︽ᠠᠳᠤᠭᠤᠴᠢᠨ︾ ᠮᠣᠩᠭᠤᠯ ᠦᠭᠡᠨ ᠳᠤ ︽ᠠᠳᠤᠭᠤ ᠮᠠᠯᠵᠢᠬᠤ ᠭᠠᠵᠠᠷ︾ ᠪᠠᠶᠢᠵᠤ᠂ ᠴᠢᠩ ᠤᠯᠤᠰ ᠤᠨ | ᠦᠶ᠎ᠡ ᠳᠤ ᠪᠠᠶᠢᠭᠤᠯᠤᠭᠳᠠᠵᠤ᠂ ᠬᠤᠪᠢᠰᠬᠠᠯ ᠤᠨ ᠲᠥᠯᠥᠭᠡ ᠰᠢᠮᠡᠲᠡᠢ ᠬᠥᠷᠥᠰᠥ ᠰᠢᠷᠣᠢ ᠬᠠᠩᠭᠠᠵᠤ᠂ ᠲᠡᠦᠬᠡ ᠰᠣᠶᠣᠯ᠂ | ᠪᠠᠶᠢᠭᠠᠯᠢ ᠶᠢᠨ ᠦᠵᠡᠮᠵᠢ ᠪᠣᠯᠤᠨ ᠠᠷᠠᠳ ᠤᠨ ᠵᠠᠩ ᠳᠠᠳᠬᠠᠯ ᠢ ᠨᠢᠭᠲᠠᠷᠠᠭᠤᠯᠤᠭᠰᠠᠨ ᠦᠵᠡᠰᠬᠦᠯᠡᠩᠲᠦ ᠰᠠᠶᠢᠬᠠᠨ ᠲᠣᠰᠬᠤᠨ | ᠪᠣᠯᠤᠨ᠎ᠠ᠃ ᠣᠯᠠᠨ ᠵᠢᠯ ᠤᠨ ᠬᠥᠭᠵᠢᠯᠲᠡ ᠠᠴᠠ ᠨᠠᠰᠢ᠂ ᠠᠳᠦᠯᠠᠢ ᠲᠣᠰᠬᠤᠨ ᠬᠤᠪᠢᠰᠬᠠᠯ ᠤᠨ ᠦᠨᠳᠦᠰᠦ᠂ ᠬᠥᠳᠡᠭᠡ | ᠲᠣᠰᠬᠤᠨ ᠤ ᠰᠣᠶᠣᠯ ᠤᠨ ᠰᠠᠭᠤᠷᠢ᠂ ᠣᠷᠣᠨ ᠭᠠᠵᠠᠷ ᠶᠢᠨ ᠠᠮᠢ ᠠᠬᠤᠶ ᠶᠢᠨ ᠡᠬᠢ ᠪᠠᠶᠠᠯᠢᠭ ᠬᠢᠭᠡᠳ ᠲᠠᠷᠢᠶᠠᠯᠠᠩ ᠤᠨ | ᠬᠥᠭᠵᠢᠯᠲᠡ ᠶᠢᠨ ᠳᠠᠪᠠᠭᠤᠯᠢᠭ ᠢ ᠭᠦᠢᠴᠡᠳ ᠠᠭᠤᠳᠠᠯᠵᠤ᠂ ᠰᠣᠶᠣᠯ ᠰᠡᠯᠡᠭᠦᠴᠡᠯ᠂ ᠲᠣᠭᠤᠷᠢᠨ ᠦᠵᠡᠵᠦ ᠵᠤᠭ᠎ᠠ ᠴᠡᠩᠭᠡᠯ᠂ | ᠠᠮᠢ ᠠᠬᠤᠶ ᠶᠢᠨ ᠪᠡᠶ᠎ᠡ ᠰᠤᠪᠢᠯᠠᠯᠲᠠ ᠶᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠣᠨᠴᠠᠯᠢᠭᠲᠤ | ᠵᠢᠭᠤᠯᠴᠢᠯᠠᠯ ᠤᠨ ᠦᠵᠡᠮᠵᠢ ᠶᠢᠨ ᠣᠷᠣᠨ ᠢ ᠬᠥᠭᠵᠢᠭᠦᠯᠬᠦ ᠪᠠᠷ ᠴᠢᠷᠮᠠᠶᠢᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ︽ᠲᠠᠷᠢᠶᠠᠯᠠᠩ ᠰᠣᠶᠣᠯ ᠪᠡᠶ᠎ᠡ | ᠴᠢᠭᠢᠷᠠᠭᠵᠢᠭᠤᠯᠤᠭᠰᠠᠨ︾ ᠣᠨᠴᠠᠯᠢᠭ ᠢ ᠬᠥᠳᠡᠭᠡ ᠲᠣᠰᠬᠤᠨ ᠤ ᠵᠢᠭᠤᠯᠴᠢᠯᠠᠯ ᠳᠤ ᠠᠭᠤᠰᠬᠠᠬᠤ ᠪᠠᠷ ᠴᠢᠷᠮᠠᠶᠢᠵᠤ᠂ ᠬᠥᠳᠡᠭᠡ | ᠲᠣᠰᠬᠤᠨ ᠤ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠨᠡᠷ᠎ᠡ ᠠᠯᠳᠠᠷ ᠢᠶᠠᠨ ᠪᠠᠳᠠᠷᠠᠭᠤᠯᠬᠤ᠂ ᠬᠥᠮᠦᠰ ᠤᠨ | ᠬᠦᠷᠢᠶᠡᠯᠡᠯ ᠢ ᠲᠥᠪᠯᠡᠷᠡᠭᠦᠯᠬᠦ ᠭᠤᠷᠪᠠᠨ ᠲᠠᠯ᠎ᠠ ᠪᠠᠷ ᠶᠡᠭᠡ ᠬᠦᠴᠦ ᠣᠷᠣᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠦᠨᠡᠨᠬᠦ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠪᠠ᠃ | |