠯ ᠂ ᠠᠵᠢᠯᠲᠠᠨ ᠤ ᠶᠠᠪᠤᠳᠠᠯ᠂ ᠡᠮ ᠡᠮᠨᠡᠯᠭᠡ᠂ ᠰᠤᠪᠢᠯᠠᠯᠲᠠ ᠵᠡᠷᠭᠡ ᠭᠤᠤᠯᠯᠠᠭᠴᠢ ᠬᠦᠴᠦᠨ ᠤ ᠲᠤᠬᠠᠶᠢᠯᠠᠭᠰᠠᠨ ᠠᠵᠢᠯ ᠤᠨ ᠬᠦᠴᠦᠨ ᠢᠶᠠᠷ ᠳᠡᠮᠵᠢᠬᠦ ᠪᠦᠯᠬᠦᠮ ᠢ ᠲᠣᠮᠢᠯᠠᠨ ᠰᠠᠭᠤᠯᠭᠠᠪᠠ︔ ᠮᠡᠷᠭᠡᠵᠢᠯ ᠤᠨ ᠴᠢᠳᠠᠪᠤᠷᠢ ᠶᠢᠨ ᠳᠡᠭᠡᠭᠰᠢᠯᠡᠯᠲᠡ ᠶᠢ ᠴᠢᠩᠭᠠᠳᠬᠠᠵᠤ᠂ ᠬᠤᠲᠠ ᠶᠢᠨ ᠲᠥᠪ ᠡᠮᠨᠡᠯᠭᠡ ᠶᠢᠨ ᠬᠤᠷᠢᠶᠠᠨ ᠤ ᠲᠣᠮᠢᠯᠠᠨ ᠰᠠᠭᠤᠯᠭᠠᠭᠰᠠᠨ ᠪᠦᠯᠬᠦᠮ ᠨᠡᠶᠢᠲᠡ ᠠᠴᠠ ᠲᠣᠭᠤᠷᠢᠭ ᠤᠨ ᠡᠮᠨᠡᠯᠭᠡ ᠶᠢᠨ ᠬᠤᠷᠢᠶᠠᠨ ᠳᠤ ᠡᠮᠴᠢᠯᠡᠭᠡᠨ ᠤ ᠶᠠᠰᠤ ᠴᠢᠨᠠᠷ ᠢ ᠬᠢᠨᠠᠨ ᠵᠢᠯᠣᠭᠤᠳᠴᠤ᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠡᠮᠴᠢ ᠶᠢ ᠡᠭᠡᠯᠵᠢᠯᠡᠨ ᠪᠣᠯᠪᠠᠰᠤᠷᠠᠭᠤᠯᠬᠤ ᠳᠦᠷᠢᠮ ᠢ ᠲᠣᠭᠲᠠᠭᠠᠵᠤ᠂ ᠨᠢᠭᠡᠨᠲᠡ 3 ᠡᠮᠴᠢ ᠶᠢ ᠰᠣᠩᠭᠤᠨ ᠲᠣᠮᠢᠯᠠᠵᠤ ᠲᠥᠪ ᠡᠮᠨᠡᠯᠭᠡ ᠶᠢᠨ ᠬᠤᠷᠢᠶ᠎ᠠ ᠳᠤ ᠡᠮᠴᠢ ᠶᠢᠨ ᠵᠢᠷᠤᠮᠵᠢᠭᠰᠠᠨ ᠪᠣᠯᠪᠠᠰᠤᠷᠠᠯ ᠬᠢᠯᠭᠡᠪᠡ︔ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠥᠪ ᠡᠮᠨᠡᠯᠭᠡ ᠶᠢᠨ ᠬᠤᠷᠢᠶᠠᠨ ᠤ ᠳ᠋ᠤᠭᠠᠷᠯᠠᠯ ᠤᠨ ᠰᠠᠯᠠᠭᠠᠨ ᠤ ᠡᠷᠬᠢᠯᠡᠭᠴᠢ ᠨᠢ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠰᠠᠯᠠᠭ᠎ᠠ ᠲᠠᠰᠤᠭ ᠲᠤ DIP ᠳ᠋ᠤᠭᠠᠷᠯᠠᠯ ᠤᠨ ᠳᠦᠷᠢᠮ ᠤᠨ ᠪᠣᠯᠪᠠᠰᠤᠷᠠᠯ ᠬᠦᠷᠲᠡᠭᠡᠵᠦ᠂ ᠵᠢᠯᠣᠭᠤᠳᠬᠤ ᠰᠠᠯᠠᠭ᠎ᠠ ᠲᠠᠰᠤᠭ ᠨᠢ DIP ᠺᠣᠳ᠋ᠯᠡᠯ ᠤᠨ ᠠᠵᠢᠯ ᠢ ᠵᠢᠷᠤᠮᠵᠢᠭᠤᠯᠪᠠ ᠁ ᠳ᠋ᠦᠩ ᠾᠧ ᠲᠣᠭᠤᠷᠢᠭ ᠴᠢᠨᠠᠷ ᠰᠠᠢᠲᠠᠢ ᠥᠨᠳᠥᠷ ᠪᠦᠲᠦᠮᠵᠢᠲᠡᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠱᠢᠰᠲ᠋ᠧᠮ ᠢ ᠪᠦᠬᠦ ᠬᠦᠴᠦᠨ ᠢᠶᠠᠷ ᠪᠠᠢᠭᠤᠯᠤᠶ᠎ᠠ᠃
