ᠬᠠᠤᠯᠢ ᠪᠤᠰᠤ ᠪᠠᠷ ᠪᠡᠯᠡ ᠴᠤᠭᠯᠠᠭᠤᠯᠬᠤ ᠰᠡᠵᠢᠭᠯᠡᠭᠳᠡᠭᠰᠡᠨ ᠵᠠᠷ ᠮᠡᠳᠡᠭᠡᠨ ᠤ ᠲᠤᠬᠠᠢ ᠰᠠᠨᠠᠭᠤᠯᠬᠤ ᠪᠢᠴᠢᠭ
ᠨᠡᠶᠢᠲᠡᠯᠡᠭᠰᠡᠨ ᠴᠠᠭ᠄
2024/8/19
     ᠬᠠᠤᠯᠢ ᠪᠤᠰᠤ ᠪᠠᠷ ᠪᠡᠯᠡ ᠴᠤᠭᠯᠠᠭᠤᠯᠬᠤ ᠨᠢ ᠠᠷᠠᠳ ᠤᠯᠠᠨ ᠤ ᠠᠰᠢᠭ ᠲᠤᠰᠠ ᠶᠢ ᠬᠦᠨᠳᠦ ᠨᠣᠴᠢᠲᠠᠢ ᠬᠤᠬᠢᠷᠠᠭᠤᠯᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠨᠥᠯᠥᠭᠡᠯᠡᠵᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠨ᠎ᠠ᠃ ᠬᠠᠤᠯᠢ ᠪᠤᠰᠤ ᠪᠠᠷ ᠪᠠᠯᠠ ᠴᠤᠭᠯᠠᠭᠤᠯᠬᠤ ᠵᠠᠷ ᠮᠡᠳᠡᠭᠡ ᠮᠡᠳᠡᠭᠡ ᠵᠠᠩᠭᠢ ᠶᠢᠨ ᠬᠠᠯᠳᠠᠪᠤᠷᠢᠯᠠᠬᠤ ᠠᠷᠭ᠎ᠠ ᠵᠠᠮ ᠢ ᠲᠠᠰᠤᠯᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠮᠠᠨ ᠤ ᠬᠤᠲᠠ ᠶᠢᠨ ᠠᠵᠤ ᠠᠬᠤᠶ ᠶᠢᠨ ᠡᠮᠬᠢ ᠳᠢᠭᠯᠢᠮ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ︾᠂ ︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠠᠨᠠᠯᠠᠭᠤᠯᠤᠮᠵᠢ      ᠬᠠᠤᠯᠢ ᠪᠤᠰᠤ ᠪᠠᠷ ᠪᠡᠯᠡ ᠴᠤᠭᠯᠠᠭᠤᠯᠬᠤ ᠭᠡᠳᠡᠭ ᠪᠣᠯ ᠲᠥᠷᠥ ᠶᠢᠨ ᠶᠠᠪᠤᠳᠠᠯ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠦᠭᠡᠢ ᠪᠤᠶᠤ ᠤᠯᠤᠰ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠵᠦ᠂ ᠡᠭᠡ ᠬᠦᠦ ᠶᠢ ᠨᠢ ᠪᠤᠴᠠᠭᠠᠬᠤ ᠶᠢ ᠠᠮᠠᠯᠠᠬᠤ ᠪᠤᠶᠤ ᠪᠤᠰᠤᠳ ᠪᠡᠯᠡ ᠣᠷᠣᠭᠤᠯᠤᠯᠲᠠ ᠶᠢᠨ ᠬᠠᠷᠢᠭᠤ ᠬᠠᠷᠠᠮᠵᠢ ᠥᠭᠬᠦ ᠵᠡᠷᠭᠡ ᠠᠷᠭ᠎ᠠ ᠮᠠᠶ᠋ᠢᠭ ᠢᠶᠠᠷ ᠣᠨᠴᠠ ᠲᠣᠭᠲᠠᠭᠰᠠᠨ ᠪᠤᠰᠤ ᠡᠲᠡᠭᠡᠳ ᠠᠴᠠ ᠪᠡᠯᠡ ᠮᠥᠩᠭᠦ ᠠᠪᠴᠤ ᠠᠪᠬᠤ ᠠᠵᠢᠯᠯᠠᠭ᠎ᠠ ᠶᠢ ᠵᠢᠭᠠᠵᠤ ᠪᠠᠶᠢᠨ᠎ᠠ᠃      ᠤᠯᠤᠰ ᠠᠴᠠ ᠠᠰᠲᠠᠭᠠᠨ ᠲᠣᠭᠲᠠᠭᠠᠯ ᠲᠠᠢ ᠶᠢ ᠭᠠᠷᠭᠠᠪᠠᠯ᠂ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠪᠡᠯᠡ ᠴᠤᠭᠯᠠᠭᠤᠯᠬᠤ ᠠᠭᠤᠯᠭ᠎ᠠ ᠶᠢ ᠪᠠᠭᠲᠠᠭᠠᠭᠰᠠᠨ ᠵᠠᠷ ᠨᠡᠶᠢᠲᠡᠯᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠨᠡᠶᠢᠭᠡᠮ ᠨᠡᠶᠢᠲᠡ ᠳᠤ ᠪᠡᠯᠡ ᠴᠤᠭᠯᠠᠭᠤᠯᠬᠤ ᠤᠬᠠᠭᠤᠯᠭ᠎ᠠ ᠬᠢᠵᠦ ᠪᠣᠯᠬᠤ ᠦᠭᠡᠶ᠃    ᠵᠠᠷ ᠡᠵᠡᠩᠨᠡᠭᠴᠢ᠂ ᠵᠠᠷ ᠨᠡᠢᠲᠡᠯᠡᠭᠴᠢ ᠬᠠᠮᠢᠶ᠎ᠠ ᠪᠥᠬᠦᠶ ᠭᠡᠷᠡᠴᠢᠯᠡᠬᠦ ᠪᠢᠴᠢᠭ ᠮᠠᠲ᠋ᠠᠷᠢᠶᠠᠯ ᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠶᠣᠰᠣᠭᠠᠷ ᠪᠠᠶᠢᠴᠠᠭᠠᠨ ᠰᠢᠯᠭᠠᠵᠤ᠂ ᠵᠠᠷ ᠮᠡᠳᠡᠭᠡ ᠶᠢᠨ ᠠᠭᠤᠯᠭ᠎ᠠ ᠶᠢ ᠬᠠᠷᠭᠤᠭᠤᠯᠬᠤ ᠬᠡᠷᠡᠭᠲᠡᠢ ᠬᠤᠯᠪᠣᠭᠳᠠᠯ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠦᠭᠡᠶ ᠪᠥᠭᠡᠳ ᠪᠡᠯᠡ ᠴᠤᠭᠯᠠᠭᠤᠯᠬᠤ ᠠᠭᠤᠯᠭ᠎ᠠ ᠶᠢ ᠪᠠᠭᠲᠠᠭᠠᠭᠰᠠᠨ ᠵᠠᠷ ᠢ ᠵᠠᠷ ᠡᠵᠡᠩᠨᠡᠭᠴᠢ ᠵᠢᠷᠤᠭᠯᠠᠨ ᠲᠥᠯᠥᠪᠯᠡᠬᠦ᠂ ᠦᠢᠯᠡᠳᠬᠦ᠂ ᠣᠷᠣᠯᠠᠬᠤ ᠦᠢᠯᠡᠴᠢᠯᠡᠭᠡᠨ ᠢ ᠬᠠᠩᠭᠠᠵᠤ ᠪᠣᠯᠬᠤ ᠦᠭᠡᠶ᠂ ᠵᠠᠷ ᠨᠡᠶᠢᠲᠡᠯᠡᠭᠴᠢ ᠨᠡᠶᠢᠲᠡᠯᠡᠵᠦ ᠪᠣᠯᠬᠤ ᠦᠭᠡᠶ᠃      ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠲᠥᠷᠥᠯ ᠵᠦᠢᠯ ᠤᠯᠠᠨ᠂ ᠬᠡᠯᠪᠡᠷᠢ ᠮᠠᠶ᠋ᠢᠭ ᠨᠢ ᠤᠯᠠᠨ ᠪᠠᠶᠢᠳᠠᠭ᠂ ᠭᠡᠪᠡᠴᠦ ᠮᠥᠨ ᠴᠢᠨᠠᠷ ᠨᠢ ᠴᠥᠮ ᠬᠠᠤᠯᠢ ᠪᠤᠰᠤ ᠡᠲᠡᠭᠡᠳ ᠬᠠᠤᠯᠢ ᠲᠣᠭᠲᠠᠭᠠᠯ ᠠᠴᠠ ᠵᠥᠷᠢᠴᠡᠨ ᠨᠡᠶᠢᠭᠡᠮ ᠨᠡᠶᠢᠲᠡ ᠠᠴᠠ ᠪᠡᠯᠡ ᠮᠥᠩᠭᠦ ᠲᠠᠲᠠᠵᠤ ᠪᠠᠶᠢᠨ᠎ᠠ᠂ ᠭᠤᠣᠯ ᠠᠷᠭ᠎ᠠ ᠪᠠᠷᠢᠯ ᠨᠢ ᠴᠥᠮ ᠨᠠᠶᠢᠷᠠᠭᠤᠯᠤᠨ ᠵᠣᠬᠢᠶᠠᠬᠤ ᠲᠥᠷᠥᠯ ᠵᠦᠢᠯ᠂ ᠬᠠᠭᠤᠷᠮᠠᠭᠯᠠᠨ ᠵᠣᠬᠢᠶᠠᠬᠤ ᠬᠢᠷᠢ ᠬᠡᠮ᠂ ᠥᠨᠳᠥᠷ ᠲᠣᠭᠠᠨ ᠤ ᠬᠠᠷᠢᠭᠤ ᠠᠮᠠᠯᠠᠯᠲᠠ ᠪᠠᠨ ᠠᠮᠠᠯᠠᠵᠤ ᠴᠢᠳᠠᠬᠤ ᠦᠭᠡᠢ᠂ ᠥᠷᠭᠡᠨ ᠣᠯᠠᠨ ᠬᠤᠲᠠ ᠶᠢᠨ ᠠᠷᠠᠳ ᠡᠯ᠎ᠡ ᠲᠥᠷᠥᠯ ᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠵᠠᠷ ᠮᠡᠳᠡᠭᠡ ᠶᠢ ᠢᠳᠡᠪᠬᠢᠲᠡᠶ ᠪᠠᠷ ᠰᠡᠷᠭᠡᠶᠢᠯᠡᠬᠦ ᠬᠡᠷᠡᠭᠲᠡᠶ᠃ ᠬᠡᠷᠪᠡ ᠬᠠᠤᠯᠢ ᠪᠤᠰᠤ ᠪᠠᠷ ᠪᠠᠯᠠ ᠮᠥᠩᠭᠦ ᠴᠤᠭᠯᠠᠭᠤᠯᠤᠭᠰᠠᠨ ᠵᠠᠷ ᠮᠡᠳᠡᠭᠡᠨ ᠤ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠠᠭ ᠲᠤᠬᠠᠶ ᠳᠤᠨᠢ 12315 ᠡᠳᠦᠷ ᠤᠲᠠᠰᠤᠳᠠᠵᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠡᠶ᠃      ᠪᠦᠬᠦ ᠬᠤᠲᠠ ᠶᠢᠨ ᠵᠠᠷ ᠮᠡᠳᠡᠭᠡᠨ ᠤ ᠡᠵᠡᠨ᠂ ᠵᠠᠷ ᠮᠡᠳᠡᠭᠡ ᠡᠵᠡᠩᠨᠡᠭᠴᠢ᠂ ᠵᠠᠷ ᠮᠡᠳᠡᠭᠡ ᠨᠡᠶᠢᠲᠡᠯᠡᠭᠴᠢ᠂ ᠵᠠᠷ ᠮᠡᠳᠡᠭᠡᠨ ᠤ ᠣᠷᠣᠯᠠᠨ ᠥᠭᠦᠯᠡᠭᠴᠢ ᠵᠢᠴᠢ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠵᠡᠷᠭᠡ ᠪᠤᠰᠤᠳ ᠵᠠᠷ ᠮᠡᠳᠡᠭᠡᠨ ᠤ ᠣᠷᠣᠯᠴᠠᠭᠴᠢ ᠬᠠᠤᠯᠢ ᠴᠠᠭᠠᠵᠠ ᠶᠢᠨ ᠤᠬᠠᠮᠰᠠᠷ᠂ ᠨᠡᠶᠢᠭᠡᠮ ᠤᠨ ᠬᠠᠷᠢᠭᠤᠴᠠᠯᠭ᠎ᠠ ᠶᠢᠨ ᠤᠬᠠᠮᠰᠠᠷ ᠪᠠ ᠥᠪᠡᠷ ᠢ ᠪᠠᠨ ᠱᠠᠭᠠᠷᠳᠠᠬᠤ ᠤᠬᠠᠮᠰᠠᠷ ᠢᠶᠠᠨ ᠴᠢᠩᠭᠠᠳᠬᠠᠵᠤ᠂ ᠵᠠᠷ ᠮᠡᠳᠡᠭᠡ ᠶᠢ ᠬᠢᠨᠠᠨ ᠪᠠᠶᠢᠴᠠᠭᠠᠬᠤ ᠡᠭᠦᠷᠭᠡ ᠪᠠᠨ ᠴᠢᠩᠭ᠎ᠠ ᠭᠦᠢᠴᠡᠳᠬᠡᠵᠦ᠂ ᠮᠥᠩᠭᠦᠨ ᠭᠦᠢᠯᠭᠡᠭᠡᠨ ᠤ ᠵᠠᠷ ᠮᠡᠳᠡᠭᠡ ᠨᠡᠶᠢᠲᠡᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠠᠷ ᠮᠡᠳᠡᠭᠡ ᠶᠢ ᠤᠬᠠᠮᠰᠠᠷ ᠠᠴᠠ ᠪᠠᠨ ᠰᠡᠷᠭᠡᠶᠢᠯᠡᠵᠦ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠪᠠ ᠨᠡᠶᠢᠭᠡᠮ ᠤᠨ ᠠᠵᠤ ᠠᠬᠤᠢ ᠶᠢᠨ ᠡᠮᠬᠢ ᠳᠢᠭᠯᠢᠮ ᠢ ᠬᠠᠮᠠᠭᠠᠯᠠᠬᠤ ᠶᠢ ᠬᠦᠰᠡᠵᠦ ᠪᠠᠶᠢᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1