ᠲᠤᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/19
   8 ᠰᠠᠷ᠎ᠠ ᠶᠢᠨ 16 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠳᠡᠭᠡᠳᠦ ᠱᠠᠲᠤᠨ ᠤ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠠᠵᠠᠷ ᠣᠷᠣᠨ ᠤ ᠰᠣᠶᠣᠯ ᠤᠨ ᠰᠠᠭᠤᠷᠢ ᠪᠠ ᠡᠬᠢ ᠪᠠᠶᠠᠯᠢᠭ ᠤᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠠᠵᠢᠯ ᠢ ᠲᠥᠷᠥᠯ ᠬᠤᠪᠢᠶᠠᠵᠤ᠂ ᠠᠯᠬᠤᠮ ᠬᠤᠪᠢᠶᠠᠨ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠭᠤᠣᠯ ᠰᠤᠳᠠᠰᠤ ᠶᠢ ᠡᠵᠡᠮᠳᠡᠵᠦ᠂ ᠵᠡᠭᠡᠯᠢ ᠲᠣᠭᠤᠷᠢᠭ᠂ ᠦᠵᠡᠮᠵᠢ ᠶᠢᠨ ᠣᠷᠣᠨ ᠤ ᠲᠡᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠣᠷᠣᠭᠤᠯᠤᠨ ᠠᠪᠴᠢᠷᠠᠵᠤ᠂ ᠰᠢᠨ᠎ᠡ ᠬᠠᠯᠠᠮᠰᠢᠯ ᠴᠡᠭ ᠢ ᠪᠤᠶᠢᠵᠢᠭᠤᠯᠵᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠣᠯᠤᠨ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠢᠶᠠᠷ ᠢᠶᠠᠨ ᠴᠡᠷᠢᠭ ᠠᠴᠠ ᠬᠠᠯᠠᠭᠳᠠᠭᠰᠠᠳ ᠤᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠢ ᠬᠦᠯᠢᠶᠡᠨ ᠠᠪᠴᠤ ᠲᠥᠪᠬᠢᠨᠡᠭᠦᠯᠬᠦ᠂ ᠦᠢᠯᠡᠴᠢᠯᠡᠭᠡ ᠶᠢ ᠪᠠᠲᠤᠯᠠᠬᠤ᠂ ᠰᠤᠷᠭᠠᠨ ᠬᠥᠮᠦᠵᠢᠯ ᠤᠨ ᠬᠠᠮᠢᠶᠠᠷᠤᠯᠲᠠ᠂ ᠦᠢᠯᠡᠳᠦᠯ ᠢ ᠪᠠᠳᠠᠷᠠᠭᠤᠯᠬᠤ᠂ ᠡᠷᠬᠡ ᠠᠰᠢᠭ ᠢ ᠬᠠᠮᠠᠭᠠᠯᠠᠬᠤ ᠵᠡᠷᠭᠡ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠪᠣᠯᠤᠨ ᠬᠤᠶᠠᠷ ᠢ ᠬᠦᠷᠢᠶᠡᠯᠡᠬᠦ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ 7 ᠰᠠᠷ᠎ᠠ ᠶᠢᠨ 30 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠣᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠡᠯ᠎ᠡ ᠱᠠᠲᠤᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠥᠭᠡᠷᠡᠴᠢᠯᠡᠯᠲᠡ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠶ ᠪᠠᠷ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠳ᠋ᠦᠩ ᠾᠧ ᠲᠣᠭᠤᠷᠢᠭ ᠤᠨ ᠬᠦᠩᠭᠡᠨᠴᠠᠭᠠᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠭᠤᠷᠪᠠᠨ ᠱᠠᠳᠤᠴᠢ ᠴᠢᠨᠠᠷᠲᠠᠢ ᠬᠠᠷᠠᠯᠲᠠ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠠᠵᠢᠯᠯᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃    ᠬᠤᠷᠠᠯ ᠠᠴᠠ ︽ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ᠢ ᠬᠢᠨᠠᠨ ᠵᠦᠪᠯᠡᠵᠦ ᠵᠠᠰᠠᠪᠤᠷᠢ ᠣᠷᠣᠭᠤᠯᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠶᠢᠨ ᠡᠯ᠎ᠡ ᠬᠦᠷᠢᠶᠡᠨ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠴᠢᠩᠭ᠎ᠠ ᠨᠢᠮᠪᠠᠶ᠂ ᠪᠣᠳᠠᠲᠠᠶ ᠶᠢ ᠡᠷᠬᠢᠮᠯᠡᠭᠰᠡᠨ᠂ ᠥᠨᠳᠥᠷ ᠪᠦᠲᠦᠮᠵᠢᠲᠡᠶ ᠠᠵᠢᠯᠯᠠᠭᠠᠨ ᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢᠵᠢᠯ ᠤᠨ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ︽ᠳ᠋ᠦᠩ ᠾᠧ ᠲᠣᠭᠤᠷᠢᠭ ᠤᠨ 40 ᠳ᠋ᠤᠭᠠᠷ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠡᠨᠡ ᠵᠢᠯ ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠳᠤᠮᠳᠠᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠯ᠎ᠡ ᠵᠦᠶ᠋ᠯ ᠤᠨ ᠭᠦᠶ᠋ᠴᠡᠳᠬᠡᠯ ᠲᠤᠭ᠎ᠠ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠵᠤ᠂ ᠰᠤᠷᠭᠠᠨ ᠬᠥᠮᠦᠵᠢᠯ ᠤᠨ ᠥᠨᠳᠦᠷᠯᠢᠭ ᠢ ᠴᠣᠭᠴᠠᠯᠠᠬᠤ ᠲᠠᠯ᠎ᠠ ᠪᠠᠷ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠦᠷᠭᠦᠯᠵᠢᠯᠡᠨ ᠶᠡᠬᠡᠪᠡᠷ ᠪᠠᠳᠠᠷᠠᠭᠤᠯᠵᠤ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ᠂ ᠨᠡᠶᠢᠲᠡᠯᠢᠭ ᠵᠢᠱᠢᠶ᠎ᠡ ᠶᠢ ᠰᠣᠩᠭᠤᠨ ᠪᠣᠶ ᠪᠣᠯᠭᠠᠬᠤ ᠪᠠᠷ ᠳᠠᠮᠵᠢᠭᠤᠯᠤᠨ᠂ ᠢᠳᠡᠪᠬᠢ ᠬᠦᠴᠦᠨ ᠢ ᠪᠠᠳᠠᠷᠠᠭᠤᠯᠵᠤ᠂ ᠰᠢᠨ᠎ᠡ ᠳᠦᠷᠢ ᠲᠥᠷᠬᠦ ᠶᠢ ᠪᠣᠶ ᠪᠣᠯᠭᠠᠵᠤ᠂ ᠥᠷᠭᠡᠨ ᠣᠯᠠᠨ ᠪᠠᠭᠰᠢ ᠶᠢᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ᠂ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠪᠥᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠪᠠᠭᠰᠢ ᠶᠢ ᠪᠦᠯᠬᠦᠮᠳᠡᠭᠦᠯᠦᠨ ᠨᠢᠭᠲᠠᠷᠠᠭᠤᠯᠵᠤ ᠰᠤᠷᠭᠠᠨ ᠬᠥᠮᠦᠵᠢᠯ ᠤᠨ ᠥᠨᠳᠦᠷᠯᠢᠭ ᠢ ᠴᠣᠭᠴᠠᠯᠠᠬᠤ ᠳᠤᠮᠳᠠ ᠬᠦᠴᠦᠯᠡᠨ ᠴᠢᠷᠮᠠᠶᠢᠬᠤ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳ᠋ᠦᠩ ᠾᠧ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1