ᠪᠤᠭᠤᠲᠤ ᠶᠢᠨ ᠬᠥᠩᠭᠡᠨ ᠴᠠᠭᠠᠨ ᠣᠯᠠᠨ ᠤᠯᠤᠰ ᠤᠨ ᠵᠠᠬ᠎ᠠ ᠳᠡᠯᠭᠡᠭᠦᠷ ᠤᠨ ᠰᠢᠨ᠎ᠡ ᠤᠷᠤᠯᠳᠤᠭᠠᠨ ᠤ ᠵᠠᠮ ᠢ ᠥᠷᠭᠡᠳᠭᠡᠨ᠎ᠡ
ᠨᠡᠶᠢᠲᠡᠯᠡᠭᠰᠡᠨ ᠴᠠᠭ᠄
2024/8/22
     ᠥᠢᠷ᠎ᠡ ᠳᠤ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠴᠢᠬᠤᠯᠠ ᠴᠠᠭ ᠮᠥᠴᠡ ᠶᠢ ᠤᠭᠲᠤᠨ ᠠᠪᠴᠢᠷᠠᠭᠰᠠᠨ  ᠪᠠᠶᠢᠨ᠎ᠠ — ᠶᠠᠫᠣᠨ ᠳᠤ ᠲᠠᠷᠬᠠᠭᠠᠭᠰᠠᠨ AL99.996% ᠤ ᠨᠠᠷᠢᠯᠢᠭ ᠬᠥᠩᠭᠡᠨ ᠴᠠᠭᠠᠨ ᠤ ᠲᠡᠪᠬᠡ ᠶᠢᠨ  ᠲᠤᠷᠰᠢᠯᠲᠠ ᠶᠢᠨ ᠬᠠᠭᠤᠳᠠᠰᠤ ᠴᠢᠩᠭ᠎ᠠ ᠶᠠᠰᠤ ᠴᠢᠨᠠᠷ ᠢ  ᠰᠢᠯᠭᠠᠨ  ᠪᠠᠶᠢᠴᠠᠭᠠᠭᠰᠠᠨ ᠤ ᠳᠠᠷᠠᠭ᠎ᠠ᠂ ᠬᠠᠮᠤᠭ ᠡᠴᠦᠰ ᠤᠨ ᠪᠣᠭᠤᠮᠲᠠ ᠪᠠᠷ ᠥᠩᠭᠡᠷᠡᠬᠦ ᠪᠠᠷᠠᠭ᠎ᠠ ᠶᠠᠪᠤᠭᠤᠯᠬᠤ ᠶᠠᠪᠤᠴᠠ ᠶᠢ  ᠤᠷᠤᠭᠰᠢᠲᠠᠢ ᠪᠡᠶᠡᠯᠡᠭᠦᠯᠵᠦ᠂ ᠶᠠᠫᠣᠨ ᠳᠤ ᠵᠢᠩᠬᠢᠨᠢ ᠪᠠᠷ ᠲᠡᠭᠡᠭᠡᠪᠦᠷᠢᠯᠡᠨ ᠡᠬᠢᠯᠡᠭᠰᠡᠨ ᠪᠠᠢᠨ᠎ᠠ᠃ ᠡᠨᠡ ᠪᠣᠯ ᠪᠠᠭᠯᠠᠭ᠎ᠠ ᠶᠢᠨ ᠬᠥᠩᠭᠡᠨᠴᠠᠭᠠᠨ ᠤ ᠨᠠᠷᠢᠯᠢᠭ ᠬᠥᠩᠭᠡᠨᠴᠠᠭᠠᠨ ᠤ ᠪᠦᠲᠦᠭᠡᠭᠳᠡᠬᠦᠨ ᠢ ᠣᠯᠠᠨ ᠤᠯᠤᠰ ᠤᠨ ᠨᠣᠨᠳᠠᠭ ᠴᠣᠭᠴᠠ᠂ ᠳᠡᠭᠡᠳᠦ ᠲᠠᠰ ᠤᠨ ᠵᠠᠰᠠᠯ ᠴᠢᠮᠡᠭᠯᠡᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠣᠷᠣᠭᠤᠯᠤᠭᠰᠠᠨ ᠤ ᠳᠠᠷᠠᠭ᠎ᠠ᠂ ᠡᠯᠧᠺᠳ᠋ᠷᠣᠨ ᠬᠥᠩᠭᠡᠨᠴᠠᠭᠠᠨ ᠢᠯᠳᠠᠰᠤ ᠶᠢᠨ ᠬᠦᠷᠢᠶᠡᠨ ᠳᠠᠬᠢ ᠣᠯᠠᠨ ᠤᠯᠤᠰ ᠤᠨ ᠵᠠᠬ᠎ᠠ ᠳᠡᠯᠭᠡᠭᠦᠷ ᠤᠨ ᠲᠡᠭ ᠰᠢᠪᠲᠤᠯᠤᠯᠲᠠ ᠶᠢ ᠠᠩᠬ᠎ᠠ ᠤᠳᠠᠭ᠎ᠠ ᠪᠡᠶᠡᠯᠡᠭᠦᠯᠦᠭᠰᠡᠨ ᠶᠠᠪᠤᠳᠠᠯ ᠪᠣᠯᠤᠨ᠎ᠠ᠂ ᠡᠨᠡ ᠨᠢ ᠪᠤᠭᠤᠲᠤ ᠶᠢᠨ ᠬᠥᠩᠭᠡᠨ ᠴᠠᠭᠠᠨ ᠤ ᠳᠡᠭᠡᠳᠦ ᠲᠠᠰ ᠤᠨ ᠦᠢᠯᠡᠳᠬᠡᠯ ᠤᠨ ᠦᠢᠯᠡᠰ ᠤᠯᠠᠮ ᠠᠴᠠ ᠤᠯᠠᠮ ᠴᠢᠩᠭ᠎ᠠ ᠣᠯᠠᠨ ᠤᠯᠤᠰ ᠤᠨ ᠥᠷᠢᠰᠦᠯᠳᠦᠬᠦ ᠬᠦᠴᠦᠨ ᠲᠠᠢ ᠪᠣᠯᠤᠭᠰᠠᠨ ᠢ ᠬᠠᠷᠠᠭᠤᠯᠵᠤ ᠪᠠᠶᠢᠬᠤ ᠶᠢᠨ ᠬᠠᠮᠲᠤ ᠶᠠᠫᠣᠨ ᠤ ᠡᠯᠧᠺᠳ᠋ᠷᠣᠨ ᠬᠥᠩᠭᠡᠨ ᠴᠠᠭᠠᠨ ᠢᠯᠳᠠᠰᠤ ᠶᠢᠨ ᠬᠦᠷᠢᠶᠡᠨ ᠳᠠᠬᠢ ᠬᠠᠮᠲᠤᠷᠠᠯᠴᠠᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ᠃
    ᠤᠶᠢᠯᠠᠭᠠᠭᠰᠠᠨ ᠢᠶᠠᠷ᠂ ᠡᠯᠧᠺᠳ᠋ᠷᠤᠨ ᠬᠦᠩᠭᠡᠨ ᠴᠠᠭᠠᠨ ᠤ ᠢᠯᠳᠠᠰᠤ ᠶᠢ ᠪᠠᠰᠠ ᠡᠯᠧᠺᠳ᠋ᠷᠤᠨ ᠢᠯᠳᠠᠰᠦ᠂ ᠭᠢᠯᠠᠭᠠᠷ ᠢᠯᠳᠠᠰᠦ ᠭᠡᠳᠡᠭ᠂ ᠴᠡᠪᠡᠷ ᠬᠦᠩᠭᠡᠨ ᠴᠠᠭᠠᠨ ᠲᠡᠪᠬᠡ ᠵᠡᠷᠭᠡ ᠶᠢ ᠲᠠᠷᠤᠬᠤ᠂ ᠤᠭᠢᠶᠠᠨ ᠴᠡᠪᠡᠷᠯᠡᠬᠦ ᠪᠠ ᠬᠡᠷᠴᠢᠬᠦ ᠠᠵᠢᠯ ᠤᠨ ᠲᠠᠷᠠᠭᠠᠯᠠᠯ ᠵᠡᠷᠭᠡ ᠪᠤᠯᠪᠠᠰᠤᠷᠠᠭᠤᠯᠤᠯ ᠢᠶᠠᠷ ᠲᠠᠮᠵᠢᠨ ᠪᠦᠳᠦᠭᠡᠭᠰᠡᠨ ᠨᠢᠭᠡ ᠵᠦᠢᠯ ᠤᠨ ᠬᠦᠩᠭᠡᠨ ᠴᠠᠭᠠᠨ ᠤ ᠢᠯᠳᠠᠰᠤ ᠪᠠᠶᠢᠵᠤ᠂ ᠴᠢᠮᠡᠭᠡ ᠬᠤᠯᠪᠤᠭ᠎ᠠ᠂ ᠭᠡᠷ ᠤᠨ ᠴᠠᠬᠢᠯᠭᠠᠨ ᠬᠡᠷᠡᠭᠰᠡᠯ᠂ ᠮᠠᠰᠢᠨ ᠲᠡᠷᠭᠡ᠂ ᠡᠯᠧᠺᠳ᠋ᠷᠤᠨ ᠂ ᠠᠭᠠᠷ ᠠᠶᠠᠯᠠᠯ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠤ ᠦᠷᠭᠡᠨ ᠢᠶᠠᠷ ᠬᠡᠷᠡᠭᠯᠡᠪᠡ᠃     ᠥᠢᠷ᠎ᠡ ᠶᠢᠨ ᠵᠢᠯ ᠤᠨ  ᠲᠤᠷᠰᠢ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠨᠢ ︽ᠰᠢᠨ᠎ᠡ ᠳᠤᠮᠳᠠᠳᠤ ᠶᠢᠨ ᠬᠥᠩᠭᠡᠨ ᠴᠠᠭᠠᠨ︾  ᠤ ᠪᠦᠲᠦᠭᠡᠨ ᠪᠠᠢᠭᠤᠯᠤᠯᠲᠠ ᠶᠢᠨ ᠲᠣᠭᠤᠷᠢᠨ ᠳᠤ᠂ ᠳᠤᠮᠳᠠᠳᠤ ᠤᠯᠤᠰ ᠤᠨ ᠬᠥᠩᠭᠡᠨ ᠴᠠᠭᠠᠨ ᠤ ᠪᠦᠯᠦᠭᠯᠡᠯ ᠤᠨ ︽ᠳᠥᠷᠪᠡᠨ ᠣᠨᠴᠠ ᠬᠦᠴᠦᠷᠬᠡᠭ︾ ᠤᠨ  ᠪᠠᠶᠢᠯᠳᠤᠬᠤ ᠪᠣᠳᠣᠯᠭ᠎ᠠ ᠶᠢᠨ ᠪᠠᠢᠷᠢᠯᠠᠭᠤᠯᠤᠯᠲᠠ ᠶᠢ ᠡᠷᠡᠰ ᠨᠠᠢᠳᠠᠪᠤᠷᠢᠵᠢᠭᠤᠯᠵᠤ᠂ ᠭᠤᠣᠯᠯᠠᠬᠤ ᠦᠢᠯᠡᠳᠬᠦᠨ ᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠢᠳᠡᠪᠬᠢᠲᠡᠢ ᠪᠠᠢᠷᠢᠯᠠᠭᠤᠯᠤᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠳᠡᠭᠡᠳᠦ ᠳᠡᠰ ᠤᠨ ᠲᠡᠷᠢᠭᠦᠨ ᠤ  ᠮᠠᠲᠸᠠᠷᠢᠶᠠᠯ ᠢ ᠰᠤᠳᠤᠯᠤᠨ ᠨᠡᠭᠡᠭᠡᠵᠦ ᠦᠢᠯᠡᠳᠪᠦᠷᠢᠯᠡᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠪᠠ᠃ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠤᠨ ᠡᠮᠦᠨ᠎ᠡ᠂ ᠬᠥᠩᠭᠡᠨ ᠴᠠᠭᠠᠨ ᠤ ᠨᠠᠷᠢᠯᠢᠭ ᠬᠥᠩᠭᠡᠨᠴᠠᠭᠠᠨ ᠤ ᠠᠵᠢᠯ ᠦᠢᠯᠡᠰ ᠤᠨ ᠶᠠᠮᠤᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠭᠡᠷᠡᠵᠢᠭᠦᠯᠦᠭᠰᠡᠨ ᠡᠵᠡᠩᠨᠡᠯᠲᠡ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ ᠪᠠᠲᠤᠯᠠᠬᠤ᠂ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠬᠤᠤᠰ ᠪᠠᠶᠢᠯᠳᠤᠬᠤ ᠪᠣᠳᠣᠯᠭ᠎ᠠ ᠶᠢᠨ ᠱᠤᠭᠤᠮ ᠢ ᠲᠣᠭᠲᠠᠭᠠᠵᠤ᠂ ︽ᠪᠡᠶ᠎ᠡ ᠪᠠᠨ ᠳᠠᠭᠠᠭᠠᠵᠤ ᠬᠠᠮᠢᠶᠠᠷᠬᠤ︾ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠬᠦᠴᠦᠯᠡᠵᠦ᠂ ︽ᠨᠡᠮᠡᠭᠳᠡᠯ ᠤᠨ ᠬᠡᠮᠵᠢᠶ᠎ᠡ᠂ ᠶᠠᠰᠤ ᠴᠢᠨᠠᠷ ᠢ ᠳᠡᠭᠡᠭᠰᠢᠯᠡᠭᠦᠯᠬᠦ᠂ ᠰᠦᠢᠳᠬᠡᠯ ᠢ ᠪᠠᠭᠤᠷᠠᠭᠤᠯᠬᠤ᠂ ᠦᠷ᠎ᠡ ᠠᠰᠢᠭ ᠢ ᠨᠡᠮᠡᠭᠳᠡᠭᠦᠯᠬᠦ︾ ᠪᠣᠷᠣᠯᠠᠭᠤᠯᠭ᠎ᠠ ᠶᠢᠨ ᠰᠡᠳᠬᠢᠮᠵᠢ ᠶᠢᠨ ᠲᠣᠭᠤᠷᠢᠨ ᠳᠤ᠂ ᠡᠵᠡᠩᠨᠡᠨ ᠪᠣᠷᠣᠯᠠᠭᠤᠯᠬᠤ ᠠᠷᠭ᠎ᠠ ᠪᠣᠳᠣᠯᠭ᠎ᠠ ᠪᠠᠨ ᠢᠳᠡᠪᠬᠢᠲᠡᠶ ᠬᠤᠪᠢᠷᠠᠭᠤᠯᠵᠤ᠂ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ ᠵᠠᠳᠠᠯᠤᠨ ᠰᠤᠳᠤᠯᠵᠤ ᠮᠠᠭᠠᠳᠯᠠᠵᠤ᠂ ᠦᠢᠯᠡᠳᠬᠦᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠵᠡᠩᠨᠡᠨ ᠪᠣᠷᠣᠯᠠᠭᠤᠯᠬᠤ ᠦᠢᠯᠡᠴᠢᠯᠡᠭᠡ ᠶᠢ ᠰᠢᠯᠢᠳᠡᠭᠵᠢᠭᠦᠯᠪᠡ᠃ ᠣᠲᠣ ᠪᠣᠯᠲᠠᠯ᠎ᠠ᠂ ᠪᠤᠭᠤᠲᠤ ᠶᠢᠨ ᠬᠥᠩᠭᠡᠨ ᠴᠠᠭᠠᠨ ᠤ ᠪᠦᠲᠦᠭᠡᠭᠳᠡᠬᠦᠨ ᠢ ᠨᠢᠭᠡᠨᠲᠡ ᠺᠠᠨᠠᠳᠠ᠂ ᠶᠠᠫᠤᠨ᠂ ᠢᠰᠫᠠᠨᠢ᠂ ᠠᠮᠧᠷᠢᠺᠠ ᠵᠡᠷᠭᠡ ᠣᠯᠠᠨ ᠤᠯᠤᠰ ᠪᠠ ᠭᠠᠵᠠᠷ ᠣᠷᠣᠨ ᠳᠤ ᠪᠣᠷᠣᠯᠠᠭᠤᠯᠵᠤ᠂ ᠣᠯᠠᠨ ᠤᠯᠤᠰ ᠤᠨ ᠨᠤᠨᠳᠠᠭ ᠴᠣᠭᠴᠠ᠂ ᠳᠡᠭᠡᠳᠦ ᠲᠠᠰ ᠤᠨ ᠵᠠᠰᠠᠯ ᠴᠢᠮᠡᠭᠯᠡᠯ ᠤᠨ ᠡᠳ᠋᠂ ᠡᠯᠧᠺᠳ᠋ᠷᠣᠨ ᠬᠥᠩᠭᠡᠨ ᠴᠠᠭᠠᠨ ᠤ ᠢᠯᠲᠠᠰᠤ᠂ ᠡᠮ ᠡᠮᠨᠡᠯᠭᠡ ᠵᠡᠷᠭᠡ ᠣᠯᠠᠨ ᠬᠦᠷᠢᠶ᠎ᠡ ᠶᠢ ᠬᠠᠮᠤᠷᠴᠤ᠂ BTL ᠨᠠᠷᠠᠲᠤ ᠲᠡᠮᠳᠡᠭᠲᠦ ᠶᠢᠨ ᠥᠷᠲᠡᠭ ᠨᠢ 149 ᠳ᠋ᠦᠩᠰᠢᠭᠤᠷ ᠲᠥᠭᠦᠷᠢᠭ ᠲᠤ ᠬᠦᠷᠴᠡᠶ᠃  
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1