ᠨᠡᠷ᠎ᠡ ᠮᠡᠳᠡᠭᠦᠯᠬᠦ ᠠᠵᠢᠯ ᠡᠬᠢᠯᠡᠬᠦ ᠪᠣᠯᠣᠯ᠎ᠠ︕
ᠨᠡᠶᠢᠲᠡᠯᠡᠭᠰᠡᠨ ᠴᠠᠭ᠄
2024/8/28
   8ᠰᠠᠷ᠎ᠠ ᠶᠢᠨ 25 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ  ᠤᠶᠢᠯᠠᠭᠠᠵᠦ ᠮᠡᠳᠡᠭᠰᠡᠨ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠨᠠᠰᠤᠨ ᠳᠤ ᠬᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠶᠢᠨ  ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ 9 ᠰᠠᠷ᠎ᠠ ᠶᠢᠨ 3 ᠤ ᠡᠳᠦᠷ ᠠᠴᠠ 9 ᠤ ᠡᠳᠦᠷ ᠤᠨ 17 ᠴᠠᠭ ᠪᠣᠯᠲᠠᠯ᠎ᠠ ᠶᠠᠪᠤᠭᠳᠠᠬᠤ ᠪᠣᠯᠤᠨ᠎ᠠ ︵ᠭᠠᠷᠠᠭ ᠤᠨ ᠵᠢᠷᠭᠤᠭᠠᠨ ᠭᠠᠷᠠᠭ ᠤᠨ ᠡᠳᠦᠷ ᠠᠮᠠᠷᠠᠬᠤ ᠦᠭᠡᠢ︶ ᠪᠦᠬᠦ ᠤᠯᠤᠰ ᠤᠨ ᠨᠢᠭᠡᠳᠦᠯᠲᠡᠢ ᠰᠢᠯᠭᠠᠯᠲᠠ᠂ ᠲᠤᠰᠠᠭᠠᠷ ᠰᠢᠯᠭᠠᠯᠲᠠ ᠪᠠ ᠰᠢᠯᠭᠠᠬᠤ ᠦᠭᠡᠢ ᠪᠠᠷ ᠰᠤᠷᠭᠠᠭᠤᠯᠢ ᠳᠤ ᠣᠷᠣᠬᠤ ᠰᠢᠯᠭᠠᠯᠲᠠ ᠳᠤ ᠣᠷᠣᠯᠴᠠᠬᠤ ᠰᠤᠷᠤᠭᠴᠢ ᠴᠥᠮ ᠨᠡᠷ᠎ᠡ ᠮᠡᠳᠡᠭᠦᠯᠬᠦ ᠭᠠᠷ ᠭᠦᠢᠴᠡᠳᠭᠡᠯ ᠬᠢᠬᠦ ᠬᠡᠷᠡᠭᠲᠡᠢ᠃    ᠣᠶᠢᠯᠠᠭᠠᠭᠰᠠᠨ ᠢᠶᠠᠷ᠂ ᠨᠡᠷ᠎ᠡ ᠮᠡᠳᠡᠭᠦᠯᠬᠦ ᠶᠢ ᠰᠦᠯᠵᠢᠶᠡᠨ ᠳᠡᠭᠡᠷ᠎ᠡ ᠤᠷᠢᠳᠴᠢᠯᠠᠨ ᠮᠡᠳᠡᠭᠡᠯᠡᠬᠦ ᠨᠡᠷ᠎ᠡ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ᠂ ᠨᠡᠷ᠎ᠡ ᠮᠡᠳᠡᠭᠦᠯᠬᠦ ᠬᠢᠷᠢ ᠬᠡᠮ ᠢ ᠬᠢᠨᠠᠨ ᠬᠠᠷᠭᠤᠭᠤᠯᠬᠤ ᠭᠤᠷᠪᠠᠨ ᠭᠤᠭᠴᠤᠭ᠎ᠠ ᠭᠡᠵᠦ ᠬᠤᠪᠢᠶᠠᠨ᠎ᠠ᠂ ᠡᠭᠦᠨ ᠳᠤ᠂ ᠨᠡᠷ᠎ᠡ ᠮᠡᠳᠡᠭᠦᠯᠬᠦ ᠬᠢᠷᠢ ᠬᠡᠮ ᠢ ᠬᠢᠨᠠᠨ ᠬᠠᠷᠭᠤᠭᠤᠯᠬᠤ ᠳᠤ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠪᠠ ᠲᠤᠬᠠᠶ ᠶᠢᠨ ᠲᠠᠯᠠᠪᠤᠷ ᠲᠤ ᠬᠢᠨᠠᠨ ᠬᠠᠷᠭᠤᠭᠤᠯᠬᠤ ᠬᠤᠶᠠᠷ ᠵᠦᠢᠯ ᠤᠨ ᠠᠷᠭ᠎ᠠ ᠮᠠᠶ᠋ᠢᠭ ᠪᠠᠭᠲᠠᠨ᠎ᠠ᠂ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠬᠦ᠂ ᠬᠤᠪᠢ ᠨᠡᠮᠡᠬᠦ ᠪᠠ ᠰᠢᠯᠭᠠᠭᠤᠯᠬᠤ ᠦᠭᠡᠢ ᠬᠠᠷᠠᠭᠠᠯᠵᠠᠬᠤ ᠲᠥᠷᠥ ᠶᠢᠨ ᠪᠣᠳᠣᠯᠭ᠎ᠠ ᠵᠢᠴᠢ ᠣᠨᠴᠠᠭᠠᠶ ᠪᠠᠶᠢᠳᠠᠯ ᠲᠠᠢ ᠰᠢᠯᠭᠠᠭᠤᠯᠤᠭᠴᠢ ᠲᠤᠬᠠᠶ ᠶᠢᠨ ᠲᠠᠯᠠᠪᠤᠷ ᠲᠤ ᠬᠢᠨᠠᠨ ᠬᠠᠷᠭᠤᠭᠤᠯᠬᠤ ᠴᠢᠬᠤᠯᠠᠲᠠᠶ ᠠᠴᠠ ᠭᠠᠳᠠᠨ᠎ᠠ᠂ ᠪᠤᠰᠤᠳ ᠰᠢᠯᠭᠠᠭᠤᠯᠤᠭᠴᠢ ᠴᠥᠮ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠤᠨ᠎ᠠ᠃    ᠰᠦᠯᠵᠢᠶᠡᠨ ᠳᠡᠭᠡᠷ᠎ᠡ ᠤᠷᠢᠳᠴᠢᠯᠠᠨ ᠮᠡᠳᠡᠭᠡᠯᠡᠬᠦ ᠨᠡᠷ᠎ᠡ ᠪᠠ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ᠄ 9 ᠰᠠᠷ᠎ᠠ ᠶᠢᠨ 3 ᠤ ᠡᠳᠦᠷ ᠠᠴᠠ 9 ᠰᠠᠷ᠎ᠠ ᠶᠢᠨ 9 ᠤ ᠡᠳᠦᠷ ᠤᠨ 17 ᠴᠠᠭ ᠪᠣᠯᠲᠠᠯ᠎ᠠ ᠨᠡᠷ᠎ᠡ ᠮᠡᠳᠡᠭᠦᠯᠬᠦ ᠬᠢᠷᠢ ᠬᠡᠮ ᠢ ᠬᠢᠨᠠᠨ ᠬᠠᠷᠭᠤᠭᠤᠯᠤᠨ᠎ᠠ᠄    9 ᠰᠠᠷ᠎ᠠ ᠶᠢᠨ 3 ᠤ ᠡᠳᠦᠷ ᠠᠴᠠ 9 ᠰᠠᠷ᠎ᠠ ᠶᠢᠨ 11 ᠤ ᠡᠳᠦᠷ ᠤᠨ 17 ᠴᠠᠭ    ᠨᠡᠷ᠎ᠡ ᠮᠡᠳᠡᠭᠦᠯᠬᠦ ᠬᠢᠷᠢ ᠭᠡᠮ ᠢ ᠬᠢᠨᠠᠨ ᠬᠠᠷᠭᠤᠭᠤᠯᠬᠤ ᠴᠠᠭ ᠬᠤᠭᠤᠴᠠᠭᠠᠨ ᠳᠤ ᠬᠠᠮᠢᠶ᠎ᠠ ᠪᠦᠬᠦᠢ ᠮᠠᠲ᠋ᠧᠷᠢᠶᠠᠯ ︵ᠬᠤᠪᠢ ᠨᠡᠮᠡᠬᠦ ᠬᠠᠷᠠᠭᠠᠯᠵᠠᠯ ᠬᠦᠷᠲᠡᠬᠦ ᠲᠥᠷᠥ ᠶᠢᠨ ᠪᠣᠳᠣᠯᠭ᠎ᠠ ᠪᠠ ᠰᠢᠯᠭᠠᠬᠤ ᠦᠭᠡᠢ ᠬᠠᠷᠠᠭᠠᠯᠵᠠᠯ ᠬᠦᠷᠲᠡᠬᠦ ᠲᠥᠷᠥ ᠶᠢᠨ ᠪᠣᠳᠣᠯᠭ᠎ᠠ ᠶᠢᠨ ᠮᠠᠲ᠋ᠧᠷᠢᠶᠠᠯ ᠪᠠᠭᠲᠠᠨ᠎ᠠ︶ ᠢ ᠨᠦᠬᠦᠪᠦᠷᠢᠯᠡᠵᠦ ᠲᠤᠰᠢᠶᠠᠭᠰᠠᠨ ᠦᠭᠡᠢ ᠪᠠᠶᠢᠪᠠᠯ᠂ ᠬᠢᠨᠠᠨ ᠬᠠᠷᠭᠤᠭᠤᠯᠵᠤ ᠳᠠᠭᠤᠰᠤᠭᠰᠠᠨ ᠤ ᠳᠠᠷᠠᠭ᠎ᠠ ᠴᠥᠮ ᠬᠠᠮᠢᠶ᠎ᠠ ᠪᠦᠬᠦᠢ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠦᠭᠡᠢ᠃    ᠰᠢᠯᠭᠠᠭᠤᠯᠤᠭᠴᠢ ᠲᠣᠭᠲᠠᠭᠰᠠᠨ ᠴᠠᠭ ᠤᠨ ᠳᠣᠲᠣᠷ᠎ᠠ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵ᠳᠣᠷᠣᠭᠰᠢ ᠳᠣᠶ᠋ᠢᠬᠤ ᠭᠠᠵᠠᠷ ᠤᠨ ᠣᠭ ᠪᠢᠴᠢᠭ ᠤᠨ ᠴᠥᠷᠬᠡᠯᠡᠭᠡ ᠶᠢ ᠳᠣᠶ᠋ᠢᠬᠤ ᠬᠡᠷᠡᠭᠲᠡᠢ︶᠄ ︽ᠨᠠᠰᠤᠨ ᠳᠤ ᠭᠦᠷᠦᠭᠰᠡᠳ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ︾ ᠶᠢ ᠳᠣᠲᠣᠯᠠᠵᠤ᠂ ᠨᠡᠷ᠎ᠡ ᠮᠡᠳᠡᠭᠦᠯᠬᠦ ᠰᠢᠰᠲ᠋ᠧᠮ ᠤᠨ ᠨᠡᠷ᠎ᠡ ᠮᠡᠳᠡᠭᠦᠯᠬᠦ ᠵᠦᠭᠯᠡᠭᠦᠷ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠲᠠᠭᠠᠯ ᠠᠴᠠ ᠵᠥᠷᠢᠴᠡᠭᠰᠡᠨ ᠢ ᠰᠢᠢᠳᠪᠦᠷᠢᠯᠡᠬᠦ ᠠᠷᠭ᠎ᠠ︾ ︵ᠲᠣᠪᠴᠢᠯᠠᠯ︶ ᠵᠡᠷᠭᠡ ᠮᠡᠳᠡᠭᠡ ᠵᠠᠩᠭᠢ ᠶᠢ ᠪᠠᠶᠢᠴᠠᠭᠠᠨ ᠦᠵᠡᠵᠦ᠂ ︽ᠨᠠᠰᠤᠨ ᠳᠤ ᠭᠦᠷᠦᠭᠰᠡᠳ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ ᠰᠢᠯᠭᠠᠯᠲᠠ ᠶᠢᠨ ᠠᠮᠠᠯᠠᠯᠲᠠ ᠶᠢᠨ ᠪᠢᠴᠢᠭ︾ ᠢ ᠤᠩᠰᠢᠬᠤ ᠶᠢᠨ ᠬᠠᠮᠲᠤ ᠵᠥᠪᠰᠢᠶᠡᠷᠡᠭᠦᠯᠬᠦ ᠶᠢ ᠰᠣᠩᠭᠤᠨ᠂ ᠳᠠᠩᠰᠠᠯᠠᠬᠤ᠂ ᠦᠨᠳᠦᠰᠦᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ᠂ ᠳᠠᠭᠠᠯᠳᠤᠭᠤᠯᠤᠯ ᠮᠠᠲ᠋ᠧᠷᠢᠶᠠᠯ ᠢ ᠲᠤᠰᠢᠶᠠᠬᠤ᠂ ᠪᠡᠶ᠎ᠡ ᠶᠢᠨ ᠭᠠᠷᠤᠯ ᠤᠨ ᠭᠡᠷᠡᠴᠢᠯᠡᠯ ᠤᠨ ᠬᠡᠷᠡᠯ ᠵᠢᠷᠤᠭ ᠴᠤᠭᠯᠠᠭᠤᠯᠬᠤ ᠵᠡᠷᠭᠡ ᠠᠯᠬᠤᠮ ᠳᠠᠷᠠᠭ᠎ᠠ ᠶᠢ ᠬᠢᠨᠠᠮᠠᠭᠠᠶ ᠪᠡᠶᠡᠯᠡᠭᠦᠯᠦᠨ᠎ᠡ᠃    ᠰᠢᠯᠭᠠᠭᠤᠯᠤᠭᠴᠢ ᠤᠷᠢᠳᠴᠢᠯᠠᠨ ᠮᠡᠳᠡᠭᠡᠯᠡᠬᠦ ᠨᠡᠷ᠎ᠡ ᠪᠠ ᠰᠦᠢᠳᠬᠡᠯ ᠲᠤᠰᠢᠶᠠᠬᠤ ᠶᠢ ᠲᠣᠭᠲᠠᠭᠰᠠᠨ ᠴᠠᠭ ᠲᠤ ᠪᠡᠶᠡᠯᠡᠭᠦᠯᠬᠦ ᠬᠡᠷᠡᠭᠲᠡᠶ᠃ ᠪᠣᠶ ᠪᠥᠬᠦᠶ ᠰᠢᠯᠭᠠᠭᠤᠯᠤᠭᠴᠢ ᠨᠡᠷ᠎ᠡ ᠮᠡᠳᠡᠭᠦᠯᠬᠦ ᠱᠠᠲᠤᠨ ᠳᠤ ᠰᠠᠨᠠᠮᠵᠢ ᠶᠢᠨ ᠬᠦᠰᠡᠯ ᠡᠷᠡᠮᠡᠯᠵᠡᠯ ᠢᠶᠠᠨ ᠲᠠᠭᠯᠠᠨ ᠮᠡᠳᠡᠭᠦᠯᠬᠦ ᠴᠢᠬᠤᠯᠠᠲᠠᠶ᠂ ᠰᠣᠷᠣᠭᠴᠢ ᠡᠯᠰᠡᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠳᠤ ᠯᠠᠪᠯᠠᠯᠲᠠ ᠪᠣᠯᠭᠠᠵᠤ᠂ ᠡᠯᠰᠡᠬᠦ ᠱᠠᠲᠤᠨ ᠤ ᠰᠢᠯᠭᠠᠭᠤᠯᠤᠭᠴᠢ ᠶᠢᠨ ᠰᠢᠯᠭᠠᠯᠲᠠ ᠳᠤ ᠨᠡᠷ᠎ᠡ ᠮᠡᠳᠡᠭᠦᠯᠬᠦ ᠳᠤ ᠦᠨᠳᠦᠰᠦᠯᠡᠯ ᠪᠣᠯᠭᠠᠵᠤ ᠪᠣᠯᠬᠤ ᠥᠬᠡᠶ᠃ ᠰᠣᠷᠣᠭᠴᠢ ᠡᠯᠰᠡᠬᠦ ᠱᠠᠲᠤᠨ ᠳᠤ᠂ ᠰᠢᠯᠭᠠᠭᠤᠯᠤᠭᠴᠢ ︵ᠰᠢᠯᠭᠠᠭᠤᠯᠬᠤ ᠥᠬᠡᠶ ᠪᠠᠷ ᠰᠣᠷᠣᠭᠴᠢ ᠪᠠᠭᠲᠠᠨ᠎ᠠ︶ ᠡᠷᠬᠡᠪᠰᠢ ᠲᠣᠭᠲᠠᠭᠰᠠᠨ ᠴᠠᠭ ᠵᠢᠴᠢ ᠱᠠᠭᠠᠷᠳᠠᠯᠭ᠎ᠠ ᠶᠣᠰᠣᠭᠠᠷ ᠬᠦᠰᠡᠯ ᠡᠷᠡᠮᠡᠯᠵᠡᠯ ᠢᠶᠠᠨ ᠵᠢᠩᠬᠢᠨᠢ ᠪᠠᠷ ᠲᠠᠭᠯᠠᠨ ᠮᠡᠳᠡᠭᠦᠯᠬᠦ ᠬᠡᠷᠡᠭᠲᠡᠶ᠃    ᠲᠣᠰ ᠤᠳᠠᠭᠠᠨ ᠤ ᠨᠠᠰᠤᠨ ᠳᠤ ᠭᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠲᠤᠬᠠᠶ ᠬᠠᠮᠢᠶ᠎ᠠ ᠪᠥᠬᠦᠶ ᠨᠠᠷᠢᠨ ᠪᠠᠶᠢᠳᠠᠯ᠂ ᠰᠢᠯᠭᠠᠭᠤᠯᠤᠭᠴᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠨᠠᠰᠤᠨ ᠳᠤ ᠭᠦᠷᠦᠭᠰᠡᠳ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠪᠠᠶᠢᠴᠠᠭᠠᠨ ᠦᠵᠡᠵᠦ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠰᠤᠷᠤᠭᠴᠢ ᠡᠯᠰᠡᠬᠦ ᠵᠠᠩᠬᠢ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1