ᠠᠯᠳᠠᠷᠲᠤ ᠲᠣᠭᠯᠠᠭᠴᠢ ᠰᠠᠷᠠᠨ᠎ᠠ ᠪᠤᠭᠤᠲᠤ ᠶᠢᠨ ᠠᠯᠲᠠᠨ ᠵᠡᠭᠡᠯᠢ ᠶᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/8/30
    ᠴᠤᠭ ᠵᠢᠪᠬᠤᠭ᠎ᠠ ᠪᠠᠳᠠᠷᠠᠩᠭᠤᠶ᠂ ᠡᠶᠡᠯᠳᠡᠭ ᠳᠣᠲᠣᠨᠣ᠂ ᠪᠠᠶᠢᠨ ᠪᠠᠶᠢᠨ ᠢᠨᠢᠶᠡᠳᠦ ᠶᠢᠨ ᠳᠠᠭᠤᠨ ᠭᠠᠷᠭᠠᠵᠤ᠂ ᠬᠦᠯᠢᠴᠡᠩᠭᠦᠢ ᠪᠠᠷ ᠤᠷᠢᠯᠭ᠎ᠠ ᠪᠠᠷ ᠵᠤᠭᠠᠴᠠᠭᠰᠠᠳ ᠲᠠᠢ ᠭᠡᠷᠡᠯ ᠵᠢᠷᠤᠭ ᠲᠠᠲᠠᠭᠤᠯᠵᠤ᠂ 8 ᠰᠠᠷ᠎ᠠ ᠶᠢᠨ 28 ᠤ ᠣᠷᠣᠢ ᠂ ᠠᠯᠳᠠᠷᠲᠤ ᠲᠣᠭᠯᠠᠭᠴᠢ ᠰᠠᠷᠠᠨ᠎ᠠ ᠪᠤᠭᠤᠲᠤ ᠶᠢᠨ ᠠᠯᠳᠠᠨ ᠵᠡᠭᠡᠯᠢ ᠳᠤ ᠢᠯᠡᠷᠡᠪᠡ᠃     ᠲᠤᠰ ᠤᠳᠠᠭ᠎ᠠ ᠰᠠᠷᠠᠨ᠎ᠠ ᠨᠠᠷ ᠳᠤᠮᠳᠠᠳᠤ ᠤᠯᠤᠰ ᠤᠨ ᠠᠵᠢᠯᠳᠠᠨ ᠠᠵᠢᠯᠴᠢᠨ ᠤ ᠰᠣᠶᠣᠯ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠭᠡᠰᠢᠭᠦᠨ ᠨᠢᠭᠡᠴᠢ ᠶᠢᠨ ᠲᠥᠯᠥᠭᠡᠯᠡᠭᠴᠢ ᠪᠣᠯᠤᠭᠰᠠᠨ ᠤ ᠬᠤᠪᠢ ᠪᠠᠷ ᠪᠤᠭᠤᠲᠤ ᠶᠢᠨ ᠶᠢᠨ ᠵᠡᠭᠡᠯᠢ ᠳᠤ ᠬᠦᠷᠴᠦ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠵᠡᠢ᠃
    ᠪᠤᠭᠤᠲᠤ ᠶᠢᠨ ᠠᠯᠲᠠᠨ ᠵᠡᠭᠡᠯᠢ ᠨᠢ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠪᠣᠯᠤᠭᠰᠠᠨ ᠤ ᠬᠤᠪᠢ ᠳᠤ᠂ ᠤᠨᠴᠠᠯᠢᠬᠳᠤ ᠢᠳᠡᠭᠡᠨ ᠤᠮᠳᠠᠭᠠᠨ᠂ ᠰᠣᠳᠣᠨ ᠲᠠᠸᠠᠷ ᠢ ᠵᠢᠵᠢᠭᠯᠡᠨ ᠬᠤᠳᠠᠯᠳᠤᠬᠤ᠂ ᠬᠠᠷᠢᠯᠴᠠᠨ ᠬᠥᠳᠡᠯᠦᠯᠴᠡᠵᠦ ᠵᠤᠭ᠎ᠠ ᠴᠡᠩᠭᠡᠯ᠂ ᠰᠣᠶᠣᠯ ᠤᠨ ᠪᠦᠲᠦᠭᠡᠯᠲᠡ ᠶᠢ ᠪᠡᠶᠡᠴᠢᠯᠡᠨ ᠣᠶᠢᠯᠠᠭᠠᠬᠤ᠂ ᠰᠥᠨᠢ ᠶᠢᠨ ᠵᠢᠭᠤᠯᠴᠢᠯᠠᠯ ᠤᠨ ᠲᠣᠭᠯᠠᠯᠲᠠ ᠶᠢ ᠨᠢᠭᠡ ᠴᠣᠭᠴᠠᠵᠢᠭᠤᠯᠤᠭᠰᠠᠨ ᠤᠯᠤᠰ ᠤᠨ ᠲᠠᠰ ᠤᠨ ᠰᠣᠶᠣᠯ ᠵᠢᠭᠤᠯᠴᠢᠯᠠᠯ ᠤᠨ ᠬᠤᠳᠠᠯᠳᠤᠭ᠎ᠠ ᠪᠣᠯᠤᠨ᠎ᠠ᠃ ᠬᠥᠭᠵᠢᠶᠡᠨ ᠨᠠᠷᠭᠢᠶᠠᠨ ᠲᠠᠢ ᠵᠡᠭᠡᠯᠢ ᠭᠤᠳᠤᠮᠵᠢ ᠳᠤ᠂ ᠰᠠᠷᠠᠨ᠎ᠠ ᠪᠣᠯᠤᠨ ᠦᠵᠡᠭᠦᠯᠦᠯᠭᠡ ᠶᠢᠨ ᠪᠦᠯᠬᠦᠮ ᠤᠨ ᠪᠤᠰᠤᠳ ᠪᠦᠷᠢᠯᠳᠦᠬᠦᠨ ᠨᠡᠷ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ᠵᠡᠭᠡᠯᠢ ᠲᠣᠭᠤᠷᠢᠭ ᠢᠶᠠᠷ ᠡᠯ᠎ᠡ ᠵᠦᠢᠯ ᠤᠨ ᠠᠮᠲᠠᠲᠤ ᠢᠳᠡᠭᠡᠨ᠂ ᠤᠷᠠᠨ ᠰᠠᠶᠢᠬᠠᠨ ᠤ ᠲᠣᠭᠯᠠᠯᠲᠠ᠂ ᠦᠵᠡᠮᠵᠢ ᠶᠢᠨ ᠵᠢᠵᠢᠭ ᠪᠦᠲᠦᠭᠡᠯ ᠢ ᠰᠣᠨᠢᠷᠬᠠᠵᠤ᠂ ᠲᠠᠶᠢᠯᠪᠤᠷᠢᠯᠠᠭᠴᠢ ᠶᠢᠨ ᠪᠤᠭᠤᠲᠤ ᠶᠢᠨ ᠠᠯᠲᠠᠨ ᠵᠡᠭᠡᠯᠢ ᠶᠢᠨ ᠲᠤᠬᠠᠶ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠪᠠ᠃ ᠵᠠᠮ ᠵᠠᠭᠤᠷ᠎ᠠ᠂ ᠬᠠᠯᠠᠭᠤᠨ ᠰᠡᠳᠬᠢᠯᠭᠡ ᠶᠢᠨ ᠵᠤᠭᠠᠴᠠᠭᠰᠠᠳ ᠰᠠᠷᠠᠨ᠎ᠠ ᠪᠠᠭᠰᠢ ᠳᠤ ᠪᠠᠶᠢᠨ ᠪᠠᠶᠢᠨ ᠮᠡᠨᠳᠦᠴᠢᠯᠡᠯ ᠬᠦᠷᠭᠡᠵᠦ᠂ ᠰᠠᠷᠠᠨ᠎ᠠ ᠪᠠᠭᠰᠢ ᠲᠠᠢ ᠬᠠᠮᠲᠤ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃
    ᠪᠤᠭᠤᠲᠤ ᠶᠢᠨ ᠠᠯᠲᠠᠨ ᠵᠡᠭᠡᠯᠢ ᠨᠢ ᠬᠠᠮᠤᠭ ᠤᠨ ᠣᠨᠴᠠᠯᠢᠭ ᠲᠠᠢ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠦᠨ ᠰᠠᠷᠠᠨ᠎ᠠ ᠵᠢᠴᠢ ᠲᠣᠭᠤᠷᠢᠨ ᠦᠵᠡᠬᠦ ᠪᠦᠯᠬᠦᠮ ᠤᠨ ᠪᠤᠰᠤᠳ ᠪᠦᠷᠢᠯᠳᠦᠬᠦᠨ ᠤ ᠠᠩᠬᠠᠷᠤᠯ ᠢ ᠲᠠᠲᠠᠪᠠ᠃ ᠬᠤᠨᠢᠨ ᠤ ᠥᠭᠡᠬᠦᠨ ᠰᠠᠪᠤᠩ ᠤᠨ ᠤᠨᠴᠠᠯᠢᠬᠳᠤ ᠳᠡᠯᠭᠡᠭᠦᠷ ᠲᠤ᠂ ᠡᠯᠳᠡᠪ ᠵᠦᠢᠯ ᠤᠨ ᠬᠤᠨᠢᠨ ᠤ ᠥᠭᠡᠬᠦᠨ ᠰᠠᠪᠤᠩ ᠣᠪᠣᠭᠠᠷᠠᠵᠤ᠂ ᠥᠷᠥᠭᠡᠨ ᠳᠤ ᠠᠩᠬᠢᠯᠤᠮ᠎ᠠ ᠦᠨᠦᠷ ᠬᠠᠩᠬᠤᠯᠤᠨ᠂ ᠰᠠᠷᠠᠨ᠎ᠠ ᠬᠤᠨᠢᠨ ᠤ ᠥᠭᠡᠬᠦᠨ ᠰᠠᠪᠤᠩ ᠤᠨ ᠲᠡᠦᠬᠡ ᠶᠢᠨ ᠡᠬᠢ ᠰᠤᠷᠪᠤᠯᠵᠢ᠂ ᠲᠦᠭᠦᠬᠡᠢ ᠮᠠᠲ᠋ᠧᠷᠢᠶᠠᠯ ᠦᠢᠯᠡᠳᠬᠦ ᠵᠢᠴᠢ ᠤᠷ᠎ᠠ ᠮᠡᠷᠭᠡᠵᠢᠯ ᠢ ᠨᠠᠷᠢᠨ ᠣᠶᠢᠯᠠᠭᠠᠪᠠ᠃ ᠪᠣᠳᠠᠰ ᠤᠨ ᠪᠤᠰᠤ ᠰᠣᠶᠣᠯ ᠤᠨ ᠥᠪ ᠤᠨ ᠵᠢᠷᠭᠤᠭᠠᠨ ᠵᠦᠢᠯ ᠤᠨ ᠣᠨᠴᠠᠯᠢᠭᠲᠤ ᠳᠡᠯᠭᠡᠭᠦᠷ ᠲᠤ᠂ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠵᠢᠷᠭᠤᠭᠠᠨ ᠬᠠᠮᠲᠤ ᠶᠢᠨ ᠳᠡᠷ᠎ᠡ ᠶᠢᠨ  ᠦᠢᠯᠡᠳᠬᠦ ᠤᠷ᠎ᠠ ᠮᠡᠷᠭᠡᠵᠢᠯ ᠤᠨ ᠲᠤᠬᠠᠶ ᠲᠠᠨᠢᠯᠴᠠᠭᠤᠯᠭ᠎ᠠ ᠶᠢ ᠨᠠᠷᠢᠨ ᠰᠣᠨᠣᠰᠴᠤ᠂  ᠦᠢᠯᠡᠳᠬᠦᠨ ᠤ ᠨᠠᠷᠢᠯᠢᠭ ᠰᠠᠶᠢᠬᠠᠨ᠂ ᠨᠠᠷᠢᠨ ᠨᠢᠮᠪᠠᠶ ᠮᠠᠭᠲᠠᠨ ᠰᠠᠶᠢᠰᠢᠶᠠᠪᠠ᠃ ᠵᠡᠭᠡᠯᠢ ᠲᠣᠭᠤᠷᠢᠭ ᠤᠨ ᠪᠠᠷᠠᠭᠤᠨ ᠡᠭᠦᠳᠡᠨ ᠳᠤ᠂ ᠲᠠᠶᠢᠯᠪᠤᠷᠢᠯᠠᠭᠴᠢ ᠪᠠᠰᠠ ᠵᠡᠭᠡᠯᠢ ᠲᠣᠭᠤᠷᠢᠭ ᠤᠨ ᠬᠡᠷᠡᠮ ᠳᠡᠭᠡᠷᠡᠬᠢ ᠲᠣᠮᠣ ᠬᠡᠯᠪᠡᠷᠢ ᠶᠢᠨ ᠲᠡᠮᠦᠷ ᠮᠡᠷᠭᠡᠵᠢᠯ ᠤᠨ ᠴᠠᠭᠠᠰᠤᠨ ᠬᠠᠶᠢᠴᠢᠯᠠᠮᠠᠯ ᠤᠨ ᠬᠠᠨ᠎ᠠ ᠶᠢᠨ ᠵᠢᠷᠤᠭ ︽ᠥᠯᠵᠡᠶᠢᠲᠦ ᠪᠣᠺᠧ ᠵᠢᠷᠤᠭ︾ ᠢ ᠨᠠᠷᠢᠨ ᠲᠠᠨᠢᠯᠴᠠᠭᠤᠯᠵᠠᠶ᠃     ᠰᠠᠷᠠᠨ᠎ᠠ ᠨᠠᠷ ᠪᠤᠭᠤᠲᠤ ᠬᠤᠲᠠ ᠶᠢᠨ ᠣᠶᠢᠷ᠎ᠠ ᠶᠢᠨ ᠵᠢᠯ ᠤᠨ ᠬᠥᠭᠵᠢᠯᠲᠡ ᠶᠢ ᠮᠠᠭᠲᠠᠵᠤ᠂ ᠢᠯᠠᠩᠭᠤᠶ᠎ᠠ ᠰᠣᠶᠣᠯ᠂ ᠲᠡᠦᠬᠡ᠂ ᠡᠷᠲᠡᠨ ᠤ ᠪᠦᠲᠦᠭᠡᠨ ᠪᠠᠶᠢᠭᠤᠯᠤᠯᠲᠠ᠂ ᠰᠡᠯᠡᠭᠦᠴᠡᠯ᠂ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠳᠡᠪᠲᠦᠭᠡᠬᠦ ᠬᠡᠯᠪᠡᠷᠢ ᠪᠠᠷ ᠰᠡᠯᠡᠭᠦᠴᠡᠯ ᠤᠨ ᠵᠡᠭᠡᠯᠢ ᠲᠣᠭᠤᠷᠢᠭ ᠤᠨ ᠪᠤᠭᠤᠲᠤ ᠶᠢᠨ ᠶᠢᠨ ᠵᠡᠭᠡᠯᠢ ᠳᠠᠬᠢ ᠰᠠᠭᠤᠭᠳᠠᠯ ᠭᠦᠨ ᠪᠠᠶᠢᠵᠤ᠂ ᠬᠠᠮᠤᠭ ᠰᠡᠭᠦᠯ ᠳᠤᠨᠢ ︽ᠳ᠋ᠦᠩ ᠾᠧ ᠲᠣᠭᠤᠷᠢᠭ ᠤᠯᠠᠮ ᠠᠴᠠ ᠤᠯᠠᠮ ᠰᠠᠶᠢᠵᠢᠷᠠᠵᠤ᠂ ᠪᠤᠭᠤᠲᠤ ᠶᠢᠨ ᠠᠯᠲᠠᠨ ᠵᠡᠭᠡᠯᠢ  ᠤᠯᠠᠮ ᠠᠴᠠ ᠤᠯᠠᠮ ᠰᠠᠶᠢᠵᠢᠷᠠᠬᠤ︾ ᠶᠢ ᠵᠥᠩᠨᠡᠪᠡ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1