8 ᠰᠠᠷ᠎ᠠ ᠶᠢᠨ 22 ᠤᠨ ᠡᠳᠦᠷ᠂ ᠲᠣᠭᠤᠷᠢᠭ ᠤᠨ ᠡᠪᠯᠡᠯ ᠤᠨ ᠬᠤᠷᠢᠶ᠎ᠠ ᠨᠠᠨ ᠮᠧᠨ ᠸᠠᠢ ᠵᠡᠭᠡᠯᠢ | ᠭᠤᠳᠤᠮᠵᠢ ᠶᠢᠨ ᠡᠪᠯᠡᠯ ᠤᠨ ᠠᠵᠢᠯ ᠤᠨ ᠬᠤᠷᠢᠶ᠎ᠠ ᠲᠠᠢ ᠬᠠᠮᠲᠤᠷᠠᠨ ᠯᠦ ᠸᠠᠩ ᠨᠡᠶᠢᠭᠡᠮ ᠲᠣᠭᠤᠷᠢᠭ ᠤᠨ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠨᠡᠶᠢᠲᠡ ᠶᠢᠨ ᠠᠰᠠᠷᠠᠮᠵᠢ ᠶᠢᠨ ᠨᠣᠮ ᠬᠦᠷᠭᠡᠬᠦ ᠠᠵᠢᠯᠯᠠᠭ᠎ᠠ | ᠥᠷᠨᠢᠭᠦᠯᠪᠡ᠃ | | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 600 ᠭᠠᠷᠤᠶ ᠬᠤᠪᠢ ᠨᠣᠮ ᠪᠢᠴᠢᠭ ᠬᠠᠨᠳᠢᠪᠯᠠᠵᠤ᠂ | ᠠᠭᠤᠯᠭ᠎ᠠ ᠨᠢ ᠮᠠᠭᠠᠳᠯᠠᠬᠤ᠂ ᠮᠥᠷ ᠢᠶᠠᠷ ᠬᠡᠮᠵᠢᠬᠦ᠂ ᠣᠯᠠᠨ ᠨᠡᠶᠢᠲᠡ ᠶᠢᠨ ᠰᠠᠭᠤᠷᠢ ᠵᠡᠷᠭᠡ ᠣᠯᠠᠨ ᠵᠦᠢᠯ ᠤᠨ | ᠰᠢᠯᠭᠠᠯᠲᠠ ᠳᠤ ᠪᠡᠯᠡᠳᠬᠡᠬᠦ ᠮᠠᠲ᠋ᠧᠷᠢᠶᠠᠯ ᠢ ᠬᠠᠮᠤᠷᠴᠤ᠂ ᠰᠢᠯᠭᠠᠯᠲᠠ ᠶᠢᠨ ᠪᠡᠯᠡᠳᠬᠡᠯ ᠪᠣᠶ ᠪᠥᠬᠦᠶ ᠮᠠᠲ᠋ᠧᠷᠢᠶᠠᠯ ᠢ ᠴᠥᠮ | ᠰᠤᠷᠭᠠᠨ ᠬᠥᠮᠦᠵᠢᠯ ᠤᠨ ᠪᠠᠶᠢᠭᠤᠯᠤᠮᠵᠢ ᠠᠴᠠ ᠰᠦᠶ᠋ᠳᠬᠡᠯ ᠬᠤᠷᠢᠶᠠᠬᠤ ᠥᠬᠡᠶ ᠪᠠᠷ ᠬᠠᠩᠭᠠᠪᠠ᠃ ᠨᠣᠮ ᠪᠢᠴᠢᠭ ᠢ | ᠬᠦᠷᠭᠡᠵᠦ ᠥᠭᠬᠦ ᠠᠴᠠ ᠭᠠᠳᠠᠨ᠎ᠠ᠂ ᠲᠤᠬᠠᠶ ᠶᠢᠨ ᠲᠠᠯᠠᠪᠤᠷ ᠲᠤ ᠪᠠᠰᠠ ᠸᠢᠴᠠᠲ ᠤᠨ ᠰᠤᠷᠤᠯᠴᠠᠯᠭ᠎ᠠ ᠶᠢᠨ ᠴᠤᠭᠯᠠᠷᠠᠯ ᠢ | ᠪᠠᠶᠢᠭᠤᠯᠵᠤ᠂ ᠸᠢᠳᠢᠣ᠋ ᠰᠤᠷᠤᠯᠴᠠᠯᠭ᠎ᠠ ᠶᠢᠨ ᠮᠠᠲ᠋ᠧᠷᠢᠶᠠᠯ᠂ ᠡᠯ᠎ᠡ ᠭᠠᠵᠠᠷ ᠤᠨ ᠰᠢᠯᠭᠠᠯᠲᠠ ᠶᠢᠨ ᠪᠠᠶᠢᠳᠠᠯ ᠵᠡᠷᠭᠡ ᠮᠡᠳᠡᠭᠡ | ᠵᠠᠩᠭᠢ ᠶᠢ ᠬᠠᠮᠲᠤ ᠪᠠᠷ ᠬᠤᠪᠢᠶᠠᠯᠴᠠᠵᠤ᠂ ᠵᠠᠯᠠᠭᠤᠴᠤᠳ ᠤᠨ ᠥᠨᠳᠥᠷ ᠪᠦᠲᠦᠮᠵᠢᠲᠡᠶ ᠪᠠᠷ ᠲᠡᠶᠢᠨ ᠳᠤ ᠪᠡᠯᠡᠳᠬᠡᠬᠦ ᠳᠤ | ᠬᠦᠴᠦᠨ ᠨᠡᠮᠡᠷᠢᠯᠡᠪᠡ᠃ | ᠳᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠡᠪᠯᠡᠯ ᠤᠨ ᠬᠤᠷᠢᠶ᠎ᠠ ᠵᠠᠯᠠᠭᠤᠴᠤᠳ ᠢ ᠬᠦᠳᠦᠯᠦᠨ ᠳᠠᠭᠠᠭᠤᠯᠵᠤ | ᠨᠢᠭᠲᠠᠷᠠᠭᠤᠯᠬᠤ᠂ ᠵᠠᠯᠠᠭᠤᠴᠤᠳ ᠢ ᠵᠣᠬᠢᠶᠠᠨ ᠪᠠᠶᠢᠭᠤᠯᠵᠤ ᠳᠠᠶᠢᠴᠢᠯᠠᠬᠤ᠂ ᠵᠠᠯᠠᠭᠤᠴᠤᠳ ᠲᠠᠢ ᠬᠠᠷᠢᠯᠴᠠᠵᠤ | ᠦᠢᠯᠡᠴᠢᠯᠡᠬᠦ ᠠᠵᠢᠯ ᠤᠨ ᠤᠳᠤᠷᠢᠳᠤᠮᠵᠢ ᠶᠢ ᠦᠷᠭᠦᠯᠵᠢᠯᠡᠨ ᠪᠠᠷᠢᠮᠲᠠᠯᠠᠵᠤ᠂ ᠵᠠᠯᠠᠭᠤᠴᠤᠳ ᠤᠨ ᠠᠵᠢᠯ ᠣᠯᠭᠤᠯᠲᠠ᠂ | ᠰᠡᠳᠬᠢᠴᠡ᠂ ᠤᠷᠤᠭ ᠬᠤᠷᠢᠮ ᠤᠨ ᠠᠰᠠᠭᠤᠳᠠᠯ ᠵᠡᠷᠭᠡ ᠨᠡᠶᠢᠳᠡᠮ ᠤᠨ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠨᠡᠩ ᠤᠯᠠᠨ ᠵᠠᠯᠠᠭᠤᠴᠤᠳ ᠤᠨ ᠲᠦᠭᠡᠮᠡᠯ ᠬᠠᠷᠠᠭᠠᠯᠵᠠᠯ ᠤᠨ ᠦᠢᠯᠡᠴᠢᠯᠡᠭᠡᠨ ᠤ ᠲᠦᠷᠦᠯ ᠵᠦᠢᠯ ᠢ | ᠭᠠᠷᠭᠠᠵᠤ᠂ ᠥᠷᠭᠡᠨ ᠤᠯᠠᠨ ᠵᠠᠯᠠᠭᠤᠴᠤᠳ ᠲᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ | ᠂ ᠥᠷᠭᠡᠨ ᠤᠯᠠᠨ ᠵᠠᠯᠠᠭᠤᠴᠤᠳ ᠤᠨ ᠰᠡᠳᠬᠢᠯ ᠢ ᠮᠡᠳᠡᠭᠴᠢ᠂ ᠵᠣᠪᠠᠨᠢᠯ ᠢ ᠠᠷᠢᠯᠭᠠᠨ᠎ᠠ᠃ |