ᠳ᠋ᠦᠩ ᠾᠧ ᠲᠣᠭᠤᠷᠢᠭ ︽ᠤᠮᠠᠷᠠᠲᠤ ᠬᠢᠯᠢ ᠶᠢᠨ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠤᠯᠠᠷᠢᠯ︾ ᠭᠡᠬᠦ ᠰᠢᠷᠢᠰ ᠠᠵᠢᠯᠯᠠᠭ᠎ᠠ ᠥᠷᠨᠢᠭᠦᠯᠪᠡ᠃
ᠨᠡᠶᠢᠲᠡᠯᠡᠭᠰᠡᠨ ᠴᠠᠭ᠄
2024/8/22
     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠶᠢᠨ ᠲᠥᠯᠥᠭᠡ᠂ 8 ᠰᠠᠷ᠎ᠠ ᠶᠢᠨ 20 ᠤ ᠡᠳᠦᠷ᠂ ᠲᠣᠭᠤᠷᠢᠭ ᠤᠨ ᠬᠤᠷᠢᠶᠠᠨ ᠤ ᠤᠬᠠᠭᠤᠯᠬᠤ ᠬᠡᠯᠲᠡᠰ ᠾᠧ ᠳ᠋ᠦᠩ ᠪᠠᠯᠭᠠᠰᠤᠨ ᠤ ᠪᠦᠦ ᠯᠢ ᠨᠡᠶᠢᠭᠡᠮ ᠲᠣᠭᠤᠷᠢᠭ ᠤᠨ ᠲᠠᠯ᠎ᠠ ᠨᠤᠲᠤᠭ ᠤᠨ ᠨᠣᠮ ᠤᠨ ᠥᠷᠥᠭᠡ ᠳᠤ ︽ᠤᠮᠠᠷᠠᠲᠤ ᠬᠢᠯᠢ ᠶᠢᠨ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠤᠯᠠᠷᠢᠯ︾ ᠭᠡᠬᠦ ᠰᠢᠷᠢᠰ ᠠᠵᠢᠯᠯᠠᠭ᠎ᠠ ᠥᠷᠨᠢᠭᠦᠯᠪᠡ᠃      ᠣᠨᠣᠯ ᠤᠨ ᠤᠬᠠᠭᠤᠯᠭ᠎ᠠ ᠲᠠᠯ᠎ᠠ ᠨᠤᠲᠤᠭ ᠤᠨ ᠨᠣᠮ ᠤᠨ ᠥᠷᠥᠭᠡᠨ ᠳᠡᠭᠡᠨ ᠣᠷᠣᠪᠠ᠃ ︽ᠪᠥᠸᠧ ᠲᠦᠸᠧ ᠭᠤᠣᠯ ᠤᠨ ᠬᠦᠪᠡᠭᠡ︾ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠯᠢᠦ ᠶᠢᠨ ᠹᠠᠩ᠂ ᠡᠤ ᠴᠢᠶᠦ᠋ᠩ ᠲᠤᠰ ᠲᠤᠰ ᠠᠮᠢᠳᠤᠯᠢᠭ ᠦᠭᠡ ᠬᠡᠯᠡ ᠪᠣᠯᠤᠨ ᠰᠡᠳᠬᠢᠯ ᠬᠥᠳᠡᠯᠭᠡᠮ᠎ᠡ ᠪᠣᠳᠠᠲᠤ ᠵᠢᠱᠢᠶ᠎ᠡ ᠪᠠᠷ ᠤᠯᠠᠨ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠲᠤᠬᠠᠢ ᠶᠢᠨ ᠲᠠᠯᠠᠪᠠᠢ ᠳᠤ ᠵᠠᠪᠳᠤᠨ ᠬᠠᠷᠢᠭᠤᠯᠬᠤ ᠨᠢ ᠤᠯᠠᠨ ᠲᠦᠮᠡᠨ ᠳᠤ ᠨᠡᠩ ᠭᠦᠨᠵᠡᠭᠡᠢ ᠣᠶᠢᠯᠠᠭᠠᠯᠲᠠ ᠥᠭᠴᠡᠢ᠃
