ᠳ᠋ᠦᠩ ᠾᠧ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠱᠠᠩᠬᠠᠶ ᠬᠤᠲᠠ ᠶᠢᠨ ᠵᠢᠶᠠ ᠳ᠋ᠢᠩ ᠲᠣᠭᠤᠷᠢᠭ ᠤᠨ ᠬᠤᠸᠠ ᠵᠢᠶᠠᠩ ᠳᠤᠮᠳᠠᠳᠤ ᠰᠤᠷᠭᠠᠭᠤᠯᠢ ᠲᠠᠢ ᠨᠥᠬᠦᠷᠰᠡᠭ ᠬᠤᠣᠰᠯᠠᠨ ᠬᠠᠮᠲᠤ ᠪᠠᠷ ᠪᠠᠶᠢᠭᠤᠯᠬᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/8/20
   ᠣᠶᠢᠷ᠎ᠠ ᠳᠤ᠂ ᠳ᠋ᠦᠩ ᠾᠧ ᠲᠣᠭᠤᠷᠢᠭ ᠤᠨ ᠨᠢᠭᠡᠳᠦᠭᠡᠷ ᠳᠤᠮᠳᠠᠳᠤ ᠰᠤᠷᠭᠠᠭᠤᠯᠢ ᠱᠠᠩᠬᠠᠶ ᠬᠤᠲᠠ ᠶᠢᠨ ᠵᠢᠶᠠ ᠳ᠋ᠢᠩ ᠲᠣᠭᠤᠷᠢᠭ ᠤᠨ ᠬᠤᠸᠠ ᠵᠢᠶᠠᠩ ᠳᠤᠮᠳᠠᠳᠤ ᠰᠤᠷᠭᠠᠭᠤᠯᠢ ᠲᠠᠢ ᠨᠥᠬᠦᠷᠰᠡᠭ ᠬᠤᠣᠰᠯᠠᠨ ᠬᠠᠮᠲᠤ ᠪᠠᠷ ᠪᠠᠶᠢᠭᠤᠯᠬᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃
    ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠰᠤᠷᠭᠠᠭᠤᠯᠢ ᠪᠠᠶᠢᠭᠤᠯᠬᠤ᠂ ᠬᠥᠭᠵᠢᠭᠦᠯᠬᠦ᠂ ᠬᠡᠪᠴᠢᠶ᠎ᠡ᠂ ᠤᠨᠴᠠᠯᠢᠬᠳᠤ ᠰᠤᠷᠭᠠᠭᠤᠯᠢ ᠡᠷᠭᠢᠯᠡᠬᠦ ᠵᠡᠷᠭᠡ ᠲᠠᠯ᠎ᠠ ᠶᠢᠨ ᠪᠠᠶᠢᠳᠠᠯ ᠢ ᠲᠣᠰ ᠲᠣᠰ ᠨᠠᠷᠢᠨ ᠲᠠᠨᠢᠯᠴᠠᠭᠤᠯᠤᠭᠰᠠᠨ ᠪᠥᠭᠡᠳ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠠᠮᠲᠤ ᠪᠠᠷ ᠪᠠᠶᠢᠭᠤᠯᠬᠤ ᠠᠵᠢᠯ ᠤᠨ ᠪᠣᠳᠠᠲᠠᠶ ᠲᠥᠯᠥᠪᠯᠡᠭᠡ ᠶᠢᠨ ᠲᠤᠬᠠᠶ ᠤᠯᠠᠮ ᠨᠢᠭᠡ ᠠᠯᠬᠤᠮ ᠵᠥᠪᠳᠡᠯᠴᠡᠪᠡ᠃ ᠳᠠᠷᠠᠭ᠎ᠠ ᠨᠢ᠂ ᠬᠤᠶᠠᠷ ᠲᠠᠯ᠎ᠠ ᠪᠠᠷ ᠢᠶᠠᠨ ᠨᠥᠬᠦᠷᠰᠡᠭ ᠬᠠᠪᠰᠤᠷᠤᠯᠴᠠᠭ᠎ᠠ ᠪᠠᠶᠢᠭᠤᠯᠵᠤ ᠬᠠᠮᠲᠤ ᠪᠠᠷ ᠪᠠᠶᠢᠭᠤᠯᠬᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠬᠤᠶᠢᠰᠢᠳᠠ ᠶᠢᠨ ᠬᠠᠮᠲᠤᠷᠠᠯᠴᠠᠭᠠᠨ ᠤ ᠶᠠᠪᠤᠴᠠ ᠳᠤ᠂ ᠬᠤᠶᠠᠷ ᠰᠤᠷᠭᠠᠭᠤᠯᠢ ᠬᠠᠮᠲᠤ ᠪᠠᠷ ᠴᠢᠷᠮᠠᠶᠢᠵᠤ᠂ ᠤᠯᠠᠨ ᠡᠰᠢᠴᠢᠯᠡᠭᠰᠡᠨ ᠰᠣᠯᠢᠯᠴᠠᠭ᠎ᠠ ᠰᠤᠷᠤᠯᠴᠠᠯᠭ᠎ᠠ ᠶᠢ ᠦᠷᠭᠦᠯᠵᠢᠯᠡᠨ ᠠᠬᠢᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠬᠠᠮᠲᠤᠪᠠᠷ ᠡᠳ᠋ᠯᠡᠵᠦ᠂ ᠰᠤᠷᠭᠠᠭᠤᠯᠢ ᠶᠢᠨ ᠬᠠᠮᠢᠶᠠᠷᠤᠯᠲᠠ ᠶᠢᠨ ᠲᠦᠪᠰᠢᠨ᠂ ᠵᠢᠭᠠᠨ ᠰᠤᠷᠭᠠᠯᠲᠠ ᠶᠢᠨ ᠲᠦᠪᠰᠢᠨ᠂ ᠰᠤᠷᠭᠠᠨ ᠬᠥᠮᠦᠵᠢᠯ ᠤᠨ ᠶᠠᠰᠤ ᠴᠢᠨᠠᠷ ᠪᠣᠯᠤᠨ ᠰᠤᠷᠭᠠᠭᠤᠯᠢ ᠡᠷᠬᠢᠯᠡᠬᠦ ᠪᠣᠳᠠᠲᠤ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1