︽ᠡᠷᠡᠭᠦᠯ ᠬᠠᠮᠠᠭᠠᠯᠠᠯ ᠢ ᠬᠡᠷᠬᠢᠨ ᠰᠠᠶᠢᠵᠢᠷᠠᠭᠤᠯᠬᠤ ᠪᠤᠢ︖︾ ︽ᠤᠰᠤᠨ ᠤ ᠬᠤᠭᠤᠯᠠᠢ ᠶᠢ ᠪᠥᠭᠯᠡᠭᠡᠳ ᠬᠡᠨ | ᠬᠠᠷᠢᠭᠤᠴᠠᠬᠤ ᠪᠤᠢ︖︾ ︽ᠭᠡᠷ ᠤᠨ ᠣᠷᠣᠢ ᠤᠰᠤ ᠭᠤᠭᠤᠵᠢᠪᠠᠯ ᠶᠠᠭᠠᠬᠢᠬᠤ ᠪᠤᠢ︖︾ ᠁ ᠁ | ᠶᠠᠩ ᠭᠧ ᠯᠢᠶᠠᠩ ᠵᠡᠭᠡᠯᠢ ᠭᠤᠳᠤᠮᠵᠢ ᠶᠢᠨ ᠯᠦᠩ ᠴᠧᠩ ᠨᠡᠶᠢᠭᠡᠮ ᠲᠣᠭᠤᠷᠢᠭ ᠤᠨ ᠠᠷᠠᠳ ᠤᠨ ᠰᠡᠳᠬᠢᠯ ᠤᠨ | ᠶᠠᠷᠢᠯᠴᠠᠬᠤ ᠬᠤᠷᠠᠯ ᠤᠨ ᠭᠦᠨᠵᠡᠭᠡᠶ ᠥᠷᠨᠢᠬᠦ ᠶᠢ ᠳᠠᠭᠠᠯᠳᠤᠨ᠂ ᠰᠠᠭᠤᠭᠠᠯᠢ ᠠᠷᠠᠳ ᠢᠳᠡᠪᠬᠢᠲᠡᠶ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠳᠠᠯ ᠠᠬᠤᠶ ᠶᠢᠨ ᠺᠣᠮᠫᠠᠨᠢ ᠶᠢᠨ ᠦᠢᠯᠡᠴᠢᠯᠡᠭᠡᠨ ᠤ ᠶᠠᠰᠤ | ᠴᠢᠨᠠᠷ ᠲᠠᠰᠤᠷᠠᠯᠲᠠ ᠥᠬᠡᠶ ᠳᠡᠭᠡᠭᠰᠢᠯᠡᠵᠦ᠂ ᠡᠯ᠎ᠡ ᠲᠥᠷᠥᠯ ᠤᠨ ᠠᠰᠠᠭᠤᠳᠠᠯ ᠢ ᠤᠭᠲᠤᠨ ᠰᠢᠢᠳᠪᠦᠷᠢᠯᠡᠵᠦ᠂ | ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠣᠭᠲᠠᠭᠤᠨ ᠢᠶᠠᠷ | ᠳᠡᠭᠡᠭᠰᠢᠯᠡᠭᠦᠯᠪᠡ᠃ | | ᠠᠷᠠᠳ ᠤᠨ ᠰᠡᠳᠬᠢᠯᠭᠡ ᠶᠢᠨ ᠶᠠᠷᠢᠯᠴᠠᠬᠤ ᠬᠤᠷᠠᠯ ᠤᠨ ᠬᠡᠯᠪᠡᠷᠢ ᠨᠢ ᠣᠯᠠᠨ ᠲᠦᠮᠡᠨ ᠲᠠᠢ ᠠᠮᠢᠳᠤᠯᠢᠭ ᠢᠶᠠᠷ | ᠣᠶᠢᠷᠠᠲᠤᠵᠤ᠂ ᠬᠤᠷᠠᠯ ᠤᠨ ᠠᠭᠤᠯᠭ᠎ᠠ ᠨᠢ ᠪᠠᠶᠠᠯᠢᠭ ᠣᠯᠠᠨ ᠶᠠᠩᠵᠤ ᠶᠢᠨ ᠪᠠᠶᠢᠵᠤ᠂ ᠲᠥᠷᠥ ᠶᠢᠨ ᠪᠣᠳᠣᠯᠭ᠎ᠠ ᠶᠢ | ᠡᠷᠬᠢᠮᠯᠡᠬᠦ᠂ ᠠᠷᠠᠳ ᠤᠨ ᠰᠠᠨᠠᠭ᠎ᠠ ᠶᠢ ᠠᠰᠠᠭᠤᠬᠤ᠂ ᠠᠷᠠᠳ ᠤᠨ ᠵᠣᠪᠠᠨᠢᠯ ᠢ ᠰᠢᠢᠳᠪᠤᠷᠢᠯᠡᠬᠦ᠂ ᠲᠡᠷᠢᠭᠦᠨ ᠤ ᠬᠢ ᠶᠢ | ᠦᠨᠡᠯᠡᠬᠦ ᠳᠤ ᠭᠦᠷᠪᠡᠯ᠂ ᠡᠲᠡᠭᠡᠷ ᠤᠴᠢᠷ ᠶᠠᠪᠤᠳᠠᠯ ᠨᠢ ᠴᠥᠮ ᠰᠠᠭᠤᠭᠠᠯᠢ ᠠᠷᠠᠳ ᠤᠨ ᠠᠰᠢᠭ ᠲᠤᠰᠠ ᠪᠠ ᠡᠳᠦᠷ | ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠂ ᠣᠯᠠᠨ ᠢᠶᠠᠷ ᠢᠶᠠᠨ ᠬᠤᠷᠠᠯ ᠳᠤ ᠣᠷᠣᠯᠴᠠᠬᠤ | ᠢᠳᠡᠪᠬᠢᠵᠢᠯ ᠢ ᠶᠡᠭᠡ ᠪᠠᠷ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ | ᠨᠡᠶᠢᠭᠡᠮ ᠲᠣᠭᠤᠷᠢᠭ ᠤᠨ ᠵᠠᠰᠠᠯᠲᠠ ᠶᠢᠨ ᠬᠢᠷᠢ ᠲᠦᠪᠰᠢᠨ ᠲᠠᠢ ︽ᠵᠡᠷᠭᠡᠴᠡᠭᠦᠯᠵᠦ︾᠂ ᠠᠷᠠᠳ ᠤᠨ ᠠᠮᠢᠳᠤᠷᠠᠯ ᠤᠨ | ᠳᠤᠯᠠᠭᠠᠨ ᠤ ᠬᠡᠮᠵᠢᠶ᠎ᠡ ᠶᠢ ᠪᠣᠯᠪᠠᠰᠤᠨ ᠨᠡᠶᠢᠭᠡᠮ ᠲᠣᠭᠤᠷᠢᠭ ᠲᠠᠢ ︽ᠵᠡᠷᠭᠡᠪᠡᠷ ᠬᠥᠭᠵᠢᠭᠦᠯᠵᠦ︾ ᠪᠠᠶᠢᠨ᠎ᠠ᠃ ᠣᠲᠣ | ᠪᠣᠯᠲᠠᠯ᠎ᠠ᠂ ᠯᠦᠩ ᠴᠧᠩ ᠨᠡᠶᠢᠭᠡᠮ ᠲᠣᠭᠤᠷᠢᠭ ᠠᠷᠠᠳ ᠤᠨ ᠰᠡᠳᠬᠢᠯᠭᠡ ᠶᠢᠨ ᠬᠤᠷᠠᠯ ᠢᠶᠠᠷ ᠳᠠᠮᠵᠢᠭᠤᠯᠤᠨ ᠨᠡᠶᠢᠲᠡ | 150 ᠭᠠᠷᠤᠶ ᠠᠰᠠᠭᠤᠳᠠᠯ ᠢ ᠰᠢᠢᠳᠪᠦᠷᠢᠯᠡᠵᠡᠢ᠃ | ᠳᠠᠷᠠᠭᠠᠴᠢ ᠶᠢᠨ ᠠᠯᠬᠤᠮ ᠳᠤ᠂ ᠯᠦᠩ ᠴᠧᠩ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠤᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠬᠠᠮᠢᠶᠠᠷᠤᠯᠲᠠ ᠨᠢ ᠡᠮᠬᠢ ᠵᠢᠷᠤᠮ ᠲᠠᠢ᠂ ᠦᠢᠯᠡᠴᠢᠯᠡᠭᠡ ᠨᠢ ᠲᠡᠭᠦᠯᠳᠡᠷ᠂ ᠣᠷᠴᠢᠨ | ᠲᠣᠭᠤᠷᠢᠨ ᠨᠢ ᠭᠤᠶᠤ ᠰᠠᠶᠢᠬᠠᠨ ᠪᠣᠯᠪᠠᠰᠤᠨ ᠨᠡᠶᠢᠭᠡᠮ ᠲᠣᠭᠤᠷᠢᠭ ᠢ ᠪᠦᠬᠦ ᠲᠠᠯ᠎ᠠ ᠪᠠᠷ ᠪᠠᠶᠢᠭᠤᠯᠵᠤ᠂ ᠠᠷᠠᠳ | ᠤᠯᠠᠨ ᠤ ᠠᠮᠢᠳᠤᠷᠠᠯ ᠤᠨ ︽ᠵᠣᠯ ᠵᠢᠷᠭᠠᠯᠲᠤ ᠭᠠᠷᠠᠮ︾ ᠢ ᠪᠠᠶᠢᠭᠤᠯᠤᠨ᠎ᠠ᠃ |