ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ 2024 ᠣᠨ ᠤ ᠡᠳ᠋ ᠤᠨ ᠶᠠᠪᠤᠳᠠᠯ ᠤᠨ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/8/28
   ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠤᠨ ᠶᠠᠪᠤᠳᠠᠯ ᠤᠨ ᠳᠦᠷᠢᠮ᠂ ᠵᠠᠰᠠᠭ ᠤᠨ ᠣᠷᠳᠣᠨ ᠤ ᠨᠢᠭᠲᠠᠯᠠᠨ ᠪᠣᠳᠣᠬᠤ ᠳᠦᠷᠢᠮ ᠢ ᠪᠦᠬᠦ ᠲᠠᠯ᠎ᠠ ᠪᠠᠷ ᠪᠦᠲᠦᠮᠵᠢᠲᠡᠶ ᠬᠡᠷᠡᠭᠵᠢᠭᠦᠯᠬᠦ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠵᠤ᠂ ᠳ᠋ᠦᠩ ᠾᠧ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 22 ᠤᠨ ᠡᠳᠦᠷ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠶᠠᠪᠤᠳᠠᠯ ᠤᠨ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠵᠦ᠂ ᠪᠥᠬᠦ ᠲᠣᠭᠤᠷᠢᠭ ᠤᠨ ᠡᠯ᠎ᠡ ᠲᠥᠰᠦᠪ ᠤᠨ ᠰᠠᠯᠠᠭ᠎ᠠ ᠮᠥᠴᠢᠷ ︵ᠨᠢᠭᠡᠴᠡ︶᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠠᠵᠢᠯᠲᠠᠨ᠂ ᠡᠳ᠋ ᠤᠨ ᠵᠠᠰᠠᠭ ᠤᠨ ᠲᠣᠪᠴᠢᠶᠠᠨ ᠤ ᠺᠠᠳ᠋ᠷ 248 ᠬᠥᠮᠦᠨ ᠪᠣᠯᠪᠠᠰᠤᠷᠠᠯ ᠳᠤ ᠣᠷᠣᠯᠴᠠᠪᠠ᠃
   ᠪᠣᠯᠪᠠᠰᠤᠷᠠᠭᠤᠯᠤᠯ ᠤᠨ ᠬᠤᠷᠠᠯ ᠨᠢ ᠭᠤᠤᠯᠳᠠᠭᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠱᠠᠭᠠᠷᠳᠠᠯᠭ᠎ᠠ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠪᠠ ᠡᠳ᠋ ᠤᠨ ᠶᠠᠪᠤᠳᠠᠯ ᠤᠨ ᠨᠢᠭᠲᠠᠯᠠᠨ ᠪᠤᠳᠤᠯᠳᠠ ᠶᠢᠨ ᠬᠢᠨᠠᠯᠲᠠ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠲᠣᠭᠲᠠᠭᠠᠬᠤ ᠱᠠᠭᠠᠷᠳᠠᠯᠭ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠨ ᠵᠥᠪᠰᠢᠶᠡᠷᠡᠬᠦ ᠲᠠᠰ ᠳᠠᠷᠠᠭᠠᠯᠠᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠡᠷᠬᠡ ᠶᠢᠨ ᠰᠣᠯᠢᠯᠴᠠᠭ᠎ᠠ ᠳᠤ ᠠᠩᠬᠠᠷᠬᠤ ᠵᠦᠢᠯᠡᠰ ᠵᠡᠷᠭᠡ ᠠᠭᠤᠯᠭ᠎ᠠ ᠳᠤ ᠲᠠᠶᠢᠯᠤᠮᠵᠢ ᠬᠢᠵᠦ᠂ ᠡᠳ᠋ ᠤᠨ ᠶᠠᠪᠤᠳᠠᠯ ᠤᠨ ᠠᠵᠢᠯᠲᠠᠨ ᠤ ᠪᠣᠳᠠᠲᠠᠶ ᠠᠵᠢᠯᠯᠠᠭ᠎ᠠ ᠳᠤᠮᠳᠠ ᠲᠤᠯᠭᠠᠷᠠᠭᠰᠠᠨ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃    ᠪᠣᠯᠪᠠᠰᠤᠷᠠᠯ ᠤᠨ ᠬᠢᠴᠢᠶᠡᠯ ᠤᠨ ᠠᠭᠤᠯᠭ᠎ᠠ ᠪᠦᠬᠦ ᠲᠠᠯ᠎ᠠ ᠪᠠᠷ ᠪᠠᠶᠠᠯᠢᠭ᠂ ᠬᠠᠨᠳᠤᠯᠭᠠᠲᠤ ᠴᠢᠨᠠᠷ᠂ ᠪᠣᠳᠠᠲᠠᠢ ᠪᠣᠯᠪᠠᠰᠤᠷᠠᠯ ᠤᠨ ᠴᠢᠨᠠᠷ ᠢᠶᠠᠷ ᠴᠢᠩᠭ᠎ᠠ᠂ ᠪᠣᠯᠪᠠᠰᠤᠷᠠᠯ ᠤᠨ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠶᠢᠨ ᠠᠭᠤᠷ ᠠᠮᠢᠰᠬᠤᠯ ᠭᠦᠨ ᠵᠤᠵᠠᠭᠠᠨ ᠪᠠᠶᠢᠳᠠᠭ᠃ ᠡᠨᠡ ᠬᠦ ᠪᠣᠯᠪᠠᠰᠤᠷᠠᠯ ᠳᠤ ᠣᠷᠣᠯᠴᠠᠭᠰᠠᠳ᠂ ᠡᠶᠢᠮᠦ ᠪᠣᠯᠪᠠᠰᠤᠷᠠᠯ ᠢ ᠴᠢᠬᠤᠯᠠᠴᠢᠯᠠᠵᠤ᠂ ᠣᠯᠠᠨ ᠲᠦᠮᠡᠨ ᠲᠠᠢ ᠣᠶᠢᠷᠠᠲᠤᠵᠤ᠂ ᠶᠡᠭᠡ ᠣᠯᠤᠯᠲᠠ ᠲᠠᠢ ᠪᠣᠯᠵᠤ᠂ ᠨᠢᠭᠡ ᠤᠳᠠᠭᠠᠨ ᠤ ᠤᠨᠤᠯ ᠤᠨ ᠲᠠᠯ᠎ᠠ ᠪᠠᠷ ᠳᠤᠲᠠᠭᠤᠳᠠᠯ ᠢᠶᠠᠨ ᠨᠥᠬᠦᠪᠦᠷᠢᠯᠡᠭᠰᠡᠨ ᠮᠥᠷᠲᠡᠭᠡᠨ ᠪᠠᠰᠠ ᠨᠢᠭᠡ ᠤᠳᠠᠭᠠᠨ ᠤ ᠲᠤᠬᠠᠶᠢᠯᠠᠭᠰᠠᠨ ᠠᠵᠢᠯ ᠤᠨ ᠴᠠᠬᠢᠯᠭᠠᠨ ᠴᠡᠨᠡᠭᠯᠡᠯᠲᠡ ᠪᠠᠶᠢᠵᠤ᠂ ᠨᠢᠭᠡ ᠤᠳᠠᠭᠠᠨ ᠤ ᠴᠢᠨᠠᠷ ᠰᠠᠶᠢᠲᠠᠢ ᠪᠣᠯᠪᠠᠰᠤᠷᠠᠯ ᠪᠣᠯᠤᠨ᠎ᠠ ᠭᠡᠵᠦ ᠢᠯᠡᠳᠬᠡᠵᠡᠭᠡᠪᠡ᠃    ᠣᠷᠣᠨ ᠤ ᠡᠳ᠋ ᠤᠨ ᠵᠠᠰᠠᠭ ᠤᠨ ᠲᠣᠪᠴᠢᠶ᠎ᠠ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠡᠳ᠋ ᠤᠨ ᠶᠠᠪᠤᠳᠠᠯ ᠤᠨ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠣᠳᠠᠲᠠᠶ ᠠᠳᠬᠤᠵᠤ᠂ ᠭᠠᠵᠠᠷ ᠣᠷᠣᠨ ᠤ ᠠᠵᠤ ᠠᠬᠤᠶ ᠶᠢᠨ ᠬᠠᠮᠢᠶᠠᠷᠤᠯᠲᠠ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1