ᠰᠤᠷᠪᠤᠯᠵᠢᠯᠠᠨ ᠶᠠᠷᠢᠯᠴᠠᠬᠤ ᠭᠤᠤᠯ ᠰᠡᠳᠦᠪ᠄ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠬᠤ ᠬᠡᠪᠴᠢᠶ᠎ᠡ ᠶᠢ ᠥᠷᠭᠡᠳᠬᠡᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠨᠠᠩ ᠣᠯᠠᠨ ᠣᠯᠠᠨ ᠲᠦᠮᠡᠨ ᠳᠤ ᠠᠰᠢᠭ ᠬᠦᠷᠲᠡᠭᠡᠨ᠎ᠡ
ᠨᠡᠶᠢᠲᠡᠯᠡᠭᠰᠡᠨ ᠴᠠᠭ᠄
2024/8/20
     ᠰᠣᠷᠪᠣᠯᠵᠢᠯᠠᠨ ᠶᠠᠷᠢᠯᠴᠠᠬᠤ ᠴᠠᠭ᠄ 2024 ᠣᠨ ᠤ 7 ᠳ᠋ᠤᠭᠠᠷ ᠰᠠᠷ᠎ᠠ ᠶᠢᠨ 3 ᠤ ᠡᠳᠦᠷ      ᠤᠷᠢᠭᠳᠠᠭᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠶᠠᠩ ᠭᠤᠸᠠᠩ ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠳᠡᠳ᠋ ᠡᠷᠬᠢᠯᠡᠭᠴᠢ ᠰᠦᠬᠡ      ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠰᠠᠯᠠᠭᠠᠨ ᠤ ᠳᠠᠷᠤᠭ᠎ᠠ ᠵᠠᠩ ᡁᠢ ᠭᠦᠸᠧ      ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠴᠤᠭᠯᠠᠭᠤᠯᠬᠤ ᠪᠠ ᠬᠠᠤᠯᠢ ᠶᠢᠨ ᠶᠠᠪᠤᠳᠠᠯ ᠤᠨ ᠰᠠᠯᠠᠭᠠᠨ ᠤ ᠳᠠᠷᠤᠭ᠎ᠠ ᠵᠢᠩ ᠰᠢᠶᠤᠤ ᠴᠢᠨ      ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠬᠢᠷᠠᠭᠤᠯᠤᠯᠲᠠ ᠶᠢᠨ ᠲᠥᠪ ᠤᠨ ᠰᠠᠯᠠᠭᠠᠨ ᠳᠠᠷᠤᠭ᠎ᠠ ᠷᠧᠨ ᠫᠢᠩ ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠰᠦᠯᠵᠢᠶᠡᠨ ᠴᠡᠭ ᠤᠨ ᠬᠠᠷᠢᠭᠤᠴᠠᠯᠭᠠᠲᠠᠨ ᠸᠠᠩ ᠯᠧ      ᠰᠤᠷᠪᠤᠯᠵᠢᠯᠠᠨ ᠶᠠᠷᠢᠯᠴᠠᠬᠤ ᠠᠭᠤᠯᠭ᠎ᠠ ᠶᠢᠨ ᠲᠣᠬᠠᠢ ᠲᠣᠪᠴᠢ ᠲᠠᠨᠢᠯᠴᠠᠭᠤᠯᠭ᠎ᠠ᠄ ᠮᠠᠨ ᠤ ᠬᠤᠲᠠ ᠶᠢᠨ ᠠᠮᠢᠳᠤᠯᠢᠭ ᠢᠶᠠᠷ ᠠᠵᠢᠯ ᠣᠯᠣᠭᠰᠠᠳ ᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠥᠷᠭᠡᠳᠭᠡᠬᠦ ᠠᠵᠢᠯ ᠳᠤ ᠣᠷᠣᠯᠴᠠᠬᠤ ᠶᠢ ᠠᠬᠢᠭᠤᠯᠤᠭᠰᠠᠨ ᠪᠠᠶᠢᠳᠠᠯ᠃      ᠬᠥᠲᠥᠯᠥᠭᠴᠢ᠄ ︽ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ᠂ ᠴᠤᠭᠯᠠᠭᠤᠯᠬᠤ ᠬᠥᠮᠦᠨ ᠤ ᠲᠤᠭ᠎ᠠ ᠶᠢ 3 ᠲᠦᠮᠡ ᠳᠤ ᠬᠦᠷᠭᠡᠨ᠎ᠡ᠃ ᠡᠨᠡ ᠨᠢ ᠡᠨᠡ ᠵᠢᠯ ᠤᠨ ︽ᠠᠷᠠᠳ ᠤᠨ ᠠᠮᠢᠳᠤᠷᠠᠯ ᠤᠨ ᠲᠦᠷᠦᠯ ᠵᠦᠢᠯ ᠤᠨ 40 ᠵᠦᠢᠯ︾ ᠤᠨ ᠳᠣᠲᠣᠷᠠᠬᠢ ᠵᠢᠷᠭᠤᠳᠤᠭᠠᠷ ᠵᠦᠢᠯ ᠪᠣᠯᠤᠨ᠎ᠠ᠂ ᠣᠳᠣᠬᠠᠨ ᠳᠤ ᠪᠣᠯᠲᠠᠯ᠎ᠠ ᠮᠠᠨ ᠤ ᠡᠨᠡ ᠬᠦ ᠠᠵᠢᠯ ᠤᠨ ᠠᠬᠢᠯᠲᠠ ᠶᠢᠨ ᠪᠠᠶᠢᠳᠠᠯ ᠶᠠᠮᠠᠷ ᠪᠠᠶᠢᠬᠤ ᠪᠣᠢ︖ ᠰᠣᠷᠪᠤᠯᠵᠢᠯᠠᠭᠳᠠᠭᠴᠢ ᠶᠠᠩ ᠭᠤᠸᠠᠩ᠄ ᠴᠢᠷᠮᠠᠶᠢᠯᠭ᠎ᠠ ᠪᠠᠷ ᠳᠡᠮᠵᠢᠨ᠂ 2023 ᠣᠨ ᠤ 4 ᠳ᠋ᠦ᠋ᠭᠡᠷ ᠰᠠᠷ᠎ᠠ ᠶᠢᠨ 6 ᠤ ᠡᠳᠦᠷ ᠪᠤᠭᠤᠲᠤ ᠬᠤᠲᠠ ᠪᠥᠬᠦ ᠤᠯᠤᠰ ᠤᠨ ᠬᠤᠶᠠᠳᠤᠭᠠᠷ ᠪᠦᠯᠦᠭ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠤᠨ ᠲᠤᠷᠰᠢᠯᠲᠠ ᠶᠢᠨ ᠴᠡᠭ ᠲᠤ ᠣᠷᠣᠯᠴᠠᠬᠤ ᠪᠠᠷ ᠵᠢᠩᠬᠢᠨᠢ ᠪᠠᠷ ᠵᠥᠪᠰᠢᠶᠡᠷᠡᠭᠳᠡᠵᠦ᠂ ᠪᠥᠬᠦ ᠤᠯᠤᠰ ᠤᠨ 13 ᠲᠤᠷᠰᠢᠯᠲᠠ ᠶᠢᠨ ᠴᠡᠭ ᠤᠨ ᠨᠢᠭᠡ ᠪᠣᠯᠵᠣ᠂ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠲᠤᠷᠰᠢᠯᠲᠠ ᠶᠢᠨ ᠴᠡᠭ ᠤᠨ ᠬᠤᠲᠠ ᠪᠣᠯᠤᠭᠰᠠᠨ ᠪᠠᠶᠢᠨ᠎ᠠ᠃ ᠠᠮᠢᠳᠤᠯᠢᠭ ᠢᠶᠠᠷ ᠠᠵᠢᠯ ᠣᠯᠤᠭᠰᠠᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠠᠷᠠᠳ ᠲᠤ ᠠᠰᠢᠭ ᠬᠦᠷᠲᠡᠭᠡᠬᠦ ᠡᠨᠡ ᠬᠦ ᠲᠥᠷᠥ ᠶᠢᠨ ᠪᠣᠳᠣᠯᠭ᠎ᠠ ᠳᠤ ᠣᠷᠣᠯᠴᠠᠵᠤ᠂ ᠮᠠᠨ ᠤ ᠬᠤᠲᠠ ᠶᠢᠨ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ 40 ᠲᠥᠷᠥᠯ ᠵᠦᠢᠯ ᠤᠨ ᠨᠢᠭᠡ ᠪᠠᠷ ᠵᠢᠭᠰᠠᠭᠠᠭᠳᠠᠭᠰᠠᠨ ᠪᠠᠶᠢᠨ᠎ᠠ᠃ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ ᠠᠮᠢᠳᠤᠯᠢᠭ ᠢᠶᠠᠷ ᠠᠵᠢᠯ ᠣᠯᠤᠭᠰᠠᠳ ᠤᠨ ᠥᠷᠭᠡᠨ ᠳᠡᠯᠭᠡᠷ ᠠᠩᠬᠠᠷᠤᠯ ᠪᠠ ᠢᠳᠡᠪᠬᠢᠲᠡᠢ ᠣᠷᠤᠯᠴᠠᠯᠭ᠎ᠠ ᠶᠢ ᠣᠯᠵᠤ᠂ ᠰᠠᠶᠢᠨ ᠰᠠᠶᠢᠬᠠᠨ ᠨᠡᠶᠢᠭᠡᠮ ᠤᠨ ᠲᠤᠰᠬᠠᠯ ᠢ ᠣᠯᠪᠠ       ᠳᠣᠤᠷ᠎ᠠ ᠪᠢ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠤᠨ ᠠᠵᠢᠯ ᠳᠤ ᠣᠷᠣᠯᠴᠠᠭᠰᠠᠨ ᠠᠬᠢᠴᠠ ᠶᠢᠨ ᠪᠠᠶᠢᠳᠠᠯ ᠢ ᠲᠣᠪᠴᠢ ᠲᠠᠨᠢᠯᠴᠠᠭᠤᠯᠤᠶ᠎ᠠ᠃       2023 ᠣᠨ ᠤ 9 ᠳ᠋ᠦ᠋ᠭᠡᠷ ᠰᠠᠷ᠎ᠠ ᠳᠤ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠪᠤᠭᠤᠲᠤ ᠬᠤᠲᠠ ᠶᠢᠨ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠤᠨ ᠲᠤᠷᠰᠢᠯᠲᠠ ᠶᠢᠨ ᠴᠡᠭ ᠤᠨ ᠠᠵᠢᠯ ᠳᠤ ᠣᠷᠣᠯᠴᠠᠬᠤ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ᠂ ᠪᠤᠭᠤᠲᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠠᠴᠠ ︽ᠪᠤᠭᠤᠲᠤ ᠬᠤᠲᠠ ᠶᠢᠨ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠤᠨ ᠲᠤᠷᠰᠢᠯᠲᠠ ᠶᠢᠨ ᠴᠡᠭ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠶᠢᠨ ᠬᠠᠮᠲᠤ ︽ᠪᠤᠭᠤᠲᠤ ᠬᠤᠲᠠ ᠶᠢᠨ ᠠᠮᠢᠳᠤᠯᠢᠭ ᠢᠶᠠᠷ ᠠᠵᠢᠯ ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠤᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠨᠠᠷᠢᠨ ᠲᠦᠷᠢᠮ︾ ᠢ ᠢᠵᠢ ᠪᠦᠷᠢᠳᠦᠭᠦᠯᠦᠨ ᠲᠣᠭᠲᠠᠭᠠᠵᠤ᠂ ᠲᠤᠷᠰᠢᠯᠲᠠ ᠶᠢᠨ ᠴᠡᠭ ᠤᠨ ᠠᠵᠢᠯ ᠢ 2023 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠵᠢᠩᠬᠢᠨᠢ ᠪᠠᠷ ᠬᠡᠷᠡᠭᠵᠢᠭᠦᠯᠬᠦ ᠪᠠᠷ ᠲᠣᠭᠲᠠᠭᠠᠪᠠ᠃ 2024 ᠣᠨ ᠤ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠠᠮᠢᠳᠤᠯᠢᠭ ᠢᠶᠠᠷ ᠠᠵᠢᠯ ᠣᠯᠤᠭᠰᠠᠳ ᠨᠡᠶᠢᠲᠡ 37371 ᠬᠥᠮᠦᠨ᠂ ᠪᠣᠳᠠᠲᠠᠶ ᠲᠤᠰᠢᠶᠠᠭᠰᠠᠨ ᠲᠠᠩᠰᠠᠨ ᠡᠷᠦᠬᠡ ᠨᠡᠶᠢᠲᠡ 22851 ᠬᠥᠮᠦᠨ᠂ ᠲᠠᠩᠰᠠ ᠡᠷᠦᠬᠡ ᠶᠢᠨ ᠪᠣᠳᠠᠲᠠᠶ ᠲᠤᠰᠢᠶᠠᠭᠰᠠᠨ ᠨᠣᠷᠮ᠎ᠠ ᠨᠡᠶᠢᠲᠡ 61.1% ᠪᠠᠶᠢᠪᠠ᠃ ᠲᠤᠰᠢᠶᠠᠨ ᠬᠠᠳᠠᠭᠠᠯᠠᠭᠰᠠᠨ ᠵᠣᠭᠤᠰ ᠤᠨ ᠲᠤᠭ᠎ᠠ ᠨᠡᠶᠢᠲᠡ 1.14 ᠳ᠋ᠦᠩᠰᠢᠭᠤᠷ ᠲᠥᠭᠦᠷᠢᠭ ᠲᠤ ᠬᠦᠷᠴᠦ᠂ ᠲᠤᠰᠢᠶᠠᠨ ᠬᠠᠳᠠᠭᠠᠯᠠᠭᠰᠠᠨ ᠦᠯᠡᠳᠡᠪᠦᠷᠢ ᠲᠤᠭ᠎ᠠ 9326 ᠲᠦᠮᠡᠨ ᠲᠥᠭᠦᠷᠢᠭ ᠲᠤ ᠬᠦᠷᠴᠡᠶ᠃ ᠠᠮᠢᠳᠤᠯᠢᠭ ᠢᠶᠠᠷ ᠠᠵᠢᠯ ᠣᠯᠤᠭᠰᠠᠳ ᠤᠨ ᠲᠤᠭ᠎ᠠ ᠨᠡᠶᠢᠲᠡ 2147 ᠲᠦᠮᠡᠨ ᠲᠥᠭᠦᠷᠢᠭ ᠲᠤ ᠬᠦᠷᠴᠦ᠂ ᠭᠠᠷᠭᠠᠨ ᠠᠪᠤᠭᠰᠠᠨ ᠨᠤᠷᠮ᠎ᠠ 18.8% ᠪᠠᠶᠢᠪᠠ᠃ ᠠᠮᠢᠳᠤᠯᠢᠭ ᠢᠶᠠᠷ ᠠᠵᠢᠯ ᠣᠯᠤᠭᠰᠠᠳ ᠨᠡᠶᠢᠲᠡ 178 ᠬᠤᠪᠢ᠂ ᠵᠢᠭᠡᠯᠡᠯᠭᠡ ᠶᠢᠨ ᠮᠥᠩᠭᠦ 6855.9 ᠲᠦᠮᠡᠨ ᠲᠥᠭᠦᠷᠢᠭ ᠲᠠᠯᠪᠢᠵᠤ᠂ ᠵᠢᠭᠡᠯᠡᠯᠭᠡ ᠶᠢᠨ ᠦᠯᠡᠳᠡᠪᠦᠷᠢ 6773.3 ᠲᠦᠮᠡᠨ ᠲᠥᠭᠦᠷᠢᠭ ᠲᠤ ᠬᠦᠷᠴᠦ᠂ ᠬᠤᠪᠢ ᠶᠢᠨ ᠵᠢᠭᠡᠯᠡᠯᠭᠡ ᠶᠢᠨ ᠨᠤᠷᠮ᠎ᠠ 72.6% ᠪᠠᠶᠢᠪᠠ᠃ ᠡᠭᠦᠨ ᠳᠤ᠄ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠨᠢᠭᠡᠨᠲᠡ ᠭᠦᠢᠴᠡᠳᠭᠡᠬᠦ ᠳᠤ ᠠᠮᠢᠳᠤᠯᠢᠭ ᠢᠶᠠᠷ ᠠᠵᠢᠯ ᠣᠯᠤᠭᠰᠠᠳ ᠤᠨ ᠳᠣᠲᠣᠷ᠎ᠠ᠂ ᠨᠢᠭᠡᠳᠦᠭᠡᠷ ᠢᠵᠢ ᠣᠷᠣᠨ ᠰᠠᠭᠤᠴᠠ ᠶᠢ ᠰᠠᠶ᠋ᠢᠬᠠᠨ ᠬᠤᠳᠠᠯᠳᠤᠨ ᠠᠪᠬᠤ ᠳᠤ ᠬᠡᠷᠡᠭᠰᠡᠬᠦ ᠵᠣᠭᠤᠰ ᠤᠨ ᠲᠤᠭ᠎ᠠ ᠨᠢ 81.7% ᠶᠢ ᠡᠵᠡᠯᠡᠪᠡ᠃ ᠳᠤᠮᠳᠠᠴᠢ ᠵᠢᠭᠡᠯᠡᠯᠭᠡ ᠶᠢᠨ ᠲᠤᠭ᠎ᠠ ᠨᠢ 38.5 ᠲᠦᠮᠡᠨ ᠲᠥᠭᠦᠷᠢᠭ᠂ ᠳᠤᠮᠳᠠᠴᠢ ᠵᠢᠭᠡᠯᠡᠯᠭᠡ ᠶᠢᠨ ᠬᠤᠭᠤᠴᠠᠭ᠎ᠠ ᠨᠢ 13.9 ᠵᠢᠯ᠂ 19390. 49 ᠺᠦᠸᠠᠳ᠋ ᠮᠧᠳ᠋ᠷ ᠲᠠᠯᠠᠪᠠᠢ ᠶᠢᠨ ᠣᠷᠣᠨ ᠰᠠᠭᠤᠴᠠ ᠬᠤᠳᠠᠯᠳᠤᠨ ᠠᠪᠬᠤ ᠶᠢ ᠳᠡᠮᠵᠢᠪᠡ᠃ ᠨᠢᠭᠡᠨᠲᠡ ᠵᠢᠭᠡᠯᠡᠯᠭᠡ ᠲᠠᠯᠪᠢᠭᠰᠠᠨ ᠤ ︽ᠬᠤᠳᠠᠯᠳᠤᠭ᠎ᠠ ᠠᠴᠠ ᠠᠯᠪᠠᠨ ᠳᠤ ᠰᠢᠯᠵᠢᠭᠦᠯᠦᠭᠰᠡᠨ︾ ᠨᠢ 157 ᠬᠤᠪᠢ᠂ 5926 ᠲᠦᠮᠡᠨ ᠲᠥᠭᠦᠷᠢᠭ᠂ ᠲᠠᠸᠠᠷ ᠤᠨ ᠬᠡᠷ 7 ᠬᠤᠪᠢ᠂ 315 ᠲᠦᠮᠡᠨ ᠲᠥᠭᠦᠷᠢᠭ ᠪᠠᠶᠢᠪᠠ᠂ ᠭᠠᠷ ᠳᠠᠮᠵᠢᠭᠰᠠᠨ ᠬᠡᠷ ᠪᠠᠶᠢᠰᠢᠩ 14 ᠬᠤᠪᠢ᠂ 614.9 ᠲᠦᠮᠡᠨ ᠲᠥᠭᠦᠷᠢᠭ ᠪᠠᠶᠢᠪᠠ᠃      ᠬᠥᠲᠥᠯᠥᠭᠴᠢ᠄ ᠲᠤᠷᠰᠢᠯᠲᠠ ᠶᠢᠨ ᠴᠡᠭ ᠤᠨ ᠲᠥᠷᠥ ᠶᠢᠨ ᠪᠣᠳᠣᠯᠭ᠎ᠠ ᠨᠢ ᠠᠮᠢᠳᠤᠯᠢᠭ ᠢᠶᠠᠷ ᠠᠵᠢᠯ ᠣᠯᠤᠭᠰᠠᠳ ᠲᠤ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠠᠰᠢᠭ ᠠᠪᠴᠢᠷᠠᠵᠤ ᠥᠭᠬᠦ ᠪᠣᠶ︖      ᠰᠦᠬᠡ᠄ ᠨᠢᠭᠡ ᠳᠤ᠂ ᠳᠣᠤᠷ᠎ᠠ ᠲᠤᠰᠢᠶᠠᠨ ᠬᠠᠳᠠᠭᠠᠯᠠᠭᠤᠯᠬᠤ᠂ ᠠᠭᠤᠵᠢᠭᠤ ᠲᠠᠯᠪᠢᠬᠤ ᠶᠢ ᠵᠥᠪᠰᠢᠶᠡᠷᠡᠨ ᠤᠷᠤᠭᠤᠯᠤᠨ᠎ᠠ᠃ ᠪᠦᠬᠦᠯᠢ 16 ᠨᠠᠰᠤ ᠬᠦᠷᠦᠭᠰᠡᠨ᠂ ᠤᠯᠤᠰ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠰᠠᠯᠵᠤ ᠪᠠᠭᠤᠵᠤ ᠠᠮᠠᠷᠠᠬᠤ ᠨᠠᠰᠤᠨ ᠳᠤ ᠬᠦᠷᠦᠭᠡᠳᠦᠢ ᠪᠠᠶᠢᠪᠠᠯ᠂ ᠪᠦᠬᠦᠯᠢ ᠡᠳᠦᠷ ᠤᠨ ᠳᠦᠷᠢᠮ᠂ ᠰᠢᠨ᠎ᠡ ᠡᠵᠡᠩᠨᠡᠯᠲᠡ ᠶᠢᠨ ᠬᠡᠯᠪᠡᠷᠢ ᠵᠡᠷᠭᠡ ᠠᠷᠭ᠎ᠠ ᠬᠡᠯᠪᠡᠷᠢ ᠪᠠᠷ ᠠᠵᠢᠯ ᠣᠯᠤᠭᠰᠠᠨ ᠪᠥᠭᠡᠳ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠠᠮᠢᠳᠤᠯᠢᠭ ᠢᠶᠠᠷ ᠠᠵᠢᠯ ᠣᠯᠤᠭᠰᠠᠳ ᠴᠥᠮ ᠰᠠᠶᠢᠨ ᠳᠤᠷ᠎ᠠ ᠠᠴᠠ ᠪᠠᠨ ᠮᠠᠨ ᠤ ᠬᠤᠲᠠ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠳᠤ ᠣᠷᠣᠯᠴᠠᠵᠤ ᠪᠣᠯᠣᠨ᠎ᠠ᠂ ᠡᠷᠦᠬᠡ ᠠᠮᠠ ᠶᠢᠨ ᠬᠢᠵᠠᠭᠠᠷᠯᠠᠯ ᠦᠭᠡᠢ᠃ ᠬᠤᠶᠠᠷ ᠲᠤ᠂ ᠬᠦᠦ ᠮᠦᠩᠭᠦ ᠶᠢᠨ ᠨᠤᠷᠮ᠎ᠠ ᠳᠤᠤᠷ᠎ᠠ᠂ ᠳᠠᠷᠤᠯᠲᠠ ᠶᠢ ᠪᠠᠭᠠᠰᠬᠠᠨ᠎ᠠ᠃ ᠠᠮᠢᠳᠤᠯᠢᠭ ᠢᠶᠠᠷ ᠠᠵᠢᠯ ᠣᠯᠣᠭᠰᠠᠨ ᠲᠤᠰᠢᠶᠠᠨ ᠬᠠᠳᠠᠭᠠᠯᠠᠭᠤᠯᠤᠭᠴᠢ ᠵᠢᠭᠡᠯᠡᠯᠭᠡ ᠶᠢᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠨᠢᠭᠡ ᠬᠥᠮᠦᠨ ᠬᠠᠮᠤᠭ ᠤᠨ ᠥᠨᠳᠥᠷ ᠲᠤ ᠪᠠᠨ 60 ᠲᠦᠮᠡᠨ ᠲᠥᠭᠦᠷᠢᠭ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠵᠤ ᠪᠣᠯᠤᠨ᠎ᠠ᠂ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠬᠠᠮᠤᠭ ᠤᠨ ᠥᠨᠳᠥᠷ ᠲᠤ ᠪᠠᠨ 100 ᠲᠦᠮᠡᠨ ᠲᠥᠭᠦᠷᠢᠭ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠵᠤ ᠪᠣᠯᠤᠨ᠎ᠠ᠃ ᠭᠤᠷᠪᠠ ᠳᠤ᠂ ᠲᠤᠰᠢᠶᠠᠨ ᠬᠠᠳᠠᠭᠠᠯᠠᠬᠤ ᠵᠣᠬᠢᠴᠠᠮᠵᠢ ᠶᠢ ᠠᠮᠢᠳᠤᠯᠢᠭ ᠪᠠᠶᠢᠯᠭᠠᠨ᠎ᠠ᠃ ᠠᠮᠢᠳᠤᠯᠢᠭ ᠢᠶᠠᠷ ᠠᠵᠢᠯ ᠣᠯᠤᠭᠰᠠᠳ ᠤᠨ ᠠᠵᠢᠯ ᠮᠡᠷᠭᠡᠵᠢᠯ ᠪᠠ ᠣᠷᠣᠯᠭ᠎ᠠ ᠶᠢᠨ ᠣᠨᠴᠠᠯᠢᠭ ᠲᠠᠢ ᠤᠶᠠᠯᠳᠤᠭᠤᠯᠤᠨ᠂ ᠲᠤᠷᠰᠢᠯᠲᠠ ᠶᠢᠨ ᠴᠡᠭ ᠤᠨ ᠲᠥᠷᠥ ᠶᠢᠨ ᠪᠣᠳᠣᠯᠭ᠎ᠠ ᠳᠤ ᠲᠤᠰᠢᠶᠠᠨ ᠬᠠᠳᠠᠭᠠᠯᠠᠭᠤᠯᠬᠤ ᠠᠷᠭ᠎ᠠ ᠬᠡᠯᠪᠡᠷᠢ ᠶᠢ ᠵᠢᠷᠤᠵᠤ ᠲᠥᠯᠥᠪᠯᠡᠨ ᠠᠮᠢᠳᠤᠯᠢᠭ ᠢᠶᠠᠷ ᠠᠵᠢᠯ ᠣᠯᠤᠭᠰᠠᠳ ᠤᠨ ᠰᠣᠩᠭᠤᠯᠲᠠ ᠶᠢ ᠬᠠᠩᠭᠠᠨ᠎ᠠ᠂ ᠪᠣᠳᠠᠲᠠᠶ ᠳᠤ ᠰᠠᠷ᠎ᠠ᠂ ᠤᠯᠠᠷᠢᠯ᠂ ᠵᠢᠯ ᠤᠨ ᠲᠣᠭᠲᠠᠮᠠᠯ ᠲᠤᠰᠢᠶᠠᠨ ᠬᠠᠳᠠᠭᠠᠯᠠᠬᠤ ᠵᠢᠴᠢ ᠠᠮᠢᠳᠤᠯᠢᠭ ᠢᠶᠠᠷ ᠲᠤᠰᠢᠶᠠᠨ ᠬᠠᠳᠠᠭᠠᠯᠠᠭᠤᠯᠬᠤ ᠶᠢ ᠪᠠᠭᠲᠠᠭᠠᠨ᠎ᠠ᠃ ᠳᠥᠷᠪᠡ ᠳᠤ᠂ ᠲᠤᠰᠢᠶᠠᠬᠤ ᠬᠥᠮᠦᠰ ᠤᠨ ︽ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ︾ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢ ᠦᠨᠳᠦᠰᠦᠯᠡᠪᠡᠯ᠂ ᠠᠮᠢᠳᠤᠯᠢᠭ ᠢᠶᠠᠷ ᠠᠵᠢᠯ ᠣᠯᠤᠭᠰᠠᠨ ᠬᠥᠮᠦᠰ ᠤᠨ ᠳᠣᠲᠣᠷ᠎ᠠ᠂ 61% ᠶᠢᠨ ᠬᠥᠮᠦᠰ ᠠᠵᠢᠯᠯᠠᠵᠤ ᠪᠠᠶᠢᠭ᠎ᠠ ᠭᠠᠵᠠᠷ ᠲᠤ ᠪᠠᠨ ᠭᠡᠷ ᠥᠬᠡᠶ᠂ 41% ᠶᠢᠨ ᠬᠦᠮᠦᠰ ᠶᠠᠭ ᠭᠡᠷ ᠬᠤᠳᠠᠯᠳᠤᠨ ᠠᠪᠴᠤ ᠪᠣᠶ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠳᠤ ᠣᠷᠣᠯᠴᠠᠬᠤ ᠪᠠᠷ ᠳᠠᠮᠵᠢᠭᠤᠯᠤᠨ᠂ ᠭᠡᠷ ᠥᠬᠡᠶ ᠠᠮᠢᠳᠤᠯᠢᠭ ᠢᠶᠠᠷ ᠠᠵᠢᠯ ᠣᠯᠤᠭᠰᠠᠳ ᠤᠨ ︽ᠤᠷᠢᠳ ᠢᠶᠠᠷ ᠲᠦᠷᠢᠶᠡᠰᠦᠯᠡᠵᠦ ᠳᠠᠷᠠᠭ᠎ᠠ ᠨᠢ ᠬᠤᠳᠠᠯᠳᠤᠨ ᠠᠪᠬᠤ︾ ᠶᠢ ᠳᠡᠮᠵᠢᠵᠦ᠂ ᠠᠳᠠᠯᠢ ᠪᠤᠰᠤ ᠱᠠᠲᠤ ᠦᠶ᠎ᠡ ᠶᠢᠨ ᠭᠡᠷ ᠪᠠᠶᠢᠰᠢᠩ ᠲᠦᠷᠢᠶᠡᠰᠦᠯᠡᠬᠦ᠂ ᠭᠡᠷ ᠪᠠᠶᠢᠰᠢᠩ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠪᠠ᠃ ᠲᠠᠪᠤ ᠳᠤ᠂ ᠨᠥᠬᠦᠪᠥᠷᠢ ᠠᠪᠴᠤ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠲᠤᠯᠭᠠᠨ ᠪᠣᠳᠣᠨ᠎ᠠ᠃ ᠠᠮᠢᠳᠤᠯᠢᠭ ᠢᠶᠠᠷ ᠠᠵᠢᠯ ᠣᠯᠤᠭᠠᠳ ᠲᠤᠰᠢᠶᠠᠨ ᠬᠠᠳᠠᠭᠠᠯᠠᠭᠤᠯᠤᠭᠴᠢ ᠨᠥᠬᠦᠴᠡᠯ ᠳᠤ ᠨᠡᠶᠢᠴᠡᠪᠡᠯ ᠲᠤᠰᠢᠶᠠᠨ ᠬᠠᠳᠠᠭᠠᠯᠠᠭᠤᠯᠬᠤ ᠨᠥᠬᠦᠪᠥᠷᠢ ᠣᠯᠵᠤ ᠪᠣᠯᠤᠨ᠎ᠠ᠂ ᠪᠣᠳᠠᠲᠠᠶ ᠲᠣᠭᠲᠠᠭᠠᠯ ᠨᠢ ᠲᠤᠰᠢᠶᠠᠨ ᠬᠠᠳᠠᠭᠠᠯᠠᠭᠤᠯᠤᠭᠴᠢ ᠠᠮᠢᠳᠤᠯᠢᠭ ᠢᠶᠠᠷ ᠠᠵᠢᠯ ᠣᠯᠤᠭᠰᠠᠳ ᠤᠨ ᠪᠡᠶ᠎ᠡ ᠭᠠᠷᠤᠯ ᠢᠶᠠᠷ ᠬᠤᠪᠢ ᠬᠥᠮᠦᠨ ᠤ ᠲᠠᠩᠰᠠᠨ ᠡᠷᠦᠬᠡ ᠪᠠᠶᠢᠭᠤᠯᠬᠤ ᠶᠢᠨ ᠬᠠᠮᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠲᠤᠰᠢᠶᠠᠨ ᠬᠠᠳᠠᠭᠠᠯᠠᠭᠤᠯᠬᠤ ᠨᠢ ᠨᠢᠭᠡ ᠵᠢᠯ ︵ᠪᠠᠭᠲᠠᠨ᠎ᠠ︶ ᠠᠴᠠ ᠳᠡᠭᠡᠭᠰᠢ ᠪᠠᠶᠢᠵᠤ ᠪᠣᠯᠤᠨ᠎ᠠ᠂ ᠡᠨᠡ ᠬᠤᠭᠤᠴᠠᠭᠠᠨ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠡᠷᠡᠭᠯᠡᠭᠰᠡᠨ ᠦᠭᠡᠢ ᠪᠣᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠳᠠᠩᠰᠠᠨ ᠠᠴᠠ ᠭᠠᠷᠭᠠᠬᠤ ᠦᠶ᠎ᠡ ᠳᠤ ᠲᠤᠰᠢᠶᠠᠨ ᠬᠠᠳᠠᠭᠠᠯᠠᠭᠤᠯᠤᠭᠰᠠᠨ ᠨᠥᠬᠦᠪᠥᠷᠢ ᠣᠯᠭᠤᠨ᠎ᠠ᠃ ᠵᠢᠷᠭᠤᠭ᠎ᠠ ᠳᠤ᠂ ᠰᠦᠯᠵᠢᠶᠡᠨ ᠳᠡᠭᠡᠷ᠎ᠡ ︽ᠨᠢᠭᠤᠷ ᠵᠣᠯᠭᠠᠬᠤ ᠦᠭᠡᠢ ᠪᠠᠷ ᠭᠦᠢᠴᠡᠳᠬᠡᠬᠦ︾ ᠶᠢ ᠬᠡᠷᠡᠭᠵᠢᠭᠦᠯᠦᠨ᠎ᠡ᠃ ᠠᠮᠢᠳᠤᠯᠢᠭ ᠢᠶᠠᠷ ᠠᠵᠢᠯ ᠣᠯᠤᠭᠰᠠᠳ ︽ᠭᠠᠷ ᠤᠲᠠᠰᠤᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ︾ ᠶᠢᠨ APP ᠪᠠ ︽ᠪᠤᠭᠤᠲᠤ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ︾ ᠶᠢᠨ ᠠᠯᠪᠠᠨ ᠤ ᠵᠢᠷᠭᠢᠶ᠎ᠡ ᠶᠢᠨ ᠰᠦᠯᠵᠢᠶᠡᠨ ᠳᠡᠭᠡᠷ᠎ᠡ ᠲᠤᠰᠢᠶᠠᠨ ᠬᠠᠳᠠᠭᠠᠯᠠᠭᠤᠯᠬᠤ ᠲᠥᠷᠥᠯ᠂ ᠭᠠᠷᠭᠠᠨ ᠠᠪᠬᠤ ᠲᠥᠷᠥᠯ ᠵᠢᠴᠢ ᠵᠢᠭᠡᠯᠡᠯᠭᠡ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ᠂ ︽ᠠᠯᠠᠭᠠᠨ ᠳᠡᠭᠡᠷ᠎ᠡ ᠪᠠᠨ ᠭᠦᠢᠴᠡᠳᠬᠡᠬᠦ︾᠂ ︽ᠰᠦᠯᠵᠢᠶᠡᠨ ᠳᠡᠭᠡᠷ᠎ᠡ ᠭᠦᠢᠴᠡᠳᠬᠡᠬᠦ︾᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠪᠠᠷ ᠳᠠᠮᠵᠢᠭᠤᠯᠤᠨ ᠠᠮᠢᠳᠤᠯᠢᠭ ᠢᠶᠠᠷ ᠠᠵᠢᠯ ᠣᠯᠤᠭᠰᠠᠳ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠨᠡᠩ ᠰᠠᠶᠢᠨ᠂ ᠭᠦᠢᠴᠡᠳᠬᠡᠬᠦ ᠳᠤ ᠬᠢᠯᠪᠠᠷ᠂ ᠲᠦᠷᠭᠡᠨ ᠭᠦᠢᠴᠡᠳᠬᠡᠵᠦ ᠪᠣᠯᠤᠨ᠎ᠠ᠃      ᠬᠥᠲᠥᠯᠥᠭᠴᠢ᠄ ᠣᠶᠢᠷ᠎ᠠ ᠶᠢᠨ ᠬᠤᠭᠤᠴᠠᠭᠠᠨ ᠳᠤ ᠠᠷᠠᠳ ᠲᠤ ᠠᠰᠢᠭ ᠬᠦᠷᠲᠡᠭᠡᠬᠦ ᠶᠠᠮᠠᠷ ᠶᠠᠮᠠᠷ ᠲᠥᠷᠥ ᠶᠢᠨ ᠪᠣᠳᠣᠯᠭ᠎ᠠ ᠪᠠᠶᠢᠬᠤ ᠪᠣᠶ︖      ᠰᠦᠬᠡ᠄ 2024 ᠣᠨ ᠳᠤ ᠪᠤᠭᠤᠲᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠵᠥᠪᠯᠡᠵᠦ ᠪᠠᠲᠤᠯᠠᠭᠠᠳ᠂ ᠣᠲᠣ ᠶᠢᠨ ᠬᠡᠷᠡᠭᠵᠢᠭᠦᠯᠵᠦ ᠪᠠᠶᠢᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠡᠷᠡᠭᠯᠡᠬᠦ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠪᠠ᠃ ᠨᠢᠭᠡ ᠳᠤ᠂ ᠵᠢᠭᠡᠯᠡᠯᠭᠡ ᠶᠢᠨ ᠬᠠᠮᠤᠭ ᠤᠨ ᠶᠡᠭᠡ ᠬᠡᠮᠵᠢᠶᠡᠨ ᠤ ᠪᠣᠳᠠᠲᠠᠶ ᠬᠡᠷᠡᠭᠵᠢᠭᠦᠯᠬᠦ ᠬᠤᠭᠤᠴᠠᠭ᠎ᠠ ᠶᠢ ᠤᠷᠲᠤᠳᠬᠠᠪᠠ᠃ ᠬᠤᠶᠠᠷ ᠲᠤ᠂ ᠳᠡᠭᠡᠳᠦ ᠲᠠᠰ ᠤᠨ ᠴᠢᠳᠠᠪᠤᠷᠢᠲᠠᠨ ᠤ ᠵᠢᠭᠡᠯᠡᠯᠭᠡ ᠶᠢᠨ ᠲᠤᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠪᠠ᠃ ᠭᠤᠷᠪᠠ ᠳᠤ᠂ ᠲᠦᠷᠢᠶᠡᠰᠦᠯᠡᠬᠦ ᠭᠡᠷ ᠤᠨ ᠲᠦᠯᠦᠪᠦᠷᠢ ᠶᠢᠨ ᠭᠠᠷᠭᠠᠨ ᠠᠪᠬᠤ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠣᠰ ᠤᠳᠠᠭᠠᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ 5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠳᠥᠷᠪᠡ ᠳᠤ᠂ ᠭᠡᠷ ᠪᠦᠯᠢ ᠣᠨᠴᠠ ᠬᠦᠴᠢᠷᠲᠡᠶ ᠭᠠᠷᠭᠠᠨ ᠠᠪᠬᠤ ᠲᠤᠬᠠᠶᠢᠯᠠᠭᠰᠠᠨ ᠠᠵᠢᠯ ᠵᠡᠷᠭᠡ ᠶᠢ ᠨᠡᠭᠡᠭᠡᠨ᠎ᠡ᠃      ᠬᠥᠲᠥᠯᠥᠭᠴᠢ᠄ ᠪᠢᠳᠡ ᠪᠠᠰᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠰᠢᠨ᠎ᠡ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠥᠷᠭᠡᠨ ᠣᠯᠠᠨ ᠠᠮᠢᠳᠤᠯᠢᠭ ᠢᠶᠠᠷ ᠠᠵᠢᠯ ᠣᠯᠤᠭᠰᠠᠳ᠂ ᠰᠢᠨ᠎ᠡ ᠬᠤᠲᠠ ᠶᠢᠨ ᠠᠷᠠᠳ ᠂ ᠵᠠᠯᠠᠭᠤᠴᠤᠳ ᠲᠤ ᠦᠷᠭᠦᠯᠵᠢᠯᠡᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠲᠡᠳᠡᠨ ᠤ ᠪᠤᠭᠤᠲᠤ ᠳᠤ ᠰᠠᠨᠠᠭ᠎ᠠ ᠠᠮᠤᠷ ᠰᠠᠭᠤᠬᠤ ᠬᠦᠰᠡᠯ ᠢ ᠨᠢ ᠲᠡᠷᠭᠡᠯᠰᠢᠭᠦᠯᠬᠦ ᠶᠢ ᠬᠦᠰᠡᠵᠦ ᠪᠠᠶᠢᠨ᠎ᠠ᠃ ᠬᠠᠮᠤᠭ ᠰᠡᠭᠦᠯ ᠳᠤ ᠳᠡᠳ᠋ ᠲᠣᠪᠴᠢᠶᠠᠨ ᠳᠠᠷᠤᠭ᠎ᠠ ᠶᠠᠩ ᠭᠤᠸᠠᠩ ᠲᠠᠨ ᠤ ᠬᠢᠨᠠᠯᠲᠠ ᠲᠠᠯᠪᠢᠬᠤ ᠠᠰᠠᠭᠤᠨ ᠯᠠᠪᠯᠠᠬᠤ ᠤᠲᠠᠰᠤ ᠪᠠᠨ ᠮᠡᠳᠡᠭᠳᠡᠬᠦ ᠪᠣᠯᠪᠠᠤ᠃      ᠶᠠᠩ ᠭᠤᠸᠠᠩ᠄ ᠪᠢᠳᠡᠨ ᠤ ᠲᠤᠬᠠᠶᠢᠯᠠᠭᠰᠠᠨ ᠠᠵᠢᠯ ᠤᠨ ᠠᠰᠠᠭᠤᠨ ᠯᠠᠪᠯᠠᠬᠤ ᠤᠲᠠᠰᠤ 0472 - 12329᠂ ᠬᠢᠨᠠᠯᠲᠠ ᠲᠠᠯᠪᠢᠵᠤ ᠵᠠᠭᠠᠯᠳᠤᠬᠤ ᠤᠲᠠᠰᠤ 3310259 ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠵᠠᠰᠠᠭ ᠤᠨ ᠤᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1