     ᠭᠠᠷ ᠢᠶᠠᠷ ᠵᠢᠷᠤᠭᠰᠠᠨ ᠬᠡᠯᠬᠢᠶ᠎ᠡ ᠵᠢᠷᠤᠭ ᠮᠠᠰᠢ ᠬᠦᠷᠢᠶᠡᠯᠡᠯ ᠲᠠᠢ᠃ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠯᠲᠠ ᠶᠢᠨ ᠠᠵᠢᠯᠲᠠᠨ ᠬᠡᠦᠬᠡᠳ ᠤᠳ ᠢ ᠳᠠᠭᠠᠭᠤᠯᠤᠨ ᠬᠠᠮᠲᠤ ᠪᠠᠷ ᠨᠣᠮ ᠤᠩᠰᠢᠵᠤ᠂ ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠬᠡᠦᠬᠡᠳ ᠤᠳ ᠢ ᠵᠢᠯᠣᠭᠤᠳᠤᠨ ᠭᠠᠷ ᠢᠶᠠᠷ ᠵᠢᠷᠤᠭᠰᠠᠨ ᠬᠡᠯᠬᠢᠶᠡᠲᠦ ᠵᠢᠷᠤᠭᠲᠤ ᠳᠡᠪᠲᠡᠷ ᠵᠣᠬᠢᠶᠠᠵᠤ᠂ ᠬᠦᠳᠡᠯᠭᠡᠭᠡᠨ ᠨᠢ ᠤᠩᠰᠢᠯᠭ᠎ᠠ ᠪᠠ ᠤᠷᠠᠯᠢᠭ ᠢ ᠲᠡᠭᠦᠰ ᠰᠠᠶᠢᠬᠠᠨ ᠤᠶᠠᠯᠳᠤᠭᠤᠯᠵᠤ᠂ ᠬᠡᠦᠬᠡᠳ ᠤᠳ ᠢ ᠪᠢᠴᠢᠭ ᠤᠨ ᠦᠨᠦᠷ ᠢᠶᠠᠷ ᠬᠦᠰᠡᠯᠡᠩ ᠪᠠᠨ ᠲᠡᠷᠭᠡᠯᠰᠢᠭᠦᠯᠵᠦ᠂ ᠵᠢᠷᠤᠭ ᠤᠨ ᠪᠥᠰ ᠳᠡᠭᠡᠷ᠎ᠡ ᠳᠦᠷᠰᠦᠯᠡᠨ ᠪᠤᠳᠤᠯᠲᠠ ᠬᠢᠯᠭᠡᠪᠡ᠃
    ᠰᠢᠨᠬᠤᠸᠠ ᠨᠣᠮ ᠤᠨ ᠳᠡᠯᠭᠡᠭᠦᠷ ᠲᠤᠰᠬᠠᠶ ᠨᠣᠮ ᠲᠠᠨᠢᠯᠴᠠᠭᠤᠯᠵᠤ ᠬᠤᠳᠠᠯᠳᠤᠨ᠎ᠠ᠃ ᠤᠯᠠᠨ ᠲᠦᠮᠡᠨ ᠤ ᠭᠡᠷ ᠤᠨ ᠢᠶᠠᠨ ᠡᠭᠦᠳᠡᠨ ᠳᠤ ᠨᠣᠮ ᠬᠤᠳᠠᠯᠳᠤᠨ ᠠᠪᠬᠤ ᠳᠤ ᠲᠦᠬᠦᠮ ᠦᠵᠡᠭᠦᠯᠬᠦ ᠶᠢᠨ ᠲᠥᠯᠥᠭᠡ᠂  ᠳ᠋ᠦᠩ ᠾᠧ ᠲᠣᠭᠤᠷᠢᠭ ᠤᠨ ᠰᠢᠨᠬᠤᠸᠠ ᠨᠣᠮ ᠤᠨ ᠳᠡᠯᠭᠡᠭᠦᠷ ᠲᠤᠬᠠᠢ ᠶᠢᠨ ᠲᠠᠯᠠᠪᠠᠢ ᠳᠤ ᠤᠯᠠᠨ ᠲᠦᠮᠡᠨ ᠤ ᠬᠠᠮᠤᠭ ᠤᠨ ᠳᠤᠷᠠᠲᠠᠢ᠂ ᠬᠠᠮᠤᠭ ᠤᠨ ᠬᠡᠷᠡᠭᠴᠡᠭᠡ ᠲᠠᠢ ᠵᠠᠭᠤ ᠭᠠᠷᠤᠢ ᠵᠦᠢᠯ ᠤᠨ ᠨᠣᠮ ᠪᠢᠴᠢᠭ ᠢ ᠠᠪᠴᠢᠷᠠᠵᠤ᠂ ᠲᠤᠬᠠᠢ ᠶᠢᠨ ᠲᠠᠯᠠᠪᠠᠢ ᠶᠢᠨ ᠬᠡᠦᠬᠡᠳ᠂ ᠭᠡᠷ ᠤᠨ ᠠᠬᠠᠮᠠᠳ ᠨᠠᠷ ᠨᠣᠮ ᠬᠤᠳᠠᠯᠳᠤᠬᠤ᠂ ᠨᠣᠮ ᠲᠠᠨᠢᠯᠴᠠᠭᠤᠯᠬᠤ ᠠᠵᠢᠯᠯᠠᠭ᠎ᠠ ᠳᠤ ᠣᠷᠣᠯᠴᠠᠪᠠ᠃
    ︽ᠤᠮᠠᠷᠠᠲᠤ ᠬᠢᠯᠢ ᠶᠢ ᠣᠩᠰᠢᠵᠤ ᠦᠵᠡᠵᠦ᠂ ᠳ᠋ᠦᠩ ᠾᠧ ᠳᠤ ᠬᠠᠶᠢᠷ᠎ᠠ ᠪᠠᠨ ᠡᠷᠭᠦᠬᠦ︾ ᠬᠠᠨᠳᠢᠪ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠲᠠᠯ᠎ᠠ ᠨᠤᠲᠤᠭ ᠤᠨ ᠨᠣᠮ ᠤᠨ ᠥᠷᠥᠭᠡ ᠳᠤ ᠭᠤᠸᠠᠩ ᠮᠢᠩ ᠡᠳᠦᠷ ᠤᠨ ᠰᠣᠨᠢᠨ ᠤ ᠬᠡᠪᠯᠡᠯ ᠤᠨ ᠬᠤᠷᠢᠶ᠎ᠠ ᠶᠢᠨ ᠬᠠᠨᠳᠢᠪᠯᠠᠭᠰᠠᠨ 600 ᠭᠠᠷᠤᠶ ᠳᠡᠪᠲᠡᠷ ᠨᠣᠮ ᠪᠢᠴᠢᠭ ᠢ ᠭᠠᠷᠭᠠᠵᠤ᠂ ᠲᠣᠭᠤᠷᠢᠭ ᠤᠨ ᠬᠤᠷᠢᠶᠠᠨ ᠤ ᠤᠬᠠᠭᠤᠯᠬᠤ ᠬᠡᠯᠲᠡᠰ ᠠᠵᠢᠯᠯᠠᠭ᠎ᠠ ᠳᠤ ᠣᠷᠣᠯᠴᠠᠭᠰᠠᠨ ᠬᠡᠦᠬᠡᠳ ᠤᠳ ᠲᠤ ᠨᠣᠮ ᠪᠢᠴᠢᠭ᠂ ᠠᠷᠠᠳ ᠲᠤ ᠠᠰᠢᠭ ᠬᠦᠷᠲᠡᠭᠡᠬᠦ ᠺᠢᠨᠣ᠋ ᠶᠢᠨ ᠪᠢᠯᠧᠲ ᠵᠡᠷᠭᠡ ᠶᠢ ᠬᠠᠨᠳᠢᠪᠯᠠᠵᠤ᠂ ᠰᠠᠶᠢᠨ ᠳᠤᠷᠠᠴᠤᠳ ᠲᠤᠬᠠᠶ ᠶᠢᠨ ᠲᠠᠯᠠᠪᠠᠶ ᠳᠤ ︽ᠱᠠᠯᠢᠭ ᠵᠠᠪᠬᠠᠶ ᠵᠥᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠨᠣᠭᠤᠭᠠᠨ ᠨᠣᠮ ᠤᠨ ᠱᠣᠰᠢᠭ᠎ᠠ ᠲᠠᠷᠬᠠᠭᠠᠵᠤ᠂ ᠪᠣᠬᠢᠷᠲᠤᠯ ᠥᠬᠡᠶ ᠨᠣᠮ ᠤᠩᠰᠢᠬᠤ ᠶᠢ ᠰᠠᠨᠠᠭᠠᠴᠢᠯᠠᠵᠤ᠂ ᠣᠯᠠᠨ ᠢᠶᠠᠷ ᠢᠶᠠᠨ ᠭᠠᠷ ᠤᠲᠠᠰᠤ ᠪᠠᠷ ᠳᠤᠲᠠᠭᠤ ᠨᠠᠭᠠᠳᠴᠤ ᠢᠯᠡᠭᠦᠬᠡᠨ ᠨᠣᠮ ᠤᠩᠰᠢᠵᠤ᠂ ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ ᠰᠠᠶᠢᠬᠠᠨ ᠳᠠᠳᠬᠠᠯ ᠲᠠᠢ ᠪᠣᠯᠬᠤ ᠶᠢ ᠵᠣᠷᠢᠭᠵᠢᠭᠤᠯᠪᠠ᠃
     ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠬᠠᠯᠠᠭᠤᠨ ᠴᠤᠤᠷᠢᠶᠠᠲᠤᠯ ᠪᠠ ᠢᠳᠡᠪᠬᠢᠲᠡᠶ ᠣᠷᠣᠯᠴᠠᠭ᠎ᠠ ᠶᠢ ᠣᠯᠵᠤ᠂ ︽ᠤᠮᠠᠷᠠᠲᠤ ᠬᠢᠯᠢ ᠶᠢᠨ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠤᠯᠠᠷᠢᠯ︾ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢᠨ ᠷᠢᠳᠢ ᠰᠢᠳᠢ ᠶᠢ ᠭᠥᠢᠴᠡᠳ ᠢᠯᠡᠷᠡᠭᠦᠯᠵᠦ᠂ ᠬᠤᠶᠢᠰᠢᠳᠠ ᠳ᠋ᠦᠩ ᠾᠧ ᠲᠣᠭᠤᠷᠢᠭ ᠪᠠᠰᠠ ︽ᠤᠮᠠᠷᠠᠲᠤ ᠬᠢᠯᠢ ᠶᠢᠨ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠤᠯᠠᠷᠢᠯ︾ ᠬᠡᠭᠦ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1