ᠪᠤᠭᠤᠲᠤ ᠶᠢᠨ ᠤᠯᠠᠭᠠᠨ ᠵᠡᠭᠡᠯᠢ
ᠨᠡᠶᠢᠲᠡᠯᠡᠭᠰᠡᠨ ᠴᠠᠭ᠄
2024/8/21
   ᠪᠤᠭᠤᠲᠤ ᠶᠢᠨ ᠤᠯᠠᠭᠠᠨ ᠵᠡᠭᠡᠯᠢ ᠪᠣᠯ ᠸᠠᠩ ᠷᠥᠸᠧ ᠹᠧᠢ ᠶᠢᠨ ᠳᠤᠷᠠᠰᠬᠠᠯ ᠤᠨ ᠣᠷᠳᠣᠨ ᠳᠤ ᠲᠦᠰᠢᠭᠯᠡᠨ ᠰᠢᠨ᠎ᠡ ᠪᠠᠷ ᠪᠠᠶᠢᠭᠤᠯᠤᠭᠰᠠᠨ ᠲᠡᠦᠬᠡ ᠰᠣᠶᠣᠯ ᠤᠨ ᠬᠤᠳᠠᠯᠳᠤᠭᠠᠨ ᠤ ᠵᠡᠭᠡᠯᠢ ᠪᠣᠯᠤᠨ᠎ᠠ᠃ ᠪᠤᠭᠤᠲᠤ ᠶᠢᠨ ᠤᠯᠠᠭᠠᠨ ᠵᠡᠭᠡᠯᠢ ᠨᠢ ︽ᠳᠤᠮᠳᠠᠳᠤ ᠤᠯᠤᠰ ᠤᠨ ᠤᠯᠠᠭᠠᠨ︾ ᠢᠶᠠᠷ ᠳᠣᠲᠣᠭᠠᠳᠤ ᠴᠥᠮ᠎ᠡ ᠪᠣᠯᠭᠠᠵᠤ᠂ ᠵᠡᠭᠡᠯᠢ ᠲᠣᠭᠤᠷᠢᠭ ᠢ ᠬᠥᠲᠥᠯᠦᠨ ᠵᠢᠯᠣᠭᠤᠳᠴᠤ ᠪᠠᠢᠭᠠᠳ ︽ᠠᠷᠠᠳ ᠤᠨ ᠵᠠᠩ ᠦᠢᠯᠡ ᠶᠢᠨ ᠤᠯᠠᠭᠠᠨ︾ ︽ᠠᠮᠢᠳᠤᠷᠠᠯ ᠤᠨ ᠤᠯᠠᠭᠠᠨ︾ ︽ᠠᠷᠠᠯᠵᠢᠶᠠᠨ ᠤ ᠤᠯᠠᠭᠠᠨ︾ ︽ᠰᠣᠶᠣᠯ ᠵᠢᠭᠤᠯᠴᠢᠯᠠᠯ ᠤᠨ ᠤᠯᠠᠭᠠᠨ︾ ᠨᠡᠷᠡᠲᠦ ᠲᠡᠮᠳᠡᠭ ᠤᠨ ᠠᠭᠤᠯᠭ᠎ᠠ ᠶᠢ ᠣᠯᠠᠨ ᠲᠠᠯ᠎ᠠ ᠪᠠᠷ ᠳᠡᠯᠭᠡᠨ ᠦᠵᠡᠭᠦᠯᠦᠨ᠎ᠡ᠃ ᠸᠠᠩ ᠷᠥᠸᠧ ᠹᠧᠢ ᠶᠢᠨ ᠳᠤᠷᠠᠰᠬᠠᠯ ᠤᠨ ᠣᠷᠳᠣᠨ ᠪᠣᠯ ᠳᠠᠷᠤᠢ ᠲᠠᠢ ᠠᠨ ᠵᠣᠴᠢᠳ ᠤᠨ ᠪᠠᠭᠤᠳᠠᠯ ᠸᠠᠩ ᠷᠥᠸᠧ ᠹᠸᠢ ᠬᠤᠪᠢᠰᠬᠠᠯ ᠤᠨ ᠠᠵᠢᠯᠯᠠᠭ᠎ᠠ ᠶᠢᠨ ᠬᠠᠭᠤᠴᠢᠨ ᠪᠠᠭᠤᠷᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠳᠠ ᠶᠢᠨ ᠳ᠋ᠦᠩ ᠾᠧ ᠲᠣᠭᠤᠷᠢᠭ ᠤᠨ ᠲᠦᠩ ᠱᠦᠨ ᠵᠡᠭᠡᠯᠢ ᠶᠢᠨ 3 ᠳ᠋ᠤᠭᠠᠷ ᠨᠣᠮᠧᠷ ᠲᠤ ᠪᠤᠢ᠃ ᠬᠠᠭᠤᠴᠢᠨ ᠪᠠᠭᠤᠷᠢ ᠪᠣᠯ ᠣᠷᠴᠢᠨ ᠣᠳᠣ ᠦᠶ᠎ᠡ ᠶᠢᠨ ᠴᠢᠬᠤᠯᠠ ᠲᠡᠦᠬᠡ ᠶᠢᠨ ᠬᠤᠪᠢᠰᠬᠠᠯ ᠤᠨ ᠲᠡᠦᠬᠡᠨ ᠳᠤᠷᠠᠰᠬᠠᠯᠲᠤ ᠵᠦᠢᠯᠡᠰ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠠᠵᠠᠷ ᠰᠢᠷᠣᠢ ᠶᠢᠨ ᠬᠤᠪᠢᠰᠬᠠᠯᠲᠤ ᠳᠠᠶᠢᠨ ᠤ ᠦᠶ᠎ᠡ ᠳᠤ ᠥᠪᠥᠷ ᠮᠣᠩᠭᠤᠯ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠬᠤᠪᠢᠰᠬᠠᠯᠲᠤ ᠲᠡᠮᠡᠴᠡᠯ ᠥᠷᠨᠢᠭᠦᠯᠬᠦ ᠶᠢᠨ ᠴᠢᠬᠤᠯᠠ ᠭᠡᠷᠡᠴᠢ ᠮᠥᠨ᠂ ᠡᠨᠡ ᠨᠢ ᠨᠠᠮ ᠤᠨ ᠦᠨᠳᠦᠰᠦᠲᠡᠨ ᠤ ᠭᠠᠵᠠᠷ ᠣᠷᠣᠨ ᠤ ᠬᠤᠪᠢᠰᠬᠠᠯ ᠤᠨ ᠠᠵᠢᠯ ᠳᠠᠬᠢ ᠬᠠᠯᠠᠮᠵᠢᠯᠠᠯ ᠬᠠᠪᠰᠤᠷᠤᠯᠭ᠎ᠠ ᠪᠠ ᠵᠢᠯᠤᠭᠤᠳᠤᠯᠭ᠎ᠠ ᠶᠢ ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠥᠪᠥᠷ ᠮᠣᠩᠭᠤᠯ ᠤᠨ ᠬᠤᠪᠢᠰᠬᠠᠯ ᠤᠨ ᠲᠡᠮᠡᠴᠡᠯ ᠤᠨ ᠲᠡᠦᠬᠡᠨ ᠳᠡᠭᠡᠷ᠎ᠡ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1