ᠳ᠋ᠦᠩ ᠾᠧ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠰ ᠵᠡᠷᠭᠡ ᠭᠤᠤᠯᠳᠠᠯᠭ᠎ᠠ ᠲᠠᠢ ᠡᠲᠡᠭᠡᠳ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠃
ᠨᠡᠶᠢᠲᠡᠯᠡᠭᠰᠡᠨ ᠴᠠᠭ᠄
2024/8/28
     ᠨᠢᠭᠡ᠂ ᠡᠨᠡ ᠬᠦ ᠲᠥᠷᠥ ᠶᠢᠨ ᠪᠣᠳᠣᠯᠭ᠎ᠠ ᠶᠢᠨ ᠣᠳᠣᠬᠠᠨ ᠤ ᠬᠠᠮᠤᠭ ᠤᠨ ᠰᠢᠨ᠎ᠡ ᠪᠢᠴᠢᠭ ᠮᠠᠲ᠋ᠧᠷᠢᠶᠠᠯ ᠨᠢ ᠶᠠᠭᠤ ᠪᠣᠯᠬᠤ ᠶᠢ ᠣᠶᠢᠯᠠᠭᠠᠬᠤ︖      ︽ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠦᠮᠦᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ (建村〔2021〕35号)      ︽ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ  ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︿ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ (包财资环规〔2023〕9号)      ᠬᠤᠶᠠᠷ᠂ ᠪᠣᠳᠠᠲᠠᠶ ᠠᠭᠤᠯᠭ᠎ᠠ ᠨᠢ ᠶᠠᠭᠤ ᠪᠣᠶ︖      ᠨᠥᠬᠦᠴᠡᠯ ᠳᠤ ᠨᠡᠶᠢᠴᠡᠬᠦ ᠡᠲᠡᠭᠡᠳ ᠤᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠳᠤ ᠲᠤᠰᠠᠯᠠᠮᠵᠢ ᠣᠯᠭᠤᠨ᠎ᠠ᠃      ᠭᠤᠷᠪᠠ᠂ ᠣᠳᠣᠬᠠᠨ ᠳᠤ ᠶᠠᠮᠠᠷ ᠶᠠᠮᠠᠷ ᠬᠡᠷᠡᠭᠯᠡᠭᠳᠡᠬᠦ ᠡᠲᠡᠭᠡᠳ ᠪᠠᠶᠢᠬᠤ ᠪᠣᠶ︖      ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠰ ᠵᠡᠷᠭᠡ ᠭᠤᠤᠯᠳᠠᠯᠭ᠎ᠠ ᠲᠠᠢ ᠡᠲᠡᠭᠡᠳ ᠲᠤ ᠭᠤᠤᠯᠳᠠᠭᠤ ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ ᠪᠠᠭᠲᠠᠨ᠎ᠠ᠂ ᠲᠤᠬᠠᠶᠢᠯᠠᠪᠠᠯ᠄ ᠮᠠᠯᠵᠢᠬᠤ ᠲᠠᠷᠢᠶᠠᠯᠠᠬᠤ ᠣᠷᠣᠨ ᠤ ᠳᠠᠬᠢᠨ ᠶᠠᠳᠠᠭᠤᠷᠠᠬᠤ ᠳᠤ ᠬᠢᠯᠪᠠᠷ ᠡᠷᠦᠬᠡ ︵ᠪᠠᠰᠠ ︽ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ︾ ᠭᠡᠳᠡᠭ︶᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ᠂ ᠮᠠᠯᠵᠢᠬᠤ ᠲᠠᠷᠢᠶᠠᠯᠠᠬᠤ ᠣᠷᠣᠨ ᠤ ᠲᠠᠷᠠᠬᠠᠶ ᠪᠤᠲᠠᠷᠬᠠᠶ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠬᠥᠮᠦᠰ᠂ ᠡᠪᠡᠳᠴᠢᠨ᠂ ᠭᠠᠮᠰᠢᠭ᠂ ᠰᠠᠨᠠᠭᠠᠨ ᠳᠤ ᠥᠬᠡᠶ ᠠᠳᠡᠯ ᠵᠡᠷᠭᠡ ᠵᠠᠪᠠᠯ ᠵᠠᠷᠤᠴᠠᠭᠤᠯᠬᠤ ᠵᠠᠷᠤᠯᠭ᠎ᠠ ᠨᠢ ᠨᠡᠯᠢᠶᠡᠳ ᠶᠡᠭᠡ ᠪᠤᠶᠤ ᠣᠷᠣᠯᠭ᠎ᠠ ᠨᠢ ᠶᠡᠬᠡᠪᠡᠷ ᠪᠠᠭᠠᠰᠤᠭᠰᠠᠨ ᠠᠴᠠ ᠪᠣᠯᠵᠣ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠶ ᠬᠦᠴᠢᠷᠳᠡᠯᠲᠡᠶ ᠬᠡᠷ ᠪᠦᠯᠢ ᠵᠡᠷᠭᠡ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠭᠠᠭ ᠲᠤ ᠪᠠᠶᠢᠭ᠎ᠠ ᠬᠡᠷ ᠪᠦᠯᠢ ᠪᠣᠯᠤᠨ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠭᠥᠷᠳᠡᠵᠦ ᠥᠩᠭᠡᠷᠡᠭᠰᠡᠨ ᠥᠬᠡᠶ ᠪᠥᠭᠡᠳ ᠲᠣᠰ ᠪᠡᠶ᠎ᠡ ᠶᠢᠨ ᠬᠦᠴᠦᠨ ᠳᠡᠭᠡᠨ ᠲᠦᠰᠢᠭᠯᠡᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠥᠬᠡᠶ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ᠃      ︵ᠲᠠᠶᠢᠯᠪᠤᠷᠢ᠄ ᠳ᠋ᠦᠩ ᠾᠧ ᠲᠣᠭᠤᠷᠢᠭ ᠲᠤ ᠭᠤᠶᠤᠴᠢᠯᠠᠨ ᠮᠡᠳᠡᠭᠦᠯᠬᠦ ᠳᠤ ᠳ᠋ᠦᠩ ᠾᠧ ᠲᠣᠭᠤᠷᠢᠭ ᠤᠨ ᠲᠠᠷᠢᠶᠠᠯᠠᠩ ᠤᠨ ᠡᠷᠦᠬᠡ ᠠᠮᠠ ᠲᠠᠢ ᠪᠠᠶᠢᠵᠤ᠂ ᠨᠤᠷᠠᠬᠤ ᠠᠶᠤᠯᠲᠠᠢ ᠭᠡᠷ ᠪᠠᠶᠢᠰᠢᠩ ᠨᠢ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠳᠤ ᠪᠠᠶᠢᠬᠤ ᠬᠡᠷᠡᠭᠲᠡᠢ︶      ᠳᠥᠷᠪᠡ᠂ ᠨᠥᠬᠦᠪᠥᠷᠢ ᠶᠢᠨ ᠪᠠᠷᠢᠮᠵᠢᠶ᠎ᠠ ᠬᠡᠳᠦᠶ ᠪᠣᠶ︖      ︵1︶ ᠨᠥᠬᠦᠪᠥᠷᠢ ᠪᠠᠯᠠ ᠮᠥᠩᠭᠦ ᠶᠢᠨ ᠪᠠᠷᠢᠮᠵᠢᠶ᠎ᠠ᠄ ᠣᠳᠣᠬᠠᠨ ᠳᠤ ᠳ᠋ᠦᠩ ᠾᠧ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠰ ᠵᠡᠷᠭᠡ ᠭᠤᠤᠯᠳᠠᠯᠭ᠎ᠠ ᠲᠠᠢ ᠡᠲᠡᠭᠡᠳ ᠪᠣᠯᠬᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠲᠥᠷᠥ ᠶᠢᠨ ᠪᠣᠳᠣᠯᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠨᠢ ᠡᠷᠦᠬᠡ ᠪᠦᠷᠢ ᠳᠤ ᠳᠤᠮᠳᠠᠴᠢ ᠪᠠᠷ 25232 ᠲᠥᠭᠦᠷᠢᠭ ᠪᠠᠶᠢᠵᠤ᠂ ᠡᠭᠦᠨ ᠳᠤ ᠲᠥᠪ ᠤᠨ ᠡᠳ᠋ ᠤᠨ ᠵᠠᠰᠠᠭ ᠤᠨ 14000 ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ 6000 ᠲᠥᠭᠦᠷᠢᠭ᠂ ᠬᠤᠲᠠ ᠶᠢᠨ ᠱᠠᠲᠤᠨ ᠤ ᠡᠳ᠋ ᠤᠨ ᠵᠠᠰᠠᠭ ᠤᠨ 2616 ᠲᠥᠭᠦᠷᠢᠭ᠂ ᠬᠤᠰᠢᠭᠤ ᠰᠢᠶᠠᠨ ᠲᠣᠭᠤᠷᠢᠭ ᠤᠨ ᠱᠠᠲᠤᠨ ᠤ ᠡᠳ᠋ ᠤᠨ ᠵᠠᠰᠠᠭ ᠤᠨ 2616 ᠲᠥᠭᠦᠷᠢᠭ ᠪᠠᠭᠲᠠᠨ᠎ᠠ᠃      ︵2︶ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠷᠢᠮᠵᠢᠶ᠎ᠠ᠄ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ C ᠲᠠᠰ ᠤᠨ ᠨᠤᠷᠠᠬᠤ ᠠᠶᠤᠯᠲᠠᠶ ᠬᠡᠷ ᠪᠠᠶᠢᠰᠢᠩ ᠢ ᠪᠠᠬᠢᠵᠢᠭᠦᠯᠦᠨ ᠰᠡᠯᠪᠢᠨ ᠵᠠᠰᠠᠬᠤ ᠶᠢ ᠥᠷᠨᠢᠭᠦᠯᠦᠨ᠎ᠡ᠃ ᠨᠥᠬᠦᠴᠡᠯ ᠪᠦᠷᠢᠯᠳᠦᠭᠦᠯᠦᠭᠰᠡᠨ D ᠲᠠᠰ ᠤᠨ ᠨᠤᠷᠠᠬᠤ ᠠᠶᠤᠯᠲᠠᠶ ᠬᠡᠷ ᠪᠠᠶᠢᠰᠢᠩ ᠤᠨ ᠲᠦᠭᠰᠢᠭᠦᠷᠢ ᠶᠢ ᠠᠷᠢᠯᠭᠠᠨ ᠪᠠᠬᠢᠯᠡᠬᠦ ᠶᠢ ᠳᠡᠮᠵᠢᠵᠦ᠂ D ᠲᠠᠰ ᠤᠨ ᠨᠤᠷᠠᠬᠤ ᠠᠶᠤᠯᠲᠠᠶ ᠬᠡᠷ ᠪᠠᠶᠢᠰᠢᠩ ᠢ ᠦᠨᠡᠨᠬᠦ ᠪᠠᠬᠢᠵᠢᠭᠦᠯᠵᠦ ᠰᠡᠯᠪᠢᠨ ᠵᠠᠰᠠᠬᠤ ᠦᠨ᠎ᠡ ᠥᠷᠲᠡᠭ ᠥᠬᠡᠶ ᠪᠣᠯ ᠨᠤᠷᠠᠭᠠᠵᠤ ᠳᠠᠬᠢᠨ ᠪᠠᠶᠢᠭᠤᠯᠬᠤ ᠬᠡᠷᠡᠭᠲᠡᠶ᠃ D ᠲᠠᠰ ᠤᠨ ᠨᠤᠷᠠᠬᠤ ᠠᠶᠤᠯᠲᠠᠶ ᠬᠡᠷ ᠪᠠᠶᠢᠰᠢᠩ ᠢ ᠴᠡᠭᠴᠡᠯᠡᠨ ᠵᠠᠰᠠᠭᠰᠠᠨ ᠤ ᠳᠠᠷᠠᠭ᠎ᠠ ᠨᠤᠷᠠᠭᠠᠭᠰᠠᠨ ᠥᠬᠡᠶ ᠪᠣᠯ ᠰᠡᠷᠡᠮᠵᠢᠯᠡᠭᠦᠯᠬᠦ ᠲᠡᠮᠳᠡᠭ ᠲᠠᠯᠪᠢᠬᠤ ᠬᠡᠷᠡᠭᠲᠡᠶ᠂ ᠣᠨᠴᠠᠭᠠᠢ ᠪᠤᠰᠤ ᠪᠠᠶᠢᠳᠠᠯ ᠳᠤ ᠣᠶᠢᠷᠠᠲᠤᠵᠤ ᠪᠣᠯᠬᠤ ᠥᠬᠡᠶ᠃ ᠥᠭᠡᠷᠡᠴᠢᠯᠡᠭᠰᠡᠨ ᠤ ᠳᠠᠷᠠᠭ᠎ᠠ ᠭᠡᠷ ᠪᠠᠶᠢᠰᠢᠩ ᠤᠨ ᠲᠠᠯᠠᠪᠠᠶ ᠶᠢ ᠵᠠᠷᠴᠢᠮ ᠳᠡᠭᠡᠷ᠎ᠡ ᠪᠠᠨ 1 ᠠᠴᠠ 3 ᠬᠥᠮᠦᠨ ᠤ ᠬᠢ ᠶᠢ 40 . 60 ᠲᠡᠭᠰᠢ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠬᠤ ᠮᠥᠷᠲᠡᠭᠡᠨ 1 ᠬᠥᠮᠦᠨ ᠤ ᠬᠢ ᠶᠢ 20 ᠲᠡᠭᠰᠢ ᠳᠥᠷᠪᠡᠯᠵᠢᠨ ᠮᠧᠲᠷ ᠠᠴᠠ ᠳᠣᠣᠷ᠎ᠠ ᠦᠭᠡᠶ᠂ 2 ᠬᠥᠮᠦᠨ ᠤ ᠬᠢ ᠶᠢ 30 ᠲᠡᠭᠰᠢ ᠳᠥᠷᠪᠡᠯᠵᠢᠨ ᠮᠧᠲᠷ ᠠᠴᠠ ᠳᠣᠣᠷ᠎ᠠ ᠦᠭᠡᠶ᠂ 3 ᠬᠥᠮᠦᠨ ᠤ ᠬᠢ ᠶᠢ 40 ᠲᠡᠭᠰᠢ ᠳᠥᠷᠪᠡᠯᠵᠢᠨ ᠮᠧᠲᠷ ᠠᠴᠠ ᠳᠣᠣᠷ᠎ᠠ ᠦᠭᠡᠶ ᠪᠠᠶᠢᠯᠭᠠᠨ᠎ᠠ᠃ 3 ᠬᠥᠮᠦᠨ ᠠᠴᠠ ᠳᠡᠭᠡᠭᠰᠢ ᠡᠷᠦᠬᠡ ᠶᠢᠨ ᠬᠥᠮᠦᠨ ᠪᠦᠷᠢ ᠶᠢᠨ ᠳᠤᠮᠳᠠᠴᠢ ᠪᠠᠷᠢᠯᠭ᠎ᠠ ᠶᠢᠨ ᠲᠠᠯᠠᠪᠠᠶ ᠶᠢ 18 ᠲᠡᠭᠰᠢ ᠳᠥᠷᠪᠡᠯᠵᠢᠨ ᠮᠧᠲᠷ ᠠᠴᠠ ᠳᠠᠪᠠᠭᠤᠯᠬᠤ ᠦᠭᠡᠶ ᠪᠠᠶᠢᠵᠤ᠂ 13 ᠲᠡᠭᠰᠢ ᠳᠥᠷᠪᠡᠯᠵᠢᠨ ᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠶ᠃      ᠲᠠᠪᠤ᠂ ᠭᠦᠢᠴᠡᠳᠭᠡᠬᠦ ᠶᠠᠪᠤᠴᠠ ᠨᠢ ᠶᠠᠭᠤ ᠪᠣᠶ ︵ᠬᠡᠷᠬᠢᠨ ᠮᠡᠳᠡᠭᠦᠯᠬᠦ ᠪᠣᠶ︶︖      ︵ᠨᠢᠭᠡ︶ ᠡᠯ᠎ᠡ ᠭᠠᠴᠠᠭᠠᠨ ᠤ ᠠᠷᠠᠳ ᠤᠨ ᠵᠥᠪᠯᠡᠯ ᠠᠴᠠ ᠬᠤᠯᠪᠣᠭᠳᠠᠯ ᠪᠦᠬᠦᠢ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠬᠤ ᠪᠤᠶᠤ ᠠᠩᠬ᠎ᠠ ᠠᠯᠬᠤᠮ ᠪᠦᠷᠢᠳᠬᠡᠨ ᠮᠡᠳᠡᠭᠦᠯᠦᠭᠰᠡᠨ ᠤ ᠳᠠᠷᠠᠭ᠎ᠠ ᠬᠠᠷᠢᠶ᠎ᠠ ᠪᠠᠯᠭᠠᠰᠤ ᠳᠠᠭᠠᠨ ᠮᠡᠳᠡᠭᠦᠯᠦᠨ᠎ᠡ ︵ᠣᠯᠵᠤ ᠮᠡᠳᠡᠭᠰᠡᠨ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠬᠤᠪᠢ ᠬᠥᠮᠦᠨ ᠨᠢ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠭᠤᠶᠤᠴᠢᠯᠠᠯ ᠭᠠᠷᠭᠠᠬᠤ ᠪᠤᠶᠤ ᠭᠠᠴᠠᠭᠠᠨ ᠤ ᠠᠷᠠᠳ ᠤᠨ ᠵᠥᠪᠯᠡᠯ ᠳᠤ ᠲᠤᠰᠬᠠᠬᠤ ᠬᠡᠷᠡᠭᠲᠡᠢ︶᠃      ︵ᠬᠤᠶᠠᠷ︶ ᠮᠡᠳᠡᠭᠦᠯᠦᠭᠰᠡᠨ ᠬᠥᠮᠦᠨ ᠤ ᠬᠠᠷᠢᠶᠠᠯᠠᠭᠳᠠᠬᠤ ᠪᠠᠯᠭᠠᠰᠤ ᠨᠢ ᠳ᠋ᠦᠩ ᠾᠧ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠤᠶᠤ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠳᠡᠭᠡᠭᠰᠢ ᠮᠡᠳᠡᠭᠦᠯᠦᠭᠰᠡᠨ ᠡᠲᠡᠭᠡᠳ ᠢ ᠮᠠᠭᠠᠳᠯᠠᠨ ᠲᠣᠭᠲᠠᠭᠠᠨ᠎ᠠ᠃      ︵ᠭᠤᠷᠪᠠ︶ ᠨᠤᠷᠠᠬᠤ ᠠᠶᠤᠯᠲᠠᠶ ᠭᠡᠷ ᠪᠠᠶᠢᠰᠢᠩ ᠪᠣᠯᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ ᠲᠣᠬᠢᠷᠠᠬᠤ ᠡᠲᠡᠭᠡᠳ ᠢᠶᠠᠷ ᠦᠨᠡᠮᠰᠢᠭᠰᠡᠨ ᠤ ᠳᠠᠷᠠᠭ᠎ᠠ᠂ ᠨᠥᠬᠦᠴᠡᠯ ᠳᠤ ᠨᠡᠶᠢᠴᠡᠬᠦ ᠡᠷᠦᠬᠡ ᠨᠤᠷᠠᠬᠤ ᠠᠶᠤᠯᠲᠠᠶ ᠭᠡᠷ ᠪᠠᠶᠢᠰᠢᠩ ᠢ ᠨᠤᠷᠠᠭᠠᠵᠤ ᠥᠭᠡᠷᠡᠴᠢᠯᠡᠬᠦ ᠠᠵᠢᠯ ᠢ ᠬᠢᠬᠦ ᠬᠡᠷᠡᠭᠲᠡᠶ᠃      ︵ᠳᠥᠷᠪᠡ︶ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ ᠳ᠋ᠦᠩ ᠾᠧ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠤᠶᠤ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠬᠠᠮᠲᠤ ᠪᠠᠷ ᠰᠢᠯᠭᠠᠨ ᠠᠪᠤᠨ᠎ᠠ᠃      ︵ᠲᠠᠪᠤ︶ ᠳ᠋ᠦᠩ ᠾᠧ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ ᠠᠴᠠ ᠨᠡᠷᠡᠰ ᠢ ᠦᠨᠳᠦᠰᠦᠯᠡᠨ ᠬᠤᠲᠠ ᠶᠢᠨ ᠲᠣᠪᠴᠢᠶ᠎ᠠ ᠳᠤ ᠮᠡᠳᠡᠭᠦᠯᠵᠦ ᠪᠡᠯᠡ ᠮᠥᠩᠭᠦ ᠶᠢ ᠨᠢᠭᠡᠳᠦᠯᠲᠡᠢ ᠭᠤᠶᠤᠴᠢᠯᠠᠵᠤ᠂ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ ᠣᠯᠠᠨ ᠲᠦᠮᠡᠨ ᠳᠤ ᠲᠠᠷᠬᠠᠭᠠᠨ᠎ᠠ᠃      ᠵᠢᠷᠭᠤᠭ᠎ᠠ᠂ ᠲᠠᠶᠢᠯᠪᠤᠷᠢ      ᠲᠣᠰ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠪᠣᠯ ᠵᠥᠪᠬᠡᠨ ᠲᠣᠰ ᠲᠥᠷᠥ ᠶᠢᠨ ᠪᠣᠳᠣᠯᠭ᠎ᠠ ᠶᠢᠨ ᠭᠤᠤᠯ ᠠᠭᠤᠯᠭ᠎ᠠ ᠪᠣᠯᠤᠨ᠎ᠠ᠂ ᠲᠣᠰ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠶᠢ ᠨᠡᠶᠢᠲᠡᠯᠡᠬᠦ ᠴᠠᠭ ᠨᠢ 2024 ᠣᠨ ᠤ 8 ᠳ᠋ᠤᠭᠠᠷ ᠰᠠᠷ᠎ᠠ ᠶᠢᠨ 10 ᠤ ᠡᠳᠦᠷ᠂ ᠲᠥᠷᠥ ᠶᠢᠨ ᠪᠣᠳᠣᠯᠭ᠎ᠠ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠬᠦ ᠪᠤᠶᠤ ᠬᠤᠪᠢᠷᠠᠯᠲᠠ ᠭᠠᠷᠭᠠᠵᠤ᠂ ᠭᠦᠢᠴᠡᠳᠭᠡᠬᠦ ᠠᠷᠭ᠎ᠠ ᠮᠠᠶ᠋ᠢᠭ ᠨᠢ ᠴᠠᠭ ᠬᠤᠭᠤᠴᠠᠭ᠎ᠠ ᠶᠢᠨ ᠤᠯᠠᠷᠢᠬᠤ ᠶᠢ ᠳᠠᠭᠠᠯᠳᠤᠨ ᠬᠤᠪᠢᠷᠠᠵᠤ ᠮᠡᠳᠡᠬᠦ ᠪᠥᠭᠡᠳ ᠲᠣᠬᠢᠷᠠᠭᠤᠯᠤᠯᠲᠠ ᠬᠤᠪᠢᠷᠠᠯᠲᠠ ᠭᠠᠷᠬᠤ ᠳᠤ ᠭᠦᠷᠪᠡᠯ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠠᠷ ᠪᠠᠷᠢᠮᠵᠢᠶ᠎ᠠ ᠪᠣᠯᠭᠠᠨ᠎ᠠ᠃ ᠶᠠᠮᠠᠷᠪᠠ ᠮᠠᠳᠠᠭ ᠲᠠᠢ ᠠᠰᠠᠭᠤᠳᠠᠯ ᠪᠤᠶᠤ ᠯᠠᠪᠯᠠᠭ᠎ᠠ ᠵᠡᠷᠭᠡ ᠵᠥᠢᠯᠡᠰ ᠢ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵13664725307︶ ᠪᠤᠶᠤ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︵04724388696︶ ᠲᠠᠢ ᠬᠠᠷᠢᠯᠴᠠᠭᠠᠷᠠᠶ᠃
 
ᠢᠷᠡᠯᠲᠡ᠄ ᠳ᠋ᠦᠩ ᠾᠧ ᠲᠤᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1