ᠳ᠋ᠦᠩ ᠾᠧ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ ᠬᠠᠯᠠᠭᠤᠨ ᠳᠤᠯᠠᠭᠠᠨ ᠰᠤᠷᠭᠠᠨ ᠬᠥᠮᠦᠵᠢᠯ ᠢᠶᠠᠷ ᠬᠡᠦᠬᠡᠳ ᠢ ᠡᠷᠡᠭᠦᠯ ᠢᠶᠠᠷ ᠦᠰᠦᠨ ᠪᠣᠶᠢᠵᠢᠭᠤᠯᠤᠨ᠎ᠠ
ᠨᠡᠶᠢᠲᠡᠯᠡᠭᠰᠡᠨ ᠴᠠᠭ᠄
2024/8/29
     ᠳ᠋ᠣᠩ ᠾᠧ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ ᠪᠣᠯ ᠤᠤᠯ ᠨᠢ ᠪᠤᠭᠤᠲᠤ ᠬᠤᠲᠠ ᠶᠢᠨ ᠨᠢᠭᠡᠳᠦᠭᠡᠷ ᠬᠡᠦᠬᠡᠳ ᠤᠨ ᠴᠡᠴᠡᠷᠯᠢᠭ ᠪᠠᠶᠢᠵᠠᠢ᠂1951 ᠣᠨ ᠳᠤ ᠪᠠᠶᠢᠭᠤᠯᠤᠭᠳᠠᠵᠤ᠂ ᠪᠤᠭᠤᠲᠤ ᠬᠤᠲᠠ ᠶᠢᠨ ᠠᠩᠬᠠᠳᠠᠭᠴᠢ ᠰᠤᠷᠭᠠᠨ ᠬᠥᠮᠦᠵᠢᠯ ᠤᠨ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠤᠨ᠎ᠠ᠂ 1981 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠭᠠᠵᠠᠷ ᠣᠷᠣᠨ ᠤ ᠠᠩᠬᠠᠳᠠᠭᠴᠢ ᠮᠤᠵᠢ ᠶᠢᠨ ᠲᠡᠰ ᠤᠨ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ᠢᠶᠠᠷ ᠦᠨᠡᠯᠡᠭᠳᠡᠵᠦ᠂ ᠬᠡᠦᠬᠡᠳ ᠤᠨ ᠳᠤᠷᠠᠲᠠᠶ᠂ ᠭᠡᠷ ᠤᠨ ᠠᠬᠠᠮᠠᠳ ᠬᠠᠨᠤᠮᠵᠢᠲᠠᠶ᠂ ᠨᠡᠶᠢᠭᠡᠮ ᠨᠡᠶᠢᠲᠡ ᠳᠤ ᠮᠡᠳᠡᠷᠡᠭᠳᠡᠭᠰᠡᠨ ᠬᠡᠦᠬᠡᠳ ᠤᠨ ᠴᠡᠴᠡᠷᠯᠢᠭ ᠪᠣᠯᠤᠨ᠎ᠠ᠃ ᠲᠣᠰ ᠬᠡᠦᠬᠡᠳ ᠤᠨ ᠴᠡᠴᠡᠷᠯᠢᠭ ᠬᠤᠶᠠᠷ ᠭᠠᠵᠠᠷ ᠲᠠᠢ᠂ ᠶᠡᠷᠦᠩᠬᠡᠶ ᠴᠡᠴᠡᠷᠯᠢᠭ ᠲᠤ ᠨᠡᠶᠢᠲᠡ 15 ᠠᠩᠭᠢ ᠭᠠᠷᠭᠠᠵᠤ᠂  ᠬᠦᠷᠡᠯ ᠰᠢᠯᠢ ᠬᠤᠪᠢᠶᠠᠷᠢ ᠴᠡᠴᠡᠷᠯᠢᠭ ᠲᠤ 7 ᠠᠩᠭᠢ ᠭᠠᠷᠭᠠᠵᠤ᠂ ᠬᠡᠦᠬᠡᠳ ᠤᠨ ᠪᠥᠬᠦ ᠲᠤᠭ᠎ᠠ 700 ᠰᠢᠬᠠᠮ ᠪᠣᠯᠵᠠᠶ᠃
     ᠬᠡᠦᠬᠡᠳ ᠤᠨ ᠴᠡᠴᠡᠷᠯᠢᠭ ᠤᠨ ᠣᠷᠴᠢᠨ ᠲᠣᠭᠤᠷᠢᠨ ᠭᠤᠶᠣ ᠰᠠᠶᠢᠬᠠᠨ᠂ ᠲᠥᠬᠦᠭᠡᠷᠦᠮᠵᠢ ᠣᠳᠣᠬᠢᠴᠢᠯᠠᠭᠰᠠᠨ᠂ ᠲᠤᠰᠠᠯᠠᠬᠤ ᠲᠥᠬᠦᠭᠡᠷᠦᠮᠵᠢ ᠪᠦᠷᠢᠨ ᠭᠦᠢᠴᠡᠳ᠂ ᠴᠢᠯᠥᠭᠡᠲᠡᠶ ᠲᠣᠭᠯᠠᠭᠠᠮ ᠤᠨ ᠲᠠᠯᠠᠪᠤᠷ᠂ ᠡᠯᠪᠡᠭ ᠪᠠᠶᠠᠯᠢᠭ ᠲᠣᠭᠯᠠᠭᠠᠮ ᠤᠨ ᠲᠥᠬᠦᠭᠡᠷᠦᠮᠵᠢ ᠨᠢ ᠬᠡᠦᠬᠡᠳ ᠤᠨ ᠣᠯᠠᠨ ᠶᠠᠩᠵᠤ ᠶᠢᠨ ᠬᠡᠷᠡᠭᠴᠡᠭᠡ ᠶᠢ ᠬᠠᠩᠭᠠᠵᠤ᠂ ᠬᠡᠦᠬᠡᠳ ᠤᠨ ᠠᠮᠢᠳᠤᠷᠠᠯ ᠪᠠ ᠰᠤᠷᠤᠯᠴᠠᠯᠭ᠎ᠠ ᠶᠢᠨ ᠬᠦᠰᠡᠯᠡᠩᠲᠦ ᠦᠰᠦᠨ ᠪᠤᠶᠢᠵᠢᠬᠤ ᠴᠡᠩᠭᠡᠯ ᠤᠨ ᠬᠦᠷᠢᠶᠡᠯᠡᠩ ᠪᠣᠯᠤᠨ᠎ᠠ᠃
     ᠳ᠋ᠦᠩ ᠾᠧ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ ᠢᠮᠠᠭᠲᠠ ︽ᠠᠮᠢᠳᠤᠷᠠᠯ ᠤᠨ ᠳᠤᠮᠳᠠ ᠦᠢᠯᠡᠳᠦᠯᠭᠡᠵᠢᠭᠦᠯᠵᠦ᠂ ᠪᠠᠶᠠᠷ ᠬᠥᠷ ᠲᠠᠢ ᠪᠠᠷ ᠦᠰᠦᠨ ᠪᠤᠶᠢᠵᠢᠬᠤ︾ ᠪᠠᠷ ᠴᠡᠴᠡᠷᠯᠢᠭ ᠡᠷᠬᠢᠯᠡᠬᠦ ᠵᠣᠷᠢᠯᠲᠠ ᠶᠢ ᠪᠠᠷᠢᠮᠲᠠᠯᠠᠵᠤ᠂ ︽ᠬᠠᠶᠢᠷ᠎ᠠ ᠬᠠᠯᠠᠮᠵᠢ᠂ ᠨᠠᠷᠢᠨ ᠬᠢᠨᠠᠮᠠᠭᠠᠶ᠂ ᠬᠦᠯᠢᠴᠡᠩᠭᠦᠶ᠂ ᠰᠡᠳᠬᠢᠯ ᠲᠠᠯᠪᠢᠬᠤ︾ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠬᠢᠴᠢᠶᠡᠯ ᠤᠨ ᠲᠣᠭᠯᠠᠭᠠᠮᠴᠢᠯᠠᠬᠤ ᠣᠨᠣᠯᠵᠢᠬᠤᠨ ᠢ ᠪᠠᠷᠢᠮᠲᠠᠯᠠᠵᠤ᠂ ᠲᠣᠬᠢᠷᠠᠮᠵᠢᠲᠠᠶ᠂ ᠰᠣᠨᠢᠷᠬᠠᠯᠲᠠᠶ ᠲᠣᠭᠯᠠᠭᠠᠮ ᠤᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠬᠡᠦᠬᠡᠳ ᠤᠨ ᠲᠣᠭᠯᠠᠭᠠᠮᠴᠢᠯᠠᠭᠰᠠᠨ ᠬᠢᠴᠢᠶᠡᠯ ᠳᠤᠮᠳᠠ ᠬᠠᠶᠢᠨ ᠰᠦᠪᠡᠭᠴᠢᠯᠡᠵᠦ ᠢᠯᠡᠷᠡᠭᠦᠯᠬᠦ ᠠᠶᠠᠨ ᠢᠶᠠᠨ ᠡᠬᠢᠯᠡᠭᠦᠯᠬᠦ ᠶᠢ ᠬᠥᠲᠥᠯᠥᠨ ᠵᠢᠯᠣᠭᠤᠳᠴᠤ᠂ ᠲᠣᠭᠯᠠᠭᠠᠮ ᠤᠨ ᠳᠤᠮᠳᠠ ᠳᠠᠯᠳᠠ ᠴᠢᠳᠠᠪᠤᠷᠢ ᠪᠠᠨ ᠬᠥᠭᠵᠢᠭᠡᠵᠦ᠂ ᠥᠪᠡᠷᠮᠢᠴᠡ ᠴᠢᠨᠠᠷ ᠢᠶᠠᠨ ᠬᠥᠭᠵᠢᠭᠦᠯᠵᠦ᠂ ᠪᠠᠶᠢᠭᠠᠯᠢ ᠲᠠᠢ ᠣᠶᠢᠷᠠᠳᠴᠤ᠂ ᠠᠮᠢᠳᠤᠷᠠᠯ ᠳᠤ ᠬᠠᠶᠢᠷᠠᠲᠠᠶ᠂ ᠠᠮᠢᠵᠢᠷᠠᠯ ᠤᠨ ᠬᠦᠴᠦᠨ ᠪᠠ ᠪᠦᠲᠦᠭᠡᠯᠴᠢ ᠬᠦᠴᠦᠨ ᠢᠶᠠᠷ ᠪᠢᠯᠬᠠᠮ᠎ᠠ ᠪᠣᠯᠭᠠᠨ᠎ᠠ᠃
     ᠬᠡᠦᠬᠡᠳ ᠤᠨ ᠴᠡᠴᠡᠷᠯᠢᠭ ᠲᠤ ︽ᠭᠤᠷᠪᠠ ᠶᠢ ᠨᠢᠭᠡᠳᠬᠡᠭᠰᠡᠨ ᠨᠠᠮ ᠤᠨ ᠪᠠᠶᠢᠭᠤᠯᠤᠯᠲᠠ ᠶᠢᠨ ᠨᠢᠯᠬ᠎ᠠ ᠴᠢᠬᠢ ᠪᠤᠶᠢᠵᠢᠭᠤᠯᠬᠤ︾ ᠤᠨᠴᠠᠯᠢᠭᠳᠤ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠢ ᠬᠦᠴᠦᠯᠡᠨ ᠪᠣᠶ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ᠲᠤᠬᠠᠶᠢᠯᠠᠭᠰᠠᠨ ᠠᠵᠢᠯ ᠢ ᠭᠦᠨᠵᠡᠭᠡᠶ ᠠᠭᠤᠰᠤᠯᠴᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠰᠣᠶᠣᠯ ᠤᠨ ᠪᠠᠶᠢᠭᠤᠯᠤᠯᠲᠠ᠂ ᠪᠠᠭᠰᠢ ᠶᠢᠨ ᠬᠥᠭᠵᠢᠯᠲᠡ᠂ ᠬᠡᠦᠬᠡᠳ ᠤᠨ ᠠᠵᠢᠯᠯᠠᠭ᠎ᠠ ᠶᠢᠨ ᠳᠤᠮᠳᠠ ᠪᠠᠶᠢᠩᠭᠤᠵᠢᠭᠤᠯᠤᠨ ᠠᠭᠤᠰᠤᠯᠴᠠᠭᠤᠯᠵᠤ᠂ ᠰᠢᠨ᠎ᠡ ᠪᠠᠶᠢᠷᠢᠰᠢᠯ᠂ ᠰᠢᠨ᠎ᠡ ᠡᠭᠦᠷᠭᠡᠯᠡᠯ᠂ ᠰᠢᠨ᠎ᠡ ᠬᠤᠪᠢ ᠨᠡᠮᠡᠷᠢ ᠪᠠᠷ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠬᠡᠦᠬᠡᠳ ᠤᠨ ᠴᠡᠴᠡᠷᠯᠢᠭ ᠡᠷᠭᠢᠯᠡᠬᠦ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠬᠡᠦᠬᠡᠳ ᠤᠨ ᠴᠡᠴᠡᠷᠯᠢᠭ ᠤᠨ ᠰᠠᠭᠤᠷᠢ ᠣᠨᠴᠠᠯᠢᠭ ᠪᠥᠬᠦᠶ ︽ᠪᠠᠲᠤ ᠴᠢᠩᠭ᠎ᠠ ᠪᠠᠬᠢᠯᠡᠯᠲᠡ ᠶᠢᠨ ᠨᠠᠮ ᠤᠨ ᠡᠭᠦᠷ︾ ᠢ ᠪᠣᠶ ᠪᠣᠯᠭᠠᠨ᠎ᠠ᠃
     2021 ᠣᠨ ᠳᠤ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠠᠵᠢᠯᠯᠠᠬᠤ ᠬᠤᠷᠢᠶ᠎ᠠ ᠠᠴᠠ ︽ᠰᠢᠯᠢᠳᠡᠭ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠪᠠᠷ ᠦᠨᠡᠯᠡᠭᠳᠡᠵᠦ᠂ ᠲᠣᠰ ᠵᠢᠯ ᠳᠤ ᠪᠤᠭᠤᠲᠤ ᠬᠤᠲᠠ ᠶᠢᠨ ᠠᠩᠬᠠᠳᠠᠭᠴᠢ ᠪᠦᠯᠦᠭ ᠪᠣᠬᠢᠷᠲᠤᠯ ᠥᠬᠡᠶ ᠰᠤᠷᠭᠠᠭᠤᠯᠢ ᠶᠢᠨ ᠬᠦᠷᠢᠶ᠎ᠡ᠂ ᠪᠥᠬᠦ ᠤᠯᠤᠰ ᠤᠨ ᠬᠥᠯ ᠪᠥᠮᠪᠦᠭᠡ ᠶᠢᠨ ᠣᠨᠴᠠᠯᠢᠭᠲᠤ ᠬᠡᠦᠬᠡᠳ ᠤᠨ ᠴᠡᠴᠡᠷᠯᠢᠭ ᠢᠶᠠᠷ ᠵᠥᠪᠰᠢᠶᠡᠷᠡᠭᠳᠡᠵᠦ᠂ ᠤᠷᠢᠳ ᠬᠤᠵᠢᠳ ︽ᠬᠠᠮᠤᠭ ᠤᠨ ᠬᠦᠴᠦᠷᠬᠡᠭ ᠨᠠᠮ ᠤᠨ ᠡᠭᠦᠷ︾᠂ ︽ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠤᠷᠭᠠᠭᠤᠯᠢ︾᠂ ᠪᠤᠭᠤᠲᠤ ᠬᠤᠲᠠ ᠶᠢᠨ ︽ᠣᠳᠣᠨ ᠲᠠᠰ ᠤᠨ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾ ᠵᠡᠷᠭᠡ ᠢᠷᠠᠭᠤ ᠠᠯᠳᠠᠷ ᠢ ᠭᠥᠷᠳᠡᠪᠡ᠃
     ᠪᠠᠭᠰᠢ ᠶᠢᠨ ᠮᠣᠷᠠᠯ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠬᠠᠶᠢᠷ᠎ᠠ ᠬᠠᠯᠠᠮᠵᠢ ᠪᠠ ᠬᠠᠷᠢᠭᠤᠴᠠᠯᠭᠠᠲᠤ ᠰᠡᠳᠬᠢᠯᠭᠡ ᠪᠠᠷ ᠪᠢᠯᠬᠠᠭᠰᠠᠨ ᠪᠠᠭᠰᠢ ᠶᠢᠨ ᠡᠩᠨᠡᠭᠡ ᠲᠣᠭᠲᠠᠭᠤᠨ ᠢᠶᠠᠷ ᠦᠰᠦᠨ ᠪᠤᠶᠢᠵᠢᠵᠤ᠂ ᠳ᠋ᠦᠩ ᠾᠧ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ ᠤᠨ ᠴᠢᠨᠠᠷ ᠰᠠᠶᠢᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠪᠠ᠃ ᠬᠡᠦᠬᠡᠳ ᠤᠨ ᠴᠡᠴᠡᠷᠯᠢᠭ ᠲᠤ 126 ᠪᠠᠭᠰᠢ ᠠᠵᠢᠯᠲᠠᠨ ᠲᠠᠢ᠂ ᠡᠭᠦᠨ ᠳᠤ ᠳᠡᠭᠡᠳᠦ ᠵᠡᠷᠭᠡ ᠶᠢᠨ ᠪᠠᠭᠰᠢ 11᠂ ᠳᠤᠮᠳᠠ ᠵᠡᠷᠭᠡ ᠶᠢᠨ ᠪᠠᠭᠰᠢ 20᠂ ᠬᠤᠲᠠ ᠶᠢᠨ ᠲᠠᠰ ᠤᠨ ᠰᠢᠨᠵᠢᠯᠡᠭᠡᠨ ᠤ ᠳᠠᠭᠠᠭᠤᠯᠤᠭᠴᠢ 6᠂ ᠲᠣᠭᠤᠷᠢᠭ ᠤᠨ ᠲᠠᠰ ᠤᠨ ᠰᠢᠨᠵᠢᠯᠡᠭᠡᠨ ᠤ ᠳᠠᠭᠠᠭᠤᠯᠤᠭᠴᠢ 3᠂ ᠬᠤᠲᠠ ᠶᠢᠨ ᠲᠠᠰ ᠤᠨ ᠵᠢᠭᠠᠨ ᠰᠤᠷᠭᠠᠬᠤ ᠴᠢᠳᠠᠪᠤᠷᠢᠲᠠᠨ 5᠂ ᠲᠣᠭᠤᠷᠢᠭ ᠤᠨ ᠲᠠᠰ ᠤᠨ ᠵᠢᠭᠠᠨ ᠰᠤᠷᠭᠠᠬᠤ ᠴᠢᠳᠠᠪᠤᠷᠢᠲᠠᠨ 6 ᠪᠣᠶ᠃      ᠳ᠋ᠦᠩ ᠾᠧ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ ᠢᠮᠠᠭᠲᠠ ︽ᠬᠠᠶᠢᠷ᠎ᠠ ᠬᠠᠯᠠᠮᠵᠢ ᠲᠠᠢ ᠰᠤᠷᠭᠠᠨ ᠬᠥᠮᠦᠵᠢᠯ ᠬᠢᠵᠦ᠂ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠠᠨᠢ ᠪᠣᠯᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠠᠰᠠᠷᠠᠨ ᠬᠥᠮᠦᠵᠢᠭᠦᠯᠬᠦ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠶᠢᠨ ᠲᠥᠯᠥᠭᠡ ᠴᠥᠬᠦᠷᠡᠰᠢ ᠥᠬᠡᠶ ᠴᠢᠷᠮᠠᠶᠢᠪᠠ᠃
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1