ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠲᠠᠳ ᠡᠮ  ᠴᠢᠨᠠᠬᠤ ᠮᠡᠳᠡᠯᠭᠡ ᠪᠠ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/8/21
   ᠣᠶᠢᠷ᠎ᠠ ᠳᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳ᠋ᠦᠩ ᠾᠧ ᠲᠣᠭᠤᠷᠢᠭ ᠤᠨ ᠬᠢᠲᠠᠳ ᠡᠮᠨᠡᠯᠭᠡ ᠶᠢᠨ ᠡᠮ ᠪᠠᠷᠢᠬᠤ ᠮᠡᠳᠡᠯᠭᠡ ᠪᠠ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠃
   ᠪᠣᠯᠪᠠᠰᠤᠷᠠᠭᠤᠯᠤᠯ ᠨᠢ ᠣᠨᠣᠯ ᠪᠠ  ᠦᠢᠯᠡᠳᠦᠯᠦᠭᠡ ᠶᠢᠨ ᠤᠷ᠎ᠠ ᠴᠢᠳᠠᠪᠤᠷᠢ ᠶᠢᠨ ᠤᠶᠠᠯᠳᠤᠯ ᠢᠶᠠᠷ ᠵᠢᠭᠠᠨ ᠰᠤᠷᠭᠠᠯᠲᠠ ᠶᠢᠨ ᠭᠤᠤᠯ ᠱᠤᠭᠤᠮ ᠪᠣᠯᠭᠠᠵᠤ᠂ ᠬᠢᠲᠠᠳ ᠡᠮ ᠴᠢᠨᠠᠬᠤ ᠠᠷᠭ᠎ᠠ᠂ ᠠᠵᠢᠯᠯᠠᠬᠤ ᠲᠦᠷᠢᠮ᠂ ᠠᠩᠬᠠᠷᠬᠤ ᠵᠦᠶ᠋ᠯ ᠵᠡᠷᠭᠡ ᠳᠤ ᠨᠠᠷᠢᠨ ᠲᠠᠶᠢᠯᠤᠮᠵᠢ ᠬᠢᠪᠠ᠃ ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠨ ᠤ ᠬᠢᠲᠠᠳ ᠡᠮ ᠡᠮᠨᠡᠯᠭᠡ ᠶᠢᠨ ᠣᠨᠣᠯ ᠤᠨ ᠮᠡᠳᠡᠯᠭᠡ ᠪᠠ ᠡᠮ ᠴᠢᠨᠠᠬᠤ ᠤᠷ᠎ᠠ ᠴᠢᠳᠠᠪᠤᠷᠢ ᠶᠢ ᠡᠵᠡᠮᠰᠢᠬᠦ ᠶᠢ ᠴᠢᠩᠭᠠᠳᠬᠠᠵᠤ᠂ ᠬᠢᠲᠠᠳ ᠡᠮ ᠡᠮᠨᠡᠯᠭᠡ ᠶᠢᠨ ᠡᠮ ᠴᠢᠨᠠᠬᠤ ᠮᠡᠷᠭᠡᠵᠢᠯ ᠤᠨ ᠲᠤᠰᠬᠠᠶ ᠮᠡᠷᠭᠡᠵᠢᠯ ᠤᠨ ᠬᠢᠷᠢ ᠲᠦᠪᠰᠢᠨ ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳ᠋ᠦᠩ ᠾᠧ ᠲᠣᠭᠤᠷᠢᠭ ᠤᠨ ᠬᠢᠲᠠᠳ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠡᠮ ᠴᠢᠨᠠᠬᠤ ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃    ᠳᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠢᠨ ᠬᠢᠲᠠᠳ ᠡᠮᠨᠡᠯᠭᠡ ᠶᠢᠨ ᠲᠤᠰᠬᠠᠢ ᠮᠡᠷᠭᠡᠵᠢᠯ ᠤᠨ ᠮᠡᠳᠡᠯᠭᠡ ᠪᠣᠯᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠨᠡᠩ ᠤᠯᠠᠨ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠢ ᠬᠥᠮᠦᠵᠢᠭᠦᠯᠵᠦ᠂ ᠳ᠋ᠦᠩ ᠾᠧ ᠲᠣᠭᠤᠷᠢᠭ ᠤᠨ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1