   ᠨᠠᠰᠤᠲᠠᠶᠢᠴᠤᠳ ᠤᠨ ᠠᠮᠢᠳᠤᠷᠠᠯ ᠢ ᠬᠠᠷᠠᠭᠠᠯᠵᠠᠬᠤ᠂ ᠡᠮᠴᠢᠯᠡᠭᠡᠨ ᠤ ᠦᠢᠯᠡᠴᠢᠯᠡᠭᠡ ᠶᠢᠨ ᠯᠤᠲᠤ ᠶᠡᠭᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠳ᠋ᠦᠩ ᠾᠧ ᠲᠣᠭᠤᠷᠢᠭ ᠤᠨ ᠬᠢᠨ ᠨᠠᠰᠤᠲᠠᠶᠢᠴᠤᠳ ᠤᠨ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠪᠤᠭᠤᠲᠤ ᠬᠤᠳᠠ ᠶᠢᠨ ᠲᠥᠪ ᠡᠮᠨᠡᠯᠭᠡ ᠶᠢᠨ ᠬᠤᠷᠢᠶᠠᠨ ᠤ ᠵᠡᠭᠦᠨ ᠬᠦᠷᠢᠶᠡᠯᠡᠩ ᠤᠨ ᠲᠣᠭᠤᠷᠢᠭ ︵ᠤᠤᠯ ᠤᠨ ᠪᠤᠭᠤᠲᠤ ᠬᠤᠳᠠ ᠶᠢᠨ ᠨᠠᠢᠮᠠᠳᠤᠭᠠᠷ ᠡᠮᠨᠡᠯᠭᠡ ᠶᠢᠨ ᠬᠤᠷᠢᠶ᠎ᠠ︶ ᠤᠨ ᠬᠡᠯᠪᠡᠷᠢ ᠪᠠᠨ ᠬᠤᠪᠢᠷᠠᠭᠤᠯᠤᠨ ᠡᠷᠡᠭᠦᠯᠵᠢᠭᠦᠯᠬᠦ ᠲᠤᠰᠬᠠᠢ ᠮᠡᠷᠭᠡᠵᠢᠯ ᠤᠨ ᠡᠮᠨᠡᠯᠭᠡ ᠶᠢᠨ ᠬᠤᠷᠢᠶ᠎ᠠ ᠪᠠᠷ ᠠᠵᠠ ᠲᠣᠬᠢᠶᠠᠯ ᠪᠣᠯᠭᠠᠵᠤ᠂ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠨ᠂ 6 ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ 10 ᠨᠠᠰᠤᠵᠢᠯ ᠤᠨ ᠪᠠᠶᠢᠭᠤᠯᠤᠮᠵᠢ ᠯᠤᠭ᠎ᠠ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ︽ᠨᠠᠰᠤᠲᠠᠶᠢᠴᠤᠳ ᠤᠨ ᠡᠪᠡᠳᠴᠢᠨ ᠤ ᠲᠤᠰᠬᠠᠢ ᠮᠡᠷᠭᠡᠵᠢᠯ ᠤᠨ ᠡᠷᠡᠭᠦᠯᠵᠢᠯ ᠤᠨ ᠬᠠᠮᠲᠤᠷᠠᠯᠴᠠᠭ᠎ᠠ︾ ᠶᠢᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠬᠤᠯᠪᠣᠭᠠᠲᠤ ᠴᠣᠭᠴᠠ ᠶᠢ ᠪᠠᠶᠢᠭᠤᠯᠵᠤ᠂ ᠪᠦᠬᠦ ᠣᠷᠣᠨ ᠤ ᠨᠠᠰᠤᠵᠢᠯ ᠤᠨ ᠪᠠᠶᠢᠭᠤᠯᠤᠮᠵᠢ ᠶᠢᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠦᠢᠯᠡᠴᠢᠯᠡᠭᠡᠨ ᠤ ᠭᠡᠷ᠎ᠡ ᠲᠣᠭᠲᠠᠭᠰᠠᠨ ᠨᠤᠷᠮ᠎ᠠ ᠶᠢ 100% ᠳᠤ ᠬᠦᠷᠭᠡᠵᠦ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠭᠦᠯᠦᠭᠰᠡᠨ ᠡᠪᠡᠳᠴᠢᠲᠡᠨ 145 ᠬᠥᠮᠦᠨ ᠤᠳᠠᠭ᠎ᠠ ᠳᠤ ᠬᠦᠷᠴᠦ᠂ ᠡᠮᠨᠡᠯᠭᠡ ᠳᠤ ᠰᠠᠭᠤᠵᠤ ᠡᠮᠨᠡᠭᠦᠯᠦᠭᠰᠡᠨ ᠨᠠᠰᠤᠲᠠᠶᠢᠴᠤᠳ 5172 ᠬᠥᠮᠦᠨ ᠤᠳᠠᠭ᠎ᠠ ᠳᠤ ᠬᠦᠷᠪᠡ᠃ 2023 ᠣᠨ ᠤ 3 ᠰᠠᠷ᠎ᠠ ᠳᠤ᠂ ᠳ᠋ᠦᠩ ᠾᠧ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠣᠷᠣᠨ ᠭᠡᠵᠦ ᠨᠡᠷᠡᠶᠢᠳᠴᠦ᠂ 10 ᠰᠠᠷ᠎ᠠ ᠳᠤ᠂ ᠤᠯᠤᠰ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠰᠢᠶᠠᠨ ︵ᠲᠣᠭᠤᠷᠢᠭ︶ ᠢ ᠦᠨᠡᠯᠡᠨ ᠵᠢᠱᠢᠵᠦ ᠰᠢᠯᠭᠠᠨ ᠠᠪᠬᠤ ᠳᠤ ᠤᠷᠤᠭᠰᠢᠲᠠᠶ ᠳᠡᠮᠵᠢᠨ᠂ 2024 ᠣᠨ ᠤ 1 ᠰᠠᠷ᠎ᠠ ᠳᠤ ᠪᠥᠬᠦ ᠤᠯᠤᠰ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠣᠷᠣᠨ ᠭᠡᠵᠦ ᠵᠢᠩᠬᠢᠨᠢ ᠪᠠᠷ ᠨᠡᠷᠡᠶᠢᠳᠪᠡ᠃
   ︽ᠡᠮᠴᠢ ᠡ᠂ ᠮᠢᠨᠦ ᠡᠨᠡ ᠬᠠᠨᠢᠶᠠᠬᠤ ᠠᠰᠠᠭᠤᠳᠠᠯ ᠬᠠᠭᠤᠴᠢᠷᠠᠵᠤ᠂ ᠲᠠᠮᠠᠬᠢ ᠪᠠᠨ ᠵᠣᠭᠰᠣᠭᠰᠠᠨ ᠪᠣᠯᠪᠠᠴᠤ ᠲᠠ ᠪᠣᠯ ᠶᠡᠭᠡ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠡᠮᠴᠢ ᠶᠤᠮ ᠭᠡᠵᠦ ᠪᠢ ᠰᠣᠨᠣᠰᠣᠯ᠎ᠠ᠂ ᠬᠤᠷᠳᠤᠨ ᠨᠠᠳᠠ ᠬᠠᠪᠰᠤᠷᠴᠤ ᠴᠣᠬᠤᠮ ᠶᠠᠮᠠᠷ ᠤᠴᠢᠷ ᠪᠣᠯᠵᠤ ᠪᠠᠢᠨ᠎ᠠ ᠪᠤᠢ︕︾ ᠭᠡᠪᠡ᠃ ︽ᠴᠢ ᠬᠠᠷᠢᠭᠠᠳ ᠮᠢᠨᠦ ᠪᠢᠴᠢᠭᠰᠡᠨ ᠡᠨᠡ ᠡᠮ ᠤᠨ ᠵᠣᠷ ᠶᠣᠰᠣᠭᠠᠷ ᠤᠤᠭᠤᠶ᠎ᠠ᠂ ᠡᠨᠡ ᠪᠣᠯ ᠮᠢᠨᠦ ᠠᠵᠢᠯᠯᠠᠬᠤ ᠭᠠᠵᠠᠷ᠂ ᠳ᠋ᠢᠶᠠᠩᠬᠤᠸᠠ ᠮᠥᠨ᠂ ᠲᠠ ᠠᠰᠠᠭᠤᠳᠠᠯ ᠲᠠᠢ ᠪᠣᠯ ᠬᠡᠵᠢᠶᠡᠨᠡᠢ ᠨᠠᠳᠠ ᠲᠠᠢ ᠬᠠᠷᠢᠯᠴᠠᠵᠤ ᠪᠣᠯᠣᠨ᠎ᠠ︾ ᠭᠡᠪᠡ᠃ ᠡᠶᠢᠮᠦᠷᠬᠦᠦ ᠶᠠᠷᠢᠯᠴᠠᠭ᠎ᠠ 5 ᠰᠠᠷ᠎ᠠ ᠶᠢᠨ 31 ᠤ ᠡᠳᠦᠷ ᠤᠨ ᠳ᠋ᠦᠩ ᠾᠧ ᠲᠣᠭᠤᠷᠢᠭ ᠤᠨ ᠶᠢᠨ ᠵᠢᠶᠠᠩ ᠶᠣᠣ ᠡᠷᠡᠭᠦᠯ ᠮᠡᠨᠳᠦ ᠶᠢᠨ ᠭᠤᠤᠯ ᠰᠡᠳᠦᠪᠲᠦ ᠲᠠᠯᠠᠪᠠᠶ ᠳᠤ ᠡᠭᠦᠰᠴᠦ᠂ ᠳᠡᠯᠡᠬᠡᠶ ᠶᠢᠨ ᠲᠠᠮᠠᠬᠢ ᠲᠠᠲᠠᠬᠤ ᠥᠬᠡᠶ ᠡᠳᠦᠷ ᠤᠨ ᠠᠯᠪᠠᠨ ᠵᠢᠷᠤᠮ ᠤᠨ ᠡᠮᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ᠂ ᠠᠯᠪᠠᠨ ᠵᠢᠷᠤᠮ ᠤᠨ ᠡᠮᠴᠢᠯᠡᠭᠡᠨ ᠤ ᠵᠢᠵᠢᠭ ᠰᠢᠷᠡᠭᠡᠨ ᠤ ᠡᠮᠦᠨ᠎ᠡ ᠮᠥᠷ ᠤᠨ ᠰᠤᠳᠠᠯ ᠬᠦᠯᠢᠶᠡᠵᠦ ᠪᠠᠶᠢᠭ᠎ᠠ ᠰᠠᠭᠤᠭᠠᠯᠢ ᠠᠷᠠᠳ ᠶᠠᠭ ᠬᠦᠯᠢᠴᠡᠩᠭᠦᠶ ᠪᠠᠷ ᠠᠰᠠᠭᠤᠯᠲᠠ ᠠᠰᠠᠭᠤᠬᠤ ᠪᠠᠷ ᠢᠷᠡᠭᠰᠡᠨ ᠰᠠᠭᠤᠭᠠᠯᠢ ᠠᠷᠠᠳ ᠲᠤ ᠠᠰᠠᠭᠤᠯᠲᠠ ᠶᠢ ᠬᠠᠷᠢᠭᠤᠯᠵᠤ ᠪᠠᠶᠢᠨ᠎ᠠ᠃
   ᠬᠢᠲᠠᠳ ︵ᠮᠣᠩᠭᠤᠯ︶ ᠡᠮ ᠡᠮᠨᠡᠯᠭᠡ ᠶᠢ ᠠᠷᠠᠳ ᠣᠯᠠᠨ ᠤ ᠠᠮᠢᠳᠤᠷᠠᠯ ᠳᠤ ᠠᠭᠤᠰᠤᠯᠴᠠᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠶ᠎ᠡ ᠁ ᠡᠶᠢᠮᠦᠷᠬᠦᠦ ᠠᠵᠢᠯᠯᠠᠭ᠎ᠠ ᠨᠢ ᠳ᠋ᠦᠩ ᠾᠧ ᠲᠣᠭᠤᠷᠢᠭ ᠲᠤ ᠦᠷᠭᠦᠯᠵᠢ ᠶᠠᠪᠤᠭᠳᠠᠳᠠᠭ᠃ ᠪᠥᠬᠦ ᠣᠷᠣᠨ ᠤ ᠡᠯ᠎ᠡ ᠱᠠᠲᠤᠨ ᠤ ᠬᠢᠲᠠᠳ ᠡᠮᠨᠡᠯᠭᠡ ᠶᠢᠨ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠢᠴᠢᠶᠡᠯ ᠤᠨ ᠲᠠᠩᠬᠢᠮ ᠢ ᠦᠷᠭᠦᠯᠵᠢᠯᠡᠨ ᠥᠷᠨᠢᠭᠦᠯᠬᠦ ᠪᠠᠷ ᠳᠠᠮᠵᠢᠭᠤᠯᠤᠨ᠂ ᠬᠢᠲᠠᠳ ︵ᠮᠣᠩᠭᠤᠯ︶ ᠡᠮ ᠡᠮᠨᠡᠯᠭᠡ ᠶᠢ ᠨᠡᠶᠢᠭᠡᠮ ᠲᠣᠭᠤᠷᠢᠭ᠂ ᠰᠤᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠵᠡᠷᠭᠡ ︽ᠳᠣᠯᠤᠭ᠎ᠠ ᠶᠢ ᠣᠷᠣᠭᠤᠯᠬᠤ︾ ᠠᠵᠢᠯᠯᠠᠭ᠎ᠠ ᠶᠢ ᠪᠣᠳᠠᠲᠤ ᠠᠵᠢᠯᠯᠠᠭ᠎ᠠ ᠪᠠᠷ ᠢᠶᠠᠨ ᠬᠢᠲᠠᠳ ︵ᠮᠣᠩᠭᠤᠯ︶ ᠡᠮ ᠡᠮᠨᠡᠯᠭᠡ ᠶᠢᠨ ᠰᠣᠶᠣᠯ ᠢ ᠪᠠᠳᠠᠷᠠᠭᠤᠯᠵᠤ᠂ ᠬᠢᠲᠠᠳ ︵ᠮᠣᠩᠭᠤᠯ︶ ᠡᠮ ᠡᠮᠨᠡᠯᠭᠡ ᠶᠢᠨ ᠮᠡᠳᠡᠯᠭᠡ ᠶᠢ ᠤᠬᠠᠭᠤᠯᠵᠤ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠢᠲᠠᠳ ᠡᠮ ᠡᠮᠨᠡᠯᠭᠡ ᠶᠢᠨ ᠰᠣᠶᠣᠯ ᠢ ᠣᠶᠢᠯᠠᠭᠠᠭᠤᠯᠵᠤ᠂ ᠬᠢᠲᠠᠳ ᠡᠮ ᠡᠮᠨᠡᠯᠭᠡ ᠶᠢᠨ ᠥᠷᠲᠡᠭ ᠢ ᠲᠠᠨᠢᠭᠤᠯᠵᠤ᠂ ᠥᠷᠭᠡᠨ ᠣᠯᠠᠨ ᠲᠦᠮᠡᠨ ᠤ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠬᠠᠶ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃
   ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠲᠠᠰᠤᠷᠠᠯᠲᠠ ᠥᠬᠡᠶ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠪᠣᠯ ᠠᠷᠠᠳ ᠣᠯᠠᠨ ᠤ ᠡᠷᠡᠭᠦᠯ ᠮᠡᠨᠳᠦ ᠶᠢᠨ ᠴᠢᠬᠤᠯᠠ ᠪᠠᠲᠤᠯᠠᠭ᠎ᠠ ᠮᠥᠨ᠃ ᠳ᠋ᠦᠩ ᠾᠧ ᠲᠣᠭᠤᠷᠢᠭ ᠤᠨ ᠬᠢᠨ ᠬᠤᠳᠠ ᠶᠢᠨ ᠱᠠᠲᠤᠨ ᠤ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠷᠠᠳᠢᠦ᠋ᠰ ᠢ ᠲᠤᠮᠤ ᠡᠮᠨᠡᠯᠭᠡ ᠶᠢᠨ ᠬᠤᠷᠢᠶ᠎ᠠ ᠠᠴᠠ ᠨᠡᠶᠢᠭᠡᠮ ᠲᠣᠭᠤᠷᠢᠭ᠂ ᠭᠡᠷ ᠪᠦᠯᠢ ᠬᠦᠷᠲᠡᠯ᠎ᠡ ᠤᠷᠲᠤᠳᠬᠠᠵᠤ᠂ ᠠᠷᠠᠳ ᠤᠯᠠᠨ ᠢ ︽ᠭᠡᠷ ᠤᠨ ᠡᠭᠦᠳᠡ︾ ᠳᠤ ᠡᠪᠡᠳᠴᠢᠨ ᠦᠵᠡᠭᠦᠯᠬᠦ ᠳᠤ ᠰᠠᠶᠢᠨ ᠪᠣᠯᠭᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠴᠢᠷᠮᠠᠶᠢᠨ ᠳᠡᠭᠡᠭᠰᠢᠯᠡᠭᠦᠯᠦᠨ᠎ᠡ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1