ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠳᠥᠷᠪᠡᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/8/19
     ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠳᠠ ᠶᠢᠨ ᠳ᠋ᠦᠩ ᠾᠧ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠳᠥᠷᠪᠡᠳᠦᠭᠡᠷ ᠪᠦᠬᠦᠳᠡ ᠬᠤᠷᠠᠯ 2024 ᠣᠨ ᠤ 8 ᠰᠠᠷ᠎ᠠ ᠶᠢᠨ 16 ᠤ ᠡᠳᠦᠷ ᠬᠤᠷᠠᠯᠳᠤᠪᠠ᠃      ᠪᠥᠬᠦᠳᠡ ᠬᠤᠷᠠᠯ ᠳᠤ ᠲᠤᠭᠤᠷᠢᠭ ᠤᠨ ᠨᠠᠮ ᠤᠨ ᠬᠤᠷᠢᠶᠠᠨ ᠤ ᠭᠡᠰᠢᠭᠦᠨ 24 ᠬᠥᠮᠦᠨ ᠣᠷᠣᠯᠴᠠᠪᠠ᠃ ᠲᠤᠭᠤᠷᠢᠭ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠨᠠᠮ ᠤᠨ ᠲᠥᠯᠥᠭᠡᠯᠡᠭᠴᠢ᠂ ᠲᠤᠭᠤᠷᠢᠭ ᠲᠤ ᠰᠠᠭᠤᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠪᠦᠬᠦᠳᠡ ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠶᠠᠷᠢᠶ᠎ᠠ ᠲᠠᠯᠪᠢᠪᠠ᠃      ᠪᠥᠬᠦᠳᠡ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠨᠡ ᠵᠢᠯ ᠠᠴᠠ ᠨᠠᠰᠢᠬᠢ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠡᠨᠡ ᠵᠢᠯ ᠤᠨ ᠰᠡᠭᠦᠯᠴᠢ ᠶᠢᠨ ᠬᠡᠳᠦᠨ ᠰᠠᠷ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠤᠷᠢᠶᠠᠨ ᠤ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ ᠸᠠᠩ ᠷᠦᠢ ︽ᠬᠡᠷᠡᠭᠵᠢᠭᠦᠯᠬᠦ ᠲᠥᠰᠦᠯ ︵ᠶᠠᠷᠢᠯᠴᠠᠬᠤ ᠨᠣᠤᠷᠠᠭ︶︾ ᠤᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠠ᠃      ᠪᠥᠬᠦᠳᠡ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠨᠡ ᠵᠢᠯ ᠠᠴᠠ ᠨᠠᠭᠠᠰᠢᠬᠢ ᠠᠵᠢᠯ ᠢ ᠭᠦᠢᠴᠡᠳ ᠨᠤᠲᠠᠯᠠᠪᠠ᠃ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠵᠠᠢ᠃ ᠦᠨᠡᠨᠴᠢ ᠰᠢᠳᠤᠷᠭᠤ ᠪᠠᠶᠢᠬᠤ ᠶᠢᠨ ᠰᠠᠭᠤᠷᠢ ᠨᠠᠩ ᠢᠯᠡ ᠲᠣᠳᠣ᠂ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠨᠠᠩ ᠪᠠᠬᠢᠵᠢᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠪᠠᠲᠤᠳᠬᠠᠵᠤ᠂ ᠬᠤᠲᠠ ᠬᠥᠳᠡᠭᠡ ᠶᠢᠨ ᠬᠥᠭᠵᠢᠯᠲᠡ ᠶᠢ ᠨᠠᠩ ᠠᠭᠤᠯᠤᠭᠳᠠᠬᠤᠨ ᠲᠠᠢ ᠪᠣᠯᠭᠠᠵᠤ᠂ ᠠᠷᠠᠳ ᠣᠯᠠᠨ ᠤ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠰᠠᠶᠢᠨ ᠪᠠᠶᠢᠵᠤ᠂ ᠡᠯ᠎ᠡ ᠵᠦᠢᠯ ᠤᠨ ᠦᠢᠯᠡᠰ ᠦᠷᠭᠦᠯᠵᠢᠯᠡᠨ ᠡᠷᠡᠭᠦᠯ ᠢᠶᠠᠷ ᠬᠥᠭᠵᠢᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠴᠤᠭ ᠰᠦᠯᠳᠡ ᠨᠡᠩ ᠬᠥᠪᠴᠢᠯᠡᠪᠡ᠃      ᠪᠦᠬᠦᠳᠡ ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠬᠢᠯᠪᠠᠷ ᠪᠤᠰᠤ ᠪᠠᠷ ᠢᠷᠡᠭᠰᠡᠨ ᠬᠥᠭᠵᠢᠯᠲᠡ ᠶᠢᠨ ᠪᠠᠶᠢᠳᠠᠯ ᠢᠶᠠᠨ ᠬᠤᠪᠢ ᠲᠠᠬᠢᠨ ᠨᠠᠨᠳᠢᠩᠨᠠᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠬᠤᠳᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠳ᠋ᠦᠩᠨᠡᠨ ᠪᠣᠯᠪᠠᠰᠤᠷᠠᠭᠤᠯᠤᠭᠰᠠᠨ 5 ᠲᠤᠷᠰᠢᠯᠭ᠎ᠠ ᠶᠢ ᠰᠠᠶᠢᠲᠤᠷ ᠬᠡᠷᠡᠭᠯᠡᠬᠦ ᠶᠢ ᠰᠠᠶᠢᠲᠤᠷ ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠷᠭᠦᠯᠵᠢᠯᠡᠨ ᠲᠡᠮᠡᠴᠡᠵᠦ᠂ ᠠᠵᠢᠯ ᠢᠶᠠᠨ ᠨᠡᠩ ᠰᠠᠶᠢᠲᠤᠷ ᠬᠢᠵᠦ᠂ ᠳ᠋ᠦᠩ ᠾᠧ ᠲᠣᠭᠤᠷᠢᠭ ᠢ ᠨᠡᠩ ᠰᠠᠶᠢᠲᠤᠷ ᠪᠦᠳᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠦᠵᠡᠪᠡ᠃      ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠣᠰᠣᠭᠠᠷ᠂ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠡᠭᠦᠷ ᠨᠢᠭᠡᠪᠦᠷᠢ᠂ ᠨᠠᠮ ᠤᠨ ᠭᠡᠰᠢᠭᠦᠨ ᠨᠢᠭᠡᠪᠦᠷᠢ ᠳᠤ ᠤᠯᠠᠮᠵᠢᠯᠠᠬᠤ ᠶᠢ ᠪᠠᠲᠤᠯᠠᠵᠤ᠂ ᠦᠨᠡᠨᠬᠦ ᠰᠤᠷᠤᠯᠴᠠᠨ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠵᠤ᠂ ᠪᠣᠳᠠᠲᠠᠶᠢᠵᠢᠭᠤᠯᠵᠤ᠂ ᠲᠠᠷᠢᠬᠢᠨ ᠳᠤ ᠬᠠᠳᠠᠩᠰᠢᠭᠤᠯᠵᠤ᠂ ᠰᠡᠳᠬᠢᠯ ᠳᠤ ᠬᠠᠳᠠᠩᠰᠢᠭᠤᠯᠵᠤ᠂ ᠦᠢᠯᠡ ᠠᠵᠢᠯᠯᠠᠭ᠎ᠠ ᠠᠪᠬᠤ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠢᠪᠲᠤᠯᠤᠯᠲᠠ ᠶᠢᠨ ᠴᠢᠭᠯᠡᠯ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠭᠦᠨᠵᠡᠭᠡᠢ ᠪᠣᠳᠠᠲᠠᠢ ᠰᠦᠪᠡᠭᠴᠢᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠪᠤᠭᠤᠲᠤ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠵᠠᠮ ᠢᠶᠠᠷ ᠲᠦᠷᠭᠡᠨ ᠵᠠᠮᠨᠠᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠬᠦᠴᠦᠯᠡᠨ ᠴᠢᠩᠭᠠᠳᠬᠠᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠤᠳᠤᠷᠢᠳᠤᠮᠵᠢ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠣᠷᠢᠯᠲᠠ ᠪᠠ ᠲᠤᠰᠤᠯᠲᠠ ᠶᠢ ᠪᠠᠲᠤ ᠡᠵᠡᠮᠳᠡᠬᠦ ᠬᠡᠷᠡᠭᠲᠡᠢ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃      ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠳ᠋ᠦᠩ ᠾᠧ ᠶᠢᠨ ᠬᠠᠷᠢᠭᠤᠯᠲᠠ ᠶᠢᠨ ᠬᠠᠭᠤᠳᠠᠰᠤ︾ ᠶᠢ ᠰᠠᠶᠢᠲᠤᠷ ᠪᠢᠴᠢᠭᠯᠡᠬᠦ ᠲᠠᠢ ᠨᠢᠭᠲᠠ ᠤᠶᠠᠯᠳᠤᠭᠤᠯᠤᠨ᠂ ︽ᠳ᠋ᠦᠩ ᠾᠧ ᠭᠤᠣᠯ ᠤᠨ ᠰᠦᠷ ᠬᠦᠴᠦᠨ ᠢ ᠳᠠᠬᠢᠨ ᠮᠠᠨᠳᠤᠭᠤᠯᠵᠤ᠂ ᠥᠩᠭᠡᠷᠡᠭᠰᠡᠨ ᠤ ᠬᠥᠭᠵᠢᠯ ᠪᠠᠳᠠᠷᠠᠯ ᠢ ᠳᠠᠬᠢᠨ ᠢᠯᠡᠷᠡᠭᠦᠯᠬᠦ︾ ᠪᠠᠷ ᠬᠠᠷᠠᠯᠲᠠ ᠪᠣᠯᠭᠠᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠭᠤᠷᠪᠠᠨ ᠠᠵᠤ ᠦᠢᠯᠡᠰ ᠤᠨ ᠴᠢᠨᠠᠷ ᠰᠠᠶᠢᠲᠠᠢ ᠬᠠᠮᠵᠢᠯᠴᠠᠨ ᠬᠥᠭᠵᠢᠬᠦ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠠᠵᠤ ᠦᠢᠯᠡᠳᠪᠦᠷᠢ ᠶᠢᠨ ᠳᠡᠭᠡᠳᠦ ᠲᠡᠰᠵᠢᠭᠰᠡᠨ ᠤᠶᠤᠨᠴᠢᠯᠠᠭᠰᠠᠨ ᠪᠣᠬᠢᠷᠲᠤᠯ ᠦᠭᠡᠢ ᠬᠥᠭᠵᠢᠯᠲᠡ᠂ ᠦᠢᠯᠡᠴᠢᠯᠡᠭᠡᠨ ᠤ ᠦᠢᠯᠡᠰ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠬᠦ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠴᠢᠳᠠᠪᠤᠷᠢ ᠶᠢᠨ ᠲᠡᠰ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠵᠤ᠂ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ︽ᠬᠤᠶᠠᠷ ᠥᠴᠦᠬᠡᠨ ᠴᠦ ᠭᠤᠶᠢᠪᠢᠰᠢ ᠥᠬᠡᠶ︾ ᠪᠠᠶᠢᠬᠤ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠬᠦᠴᠦᠨ ᠵᠦᠢᠯ᠂ ᠰᠠᠭᠤᠷᠢ ᠲᠥᠬᠦᠭᠡᠷᠦᠮᠵᠢ ᠶᠢᠨ ᠢᠵᠢ ᠪᠥᠷᠢᠳᠦᠭᠦᠯᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠭᠰᠠᠨ ᠦᠷᠳᠡᠭ ᠤᠨ ᠬᠠᠨᠳᠤᠰᠢ ᠶᠢ ᠪᠠᠲᠤ ᠡᠵᠡᠮᠳᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠲᠠᠢ ᠨᠢᠭᠲᠠ ᠤᠶᠠᠯᠳᠤᠭᠤᠯᠤᠨ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠷᠢᠮ ᠤᠨ ᠰᠢᠰᠲ᠋ᠧᠮ ᠢ ᠪᠠᠲᠤᠯᠠᠨ ᠰᠠᠶᠢᠵᠢᠷᠠᠭᠤᠯᠬᠤ ︽ᠭᠤᠷᠪᠠᠨ ᠥᠨᠳᠦᠷᠯᠢᠭ︾ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠ ᠬᠥᠳᠡᠭᠡ ᠶᠢᠨ ᠠᠭᠤᠰᠤᠯᠴᠠᠯ ᠪᠣᠯᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠤᠨ ᠠᠵᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠳ᠋ᠦᠩ ᠾᠧ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠵᠢᠯᠯᠠᠭ᠎ᠠ ᠪᠣᠯᠤᠨ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃      ᠪᠥᠬᠦᠳᠡ ᠬᠤᠷᠠᠯ ᠠᠴᠠ᠂ ᠬᠤᠶᠢᠰᠢᠳᠠ ᠶᠢᠨ ᠬᠡᠳᠦᠨ ᠰᠠᠷ᠎ᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠲᠣᠭᠲᠠᠭᠰᠠᠨ ᠬᠠᠷᠠᠯᠲᠠ ᠶᠣᠰᠣᠭᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠶ᠃ ᠪᠤᠭᠤᠲᠤ ᠶᠢᠨ ᠮᠢᠩᠭᠠᠨ ᠳ᠋ᠦᠩᠰᠢᠭᠤᠷ ᠲᠡᠰ ᠤᠨ ᠬᠦᠩᠭᠡᠨᠴᠠᠭᠠᠨ ᠤ ᠠᠵᠤ ᠦᠢᠯᠡᠰ ᠤᠨ ᠪᠦᠯᠦᠭᠵᠢᠯ ᠪᠣᠯᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠬᠦᠩᠭᠡᠨᠴᠠᠭᠠᠨ ᠤ ᠠᠵᠤ ᠦᠢᠯᠡᠰ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ ᠪᠠᠷ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠤᠳᠤ ᠶᠢᠨ ᠪᠠᠶᠢᠭ᠎ᠠ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭ᠎ᠠ ᠪᠣᠳᠠᠲᠠᠢ ᠠᠳᠬᠤᠵᠤ᠂ ᠠᠵᠤ ᠦᠢᠯᠡᠰ ᠤᠨ ᠬᠥᠭᠵᠢᠯᠲᠡ ᠶᠢᠨ ᠠᠮᠢ ᠠᠬᠤᠢ ᠶᠢ ᠬᠦᠴᠦᠯᠡᠨ ᠰᠢᠯᠢᠳᠡᠭᠵᠢᠭᠦᠯᠵᠦ᠂ ᠭᠤᠣᠯᠯᠠᠬᠤ ᠠᠵᠤ ᠦᠢᠯᠡᠰ ᠤᠨ ᠬᠡᠪᠴᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠠᠵᠤ ᠦᠢᠯᠡᠰ ᠤᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ ᠤᠨ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠣᠷᠴᠢᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠰᠢᠨ᠎ᠡ ᠠᠵᠤ ᠦᠢᠯᠡᠰ ᠪᠣᠯᠤᠨ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠰᠠᠶᠢᠲᠤᠷ ᠠᠳᠬᠤᠵᠤ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠰᠠᠶᠢᠲᠤᠷ ᠠᠳᠬᠤᠵᠤ᠂ ᠨᠡᠩ ᠤᠯᠠᠨ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠢ ᠪᠤᠢ ᠪᠣᠯᠭᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ︽ᠭᠤᠷᠪᠠᠨ ᠥᠨᠳᠦᠷᠯᠢᠭ︾ ᠢ ᠪᠠᠶᠢᠭᠤᠯᠬᠤ ᠪᠠᠷ ᠵᠢᠯᠣᠭᠤᠳᠤᠮᠵᠢ ᠪᠣᠯᠭᠠᠨ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠦᠢᠯᠡᠰ ᠢ ᠰᠠᠶᠢᠲᠤᠷ ᠡᠷᠬᠢᠯᠡᠵᠦ᠂ ᠬᠤᠳᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠡᠷᠡᠰ ᠰᠠᠬᠢᠨ ᠬᠠᠮᠠᠭᠠᠯᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠤᠨ ᠴᠢᠩᠭ᠎ᠠ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠲᠤ ᠪᠤᠢ ᠪᠣᠯᠭᠠᠵᠤ᠂ ᠵᠠᠮ ᠨᠡᠭᠡᠭᠡᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠳᠠᠭᠠᠭᠤᠯᠵᠤ ᠪᠦᠯᠬᠦᠮᠳᠡᠨ ᠲᠡᠮᠡᠴᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠳ᠋ᠦᠩ ᠾᠧ ᠶᠢᠨ ᠦᠢᠯᠡᠳᠦᠯᠭᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠪᠦᠬᠦᠳᠡ ᠬᠤᠷᠠᠯ ᠠᠴᠠ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠣᠳᠠᠲᠠᠢ ᠠᠵᠢᠯᠯᠠᠬᠤ ᠰᠤᠷᠲᠠᠯ ᠢ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠣᠳᠠᠲᠠᠢ ᠠᠵᠢᠯᠯᠠᠬᠤ ᠶᠢ ᠠᠳᠬᠤᠬᠤ ᠡᠷᠡᠰ ᠵᠣᠷᠢᠭ ᠢᠶᠠᠷ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃      ᠪᠦᠬᠦᠳᠡ ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠪᠠᠨ ᠰᠢᠨᠡᠳᠬᠡᠵᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠲᠤᠷᠰᠢᠵᠤ᠂ ᠤᠷᠢᠳᠠᠪᠠᠷ ᠬᠢᠵᠦ ᠤᠷᠢᠳᠠᠪᠠᠷ ᠲᠤᠷᠰᠢᠵᠤ᠂ ᠰᠢᠨ᠎ᠡ ᠥᠭᠡᠷᠡᠴᠢᠯᠡᠯᠲᠡ ᠶᠢᠨ ᠦᠢᠯᠡᠳᠦᠯᠭᠡ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠪᠣᠳᠠᠲᠠᠢ ᠠᠵᠢᠯᠯᠠᠬᠤ ᠪᠠᠷ ᠡᠯ᠎ᠡ ᠵᠦᠢᠯ ᠤᠨ ᠠᠵᠢᠯ ᠢ ᠴᠢᠩᠭ᠎ᠠ ᠠᠩᠬᠠᠷᠴᠤ᠂ ᠪᠣᠳᠠᠲᠤ ᠠᠵᠢᠯᠯᠠᠭ᠎ᠠ ᠪᠠᠷ ᠢᠶᠠᠨ ︽ᠳ᠋ᠦᠩ ᠾᠧ ᠭᠤᠣᠯ ᠤᠨ ᠰᠦᠷ ᠬᠦᠴᠦᠨ ᠢ ᠳᠠᠬᠢᠨ ᠮᠠᠨᠳᠤᠭᠤᠯᠵᠤ ᠂ ᠳᠠᠬᠢᠨᠲᠠ ᠴᠡᠴᠡᠭᠯᠡᠨ ᠬᠥᠭᠵᠢᠵᠦ︾᠂ ᠪᠤᠭᠤᠲᠤ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠤᠷᠢᠶᠠᠯᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1