ᠲᠢᠶᠠᠨ ᠾᠧ ᠲᠠᠷᠢᠶᠠᠯᠠᠩ ᠵᠢᠭᠤᠯᠴᠢᠯᠠᠯ ᠤᠨ ᠰᠤᠳᠤᠯᠤᠨ ᠰᠤᠷᠤᠯᠴᠠᠬᠤ ᠶᠡᠷᠦᠩᠬᠡᠶᠢᠯᠡᠭᠰᠡᠨ ᠴᠣᠭᠴᠠ
ᠨᠡᠶᠢᠲᠡᠯᠡᠭᠰᠡᠨ ᠴᠠᠭ᠄
2024/8/21
   ᠲᠢᠶᠠᠨ ᠾᠧ ᠲᠠᠷᠢᠶᠠᠯᠠᠩ ᠵᠢᠭᠤᠯᠴᠢᠯᠠᠯ ᠤᠨ ᠰᠤᠳᠤᠯᠤᠨ ᠰᠤᠷᠤᠯᠴᠠᠬᠤ ᠶᠡᠷᠦᠩᠬᠡᠶᠢᠯᠡᠭᠰᠡᠨ ᠴᠣᠭᠴᠠ ᠪᠣᠯ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠠᠷᠠᠴᠢᠨ ᠪᠠᠯᠭᠠᠰᠤᠨ ᠤ ᠱᠢ ᠳ᠋ᠡ ᠬᠥ᠋ ᠲᠣᠰᠬᠤᠨ ᠪᠣᠯᠤᠨ᠎ᠠ᠂ ᠲᠠᠷᠢᠶᠠᠯᠠᠩ ᠤᠨ ᠪᠠᠶᠢᠭᠠᠯᠢᠯᠢᠭ ᠲᠠᠷᠢᠶᠠᠨ ᠭᠠᠵᠠᠷ ᠤᠨ ᠦᠵᠡᠮᠵᠢ ᠶᠢ ᠴᠣᠭᠴᠠᠯᠠᠨ ᠪᠠᠶᠢᠭᠤᠯᠤᠭᠰᠠᠨ ᠰᠡᠯᠡᠭᠦᠴᠡᠯ ᠤᠨ ᠵᠢᠭᠤᠯᠴᠢᠯᠠᠯ ᠤᠨ ᠣᠷᠣᠨ ᠪᠣᠯᠤᠨ᠎ᠠ᠂ ᠶᠡᠷᠦᠩᠬᠡᠶ ᠬᠡᠷᠡᠭᠯᠡᠬᠦ ᠭᠠᠵᠠᠷ ᠨᠢ 5100 ᠮᠥ ᠪᠠᠶᠢᠵᠤ᠂ ᠲᠤᠳᠤᠷᠭ᠎ᠠ ᠵᠢᠭᠠᠰᠤᠨ ᠤ ᠠᠮᠢ ᠠᠬᠤᠶ ᠶᠢᠨ ᠲᠡᠵᠢᠭᠡᠨ ᠦᠷᠡᠵᠢᠭᠦᠯᠬᠦ ᠪᠠᠷ ᠣᠨᠴᠠᠯᠢᠭ ᠪᠣᠯᠭᠠᠵᠤ᠂ ᠰᠡᠯᠡᠭᠦᠴᠡᠨ ᠲᠣᠭᠤᠷᠢᠬᠤ᠂ ᠣᠨᠴᠠᠯᠢᠭᠲᠤ ᠳᠠᠷᠢᠵᠤ ᠲᠡᠵᠢᠭᠡᠨ ᠦᠷᠡᠵᠢᠭᠦᠯᠬᠦ᠂ ᠰᠤᠳᠤᠯᠤᠨ ᠰᠤᠷᠤᠯᠴᠠᠬᠤ ᠶᠢ ᠨᠢᠭᠡ ᠴᠣᠭᠴᠠ ᠪᠣᠯᠭᠠᠪᠠ᠃ ᠡᠭᠦᠨ ᠤ ᠬᠠᠮᠲᠤ᠂ ᠲᠢᠶᠠᠨ ᠾᠧ ᠲᠠᠷᠢᠶᠠᠯᠠᠩ ᠵᠤᠭᠠᠴᠠᠯ ᠤᠨ ᠰᠤᠳᠤᠯᠭᠠᠨ ᠤ  ᠶᠡᠷᠦᠩᠬᠡᠢ ᠴᠣᠭᠴᠠ ᠪᠠᠰᠠ ᠪᠤᠭᠤᠲᠤ ᠬᠤᠲᠠ ᠶᠢᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠳᠡᠯᠮᠦᠷᠢ ᠶᠢᠨ ᠬᠥᠮᠦᠵᠢᠯ ᠤᠨ ᠰᠠᠭᠤᠷᠢᠨ ᠭᠠᠵᠠᠷ ᠪᠠᠶᠢᠵᠤ᠂ ᠭᠤᠣᠯᠳᠠᠭᠤ ᠳᠤᠮᠳᠠᠳᠤ ᠪᠠᠭ᠎ᠠ ᠰᠤᠷᠭᠠᠭᠤᠯᠢ ᠳᠤ ᠬᠠᠨᠳᠤᠭᠤᠯᠤᠨ ᠬᠥᠳᠡᠯᠮᠦᠷᠢ ᠶᠢᠨ ᠮᠡᠷᠭᠡᠵᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ᠂ ᠬᠠᠤᠯᠢ ᠰᠠᠬᠢᠯᠭ᠎ᠠ᠂ ᠣᠷᠴᠢᠨ ᠲᠣᠭᠤᠷᠢᠨ᠂ ᠲᠠᠷᠢᠶᠠᠯᠠᠩ ᠤᠨ ᠤᠬᠠᠭᠠᠨ ᠤ ᠡᠷᠡᠭᠦᠯ ᠮᠡᠨᠳᠦ ᠶᠢᠨ ᠬᠥᠮᠦᠵᠢᠯ ᠢ ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠬᠡᠪ ᠴᠢᠨᠠᠷ ᠤᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠪᠣᠯᠤᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1