ᠨᠢᠭᠡ᠂ ᠡᠨᠡ ᠬᠦ ᠲᠥᠷᠥ ᠶᠢᠨ ᠪᠣᠳᠣᠯᠭ᠎ᠠ ᠶᠢᠨ ᠣᠳᠣᠬᠠᠨ ᠤ ᠬᠠᠮᠤᠭ ᠤᠨ ᠰᠢᠨ᠎ᠡ ᠪᠢᠴᠢᠭ ᠮᠠᠲ᠋ᠧᠷᠢᠶᠠᠯ ᠨᠢ | ᠶᠠᠭᠤ ᠪᠣᠯᠬᠤ ᠶᠢ ᠣᠶᠢᠯᠠᠭᠠᠬᠤ︖ | ︽ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠦᠮᠦᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠣᠷᠣᠨ | ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ (建村 | 〔2021〕35号) | ︽ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︿ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ | ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ | ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ (包财资环规〔2023〕9号) | ᠬᠤᠶᠠᠷ᠂ ᠪᠣᠳᠠᠲᠠᠶ ᠠᠭᠤᠯᠭ᠎ᠠ ᠨᠢ ᠶᠠᠭᠤ ᠪᠣᠶ︖ | ᠨᠥᠬᠦᠴᠡᠯ ᠳᠤ ᠨᠡᠶᠢᠴᠡᠬᠦ ᠡᠲᠡᠭᠡᠳ ᠤᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠳᠤ | ᠲᠤᠰᠠᠯᠠᠮᠵᠢ ᠣᠯᠭᠤᠨ᠎ᠠ᠃ | ᠭᠤᠷᠪᠠ᠂ ᠣᠳᠣᠬᠠᠨ ᠳᠤ ᠶᠠᠮᠠᠷ ᠶᠠᠮᠠᠷ ᠬᠡᠷᠡᠭᠯᠡᠭᠳᠡᠬᠦ ᠡᠲᠡᠭᠡᠳ ᠪᠠᠶᠢᠬᠤ ᠪᠣᠶ︖ | ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠰ ᠵᠡᠷᠭᠡ ᠭᠤᠤᠯᠳᠠᠯᠭ᠎ᠠ ᠲᠠᠢ ᠡᠲᠡᠭᠡᠳ ᠲᠤ | ᠭᠤᠤᠯᠳᠠᠭᠤ ᠵᠢᠷᠭᠤᠭᠠᠨ ᠲᠥᠷᠥᠯ ᠤᠨ ᠭᠤᠤᠯᠳᠠᠯᠭ᠎ᠠ ᠲᠠᠢ ᠡᠲᠡᠭᠡᠳ ᠪᠠᠭᠲᠠᠨ᠎ᠠ᠂ ᠲᠤᠬᠠᠶᠢᠯᠠᠪᠠᠯ᠄ ᠮᠠᠯᠵᠢᠬᠤ | ᠲᠠᠷᠢᠶᠠᠯᠠᠬᠤ ᠣᠷᠣᠨ ᠤ ᠳᠠᠬᠢᠨ ᠶᠠᠳᠠᠭᠤᠷᠠᠬᠤ ᠳᠤ ᠬᠢᠯᠪᠠᠷ ᠡᠷᠦᠬᠡ ︵ᠪᠠᠰᠠ ︽ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠢᠨᠠᠨ ᠰᠢᠯᠭᠠᠬᠤ ᠡᠲᠡᠭᠡᠳ︾ ᠭᠡᠳᠡᠭ︶᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ᠂ ᠮᠠᠯᠵᠢᠬᠤ ᠲᠠᠷᠢᠶᠠᠯᠠᠬᠤ ᠣᠷᠣᠨ ᠤ ᠲᠠᠷᠠᠬᠠᠶ ᠪᠤᠲᠠᠷᠬᠠᠶ ᠠᠰᠠᠷᠠᠨ ᠲᠡᠵᠢᠭᠡᠵᠦ | ᠪᠠᠶᠢᠭ᠎ᠠ ᠣᠨᠴᠠ ᠬᠦᠴᠢᠷᠳᠡᠯᠲᠡᠶ ᠬᠥᠮᠦᠰ᠂ ᠡᠪᠡᠳᠴᠢᠨ᠂ ᠭᠠᠮᠰᠢᠭ᠂ ᠰᠠᠨᠠᠭᠠᠨ ᠳᠤ ᠥᠬᠡᠶ ᠠᠳᠡᠯ ᠵᠡᠷᠭᠡ ᠵᠠᠪᠠᠯ | ᠵᠠᠷᠤᠴᠠᠭᠤᠯᠬᠤ ᠵᠠᠷᠤᠯᠭ᠎ᠠ ᠨᠢ ᠨᠡᠯᠢᠶᠡᠳ ᠶᠡᠭᠡ ᠪᠤᠶᠤ ᠣᠷᠣᠯᠭ᠎ᠠ ᠨᠢ ᠶᠡᠬᠡᠪᠡᠷ ᠪᠠᠭᠠᠰᠤᠭᠰᠠᠨ ᠠᠴᠠ ᠪᠣᠯᠵᠣ | ᠦᠨᠳᠦᠰᠦᠨ ᠠᠮᠢᠳᠤᠷᠠᠯ ᠨᠢ ᠬᠦᠨᠳᠦ ᠨᠣᠴᠢᠲᠠᠶ ᠬᠦᠴᠢᠷᠳᠡᠯᠲᠡᠶ ᠬᠡᠷ ᠪᠦᠯᠢ ᠵᠡᠷᠭᠡ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠭᠠᠭ ᠲᠤ ᠪᠠᠶᠢᠭ᠎ᠠ ᠬᠡᠷ ᠪᠦᠯᠢ ᠪᠣᠯᠤᠨ ᠮᠠᠯᠵᠢᠬᠤ ᠲᠠᠷᠢᠶᠠᠯᠠᠬᠤ | ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠭᠥᠷᠳᠡᠵᠦ | ᠥᠩᠭᠡᠷᠡᠭᠰᠡᠨ ᠥᠬᠡᠶ ᠪᠥᠭᠡᠳ ᠲᠣᠰ ᠪᠡᠶ᠎ᠡ ᠶᠢᠨ ᠬᠦᠴᠦᠨ ᠳᠡᠭᠡᠨ ᠲᠦᠰᠢᠭᠯᠡᠨ ᠣᠷᠣᠨ ᠰᠠᠭᠤᠴᠠ ᠶᠢᠨ ᠠᠮᠤᠷ | ᠲᠦᠪᠰᠢᠨ ᠤ ᠠᠰᠠᠭᠤᠳᠠᠯ ᠢ ᠰᠢᠢᠳᠪᠦᠷᠢᠯᠡᠵᠦ ᠳᠡᠶᠢᠯᠬᠦ ᠥᠬᠡᠶ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ᠃ | ︵ᠲᠠᠶᠢᠯᠪᠤᠷᠢ᠄ ᠳ᠋ᠦᠩ ᠾᠧ ᠲᠣᠭᠤᠷᠢᠭ ᠲᠤ ᠭᠤᠶᠤᠴᠢᠯᠠᠨ ᠮᠡᠳᠡᠭᠦᠯᠬᠦ ᠳᠤ ᠳ᠋ᠦᠩ ᠾᠧ ᠲᠣᠭᠤᠷᠢᠭ ᠤᠨ | ᠲᠠᠷᠢᠶᠠᠯᠠᠩ ᠤᠨ ᠡᠷᠦᠬᠡ ᠠᠮᠠ ᠲᠠᠢ ᠪᠠᠶᠢᠵᠤ᠂ ᠨᠤᠷᠠᠬᠤ ᠠᠶᠤᠯᠲᠠᠢ ᠭᠡᠷ ᠪᠠᠶᠢᠰᠢᠩ ᠨᠢ ᠳ᠋ᠦᠩ ᠾᠧ ᠲᠣᠭᠤᠷᠢᠭ ᠤᠨ | ᠬᠥᠳᠡᠭᠡ ᠲᠣᠰᠬᠤᠨ ᠳᠤ ᠪᠠᠶᠢᠬᠤ ᠬᠡᠷᠡᠭᠲᠡᠢ︶ | ᠳᠥᠷᠪᠡ᠂ ᠨᠥᠬᠦᠪᠥᠷᠢ ᠶᠢᠨ ᠪᠠᠷᠢᠮᠵᠢᠶ᠎ᠠ ᠬᠡᠳᠦᠶ ᠪᠣᠶ︖ | ︵1︶ ᠨᠥᠬᠦᠪᠥᠷᠢ ᠪᠠᠯᠠ ᠮᠥᠩᠭᠦ ᠶᠢᠨ ᠪᠠᠷᠢᠮᠵᠢᠶ᠎ᠠ᠄ ᠣᠳᠣᠬᠠᠨ ᠳᠤ ᠳ᠋ᠦᠩ ᠾᠧ ᠲᠣᠭᠤᠷᠢᠭ ᠤᠨ | ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠰ ᠵᠡᠷᠭᠡ ᠭᠤᠤᠯᠳᠠᠯᠭ᠎ᠠ ᠲᠠᠢ ᠡᠲᠡᠭᠡᠳ ᠪᠣᠯᠬᠤ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠲᠥᠷᠥ ᠶᠢᠨ | ᠪᠣᠳᠣᠯᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠨᠢ ᠡᠷᠦᠬᠡ ᠪᠦᠷᠢ ᠳᠤ ᠳᠤᠮᠳᠠᠴᠢ ᠪᠠᠷ 25232 ᠲᠥᠭᠦᠷᠢᠭ ᠪᠠᠶᠢᠵᠤ᠂ | ᠡᠭᠦᠨ ᠳᠤ ᠲᠥᠪ ᠤᠨ ᠡᠳ᠋ ᠤᠨ ᠵᠠᠰᠠᠭ ᠤᠨ 14000 ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ 6000 ᠲᠥᠭᠦᠷᠢᠭ᠂ ᠬᠤᠲᠠ ᠶᠢᠨ ᠱᠠᠲᠤᠨ ᠤ ᠡᠳ᠋ ᠤᠨ ᠵᠠᠰᠠᠭ ᠤᠨ 2616 ᠲᠥᠭᠦᠷᠢᠭ᠂ ᠬᠤᠰᠢᠭᠤ | ᠰᠢᠶᠠᠨ ᠲᠣᠭᠤᠷᠢᠭ ᠤᠨ ᠱᠠᠲᠤᠨ ᠤ ᠡᠳ᠋ ᠤᠨ ᠵᠠᠰᠠᠭ ᠤᠨ 2616 ᠲᠥᠭᠦᠷᠢᠭ ᠪᠠᠭᠲᠠᠨ᠎ᠠ᠃ | ︵2︶ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠷᠢᠮᠵᠢᠶ᠎ᠠ᠄ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠳᠣᠭᠢᠷᠠᠭᠤᠯᠤᠨ C ᠲᠠᠰ ᠤᠨ ᠨᠤᠷᠠᠬᠤ ᠠᠶᠤᠯᠲᠠᠶ ᠬᠡᠷ ᠪᠠᠶᠢᠰᠢᠩ ᠢ ᠪᠠᠬᠢᠵᠢᠭᠦᠯᠦᠨ | ᠰᠡᠯᠪᠢᠨ ᠵᠠᠰᠠᠬᠤ ᠶᠢ ᠥᠷᠨᠢᠭᠦᠯᠦᠨ᠎ᠡ᠃ ᠨᠥᠬᠦᠴᠡᠯ ᠪᠦᠷᠢᠯᠳᠦᠭᠦᠯᠦᠭᠰᠡᠨ D ᠲᠠᠰ ᠤᠨ ᠨᠤᠷᠠᠬᠤ ᠠᠶᠤᠯᠲᠠᠶ ᠬᠡᠷ | ᠪᠠᠶᠢᠰᠢᠩ ᠤᠨ ᠲᠦᠭᠰᠢᠭᠦᠷᠢ ᠶᠢ ᠠᠷᠢᠯᠭᠠᠨ ᠪᠠᠬᠢᠯᠡᠬᠦ ᠶᠢ ᠳᠡᠮᠵᠢᠵᠦ᠂ D ᠲᠠᠰ ᠤᠨ ᠨᠤᠷᠠᠬᠤ ᠠᠶᠤᠯᠲᠠᠶ ᠬᠡᠷ | ᠪᠠᠶᠢᠰᠢᠩ ᠢ ᠦᠨᠡᠨᠬᠦ ᠪᠠᠬᠢᠵᠢᠭᠦᠯᠵᠦ ᠰᠡᠯᠪᠢᠨ ᠵᠠᠰᠠᠬᠤ ᠦᠨ᠎ᠡ ᠥᠷᠲᠡᠭ ᠥᠬᠡᠶ ᠪᠣᠯ ᠨᠤᠷᠠᠭᠠᠵᠤ ᠳᠠᠬᠢᠨ ᠪᠠᠶᠢᠭᠤᠯᠬᠤ | ᠬᠡᠷᠡᠭᠲᠡᠶ᠃ D ᠲᠠᠰ ᠤᠨ ᠨᠤᠷᠠᠬᠤ ᠠᠶᠤᠯᠲᠠᠶ ᠬᠡᠷ ᠪᠠᠶᠢᠰᠢᠩ ᠢ ᠴᠡᠭᠴᠡᠯᠡᠨ ᠵᠠᠰᠠᠭᠰᠠᠨ ᠤ ᠳᠠᠷᠠᠭ᠎ᠠ ᠨᠤᠷᠠᠭᠠᠭᠰᠠᠨ | ᠥᠬᠡᠶ ᠪᠣᠯ ᠰᠡᠷᠡᠮᠵᠢᠯᠡᠭᠦᠯᠬᠦ ᠲᠡᠮᠳᠡᠭ ᠲᠠᠯᠪᠢᠬᠤ ᠬᠡᠷᠡᠭᠲᠡᠶ᠂ ᠣᠨᠴᠠᠭᠠᠢ ᠪᠤᠰᠤ ᠪᠠᠶᠢᠳᠠᠯ ᠳᠤ ᠣᠶᠢᠷᠠᠲᠤᠵᠤ ᠪᠣᠯᠬᠤ | ᠥᠬᠡᠶ᠃ ᠥᠭᠡᠷᠡᠴᠢᠯᠡᠭᠰᠡᠨ ᠤ ᠳᠠᠷᠠᠭ᠎ᠠ ᠭᠡᠷ ᠪᠠᠶᠢᠰᠢᠩ ᠤᠨ ᠲᠠᠯᠠᠪᠠᠶ ᠶᠢ ᠵᠠᠷᠴᠢᠮ ᠳᠡᠭᠡᠷ᠎ᠡ ᠪᠠᠨ 1 ᠠᠴᠠ 3 | ᠬᠥᠮᠦᠨ ᠤ ᠬᠢ ᠶᠢ 40 . 60 ᠲᠡᠭᠰᠢ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠬᠤ ᠮᠥᠷᠲᠡᠭᠡᠨ 1 | ᠬᠥᠮᠦᠨ ᠤ ᠬᠢ ᠶᠢ 20 ᠲᠡᠭᠰᠢ ᠳᠥᠷᠪᠡᠯᠵᠢᠨ ᠮᠧᠲᠷ ᠠᠴᠠ ᠳᠣᠣᠷ᠎ᠠ ᠦᠭᠡᠶ᠂ 2 ᠬᠥᠮᠦᠨ ᠤ ᠬᠢ ᠶᠢ 30 ᠲᠡᠭᠰᠢ | ᠳᠥᠷᠪᠡᠯᠵᠢᠨ ᠮᠧᠲᠷ ᠠᠴᠠ ᠳᠣᠣᠷ᠎ᠠ ᠦᠭᠡᠶ᠂ 3 ᠬᠥᠮᠦᠨ ᠤ ᠬᠢ ᠶᠢ 40 ᠲᠡᠭᠰᠢ ᠳᠥᠷᠪᠡᠯᠵᠢᠨ ᠮᠧᠲᠷ ᠠᠴᠠ | ᠳᠣᠣᠷ᠎ᠠ ᠦᠭᠡᠶ ᠪᠠᠶᠢᠯᠭᠠᠨ᠎ᠠ᠃ 3 ᠬᠥᠮᠦᠨ ᠠᠴᠠ ᠳᠡᠭᠡᠭᠰᠢ ᠡᠷᠦᠬᠡ ᠶᠢᠨ ᠬᠥᠮᠦᠨ ᠪᠦᠷᠢ ᠶᠢᠨ ᠳᠤᠮᠳᠠᠴᠢ | ᠪᠠᠷᠢᠯᠭ᠎ᠠ ᠶᠢᠨ ᠲᠠᠯᠠᠪᠠᠶ ᠶᠢ 18 ᠲᠡᠭᠰᠢ ᠳᠥᠷᠪᠡᠯᠵᠢᠨ ᠮᠧᠲᠷ ᠠᠴᠠ ᠳᠠᠪᠠᠭᠤᠯᠬᠤ ᠦᠭᠡᠶ ᠪᠠᠶᠢᠵᠤ᠂ 13 ᠲᠡᠭᠰᠢ | ᠳᠥᠷᠪᠡᠯᠵᠢᠨ ᠮᠧᠲᠷ ᠠᠴᠠ ᠳᠣᠣᠷ᠎ᠠ ᠪᠠᠶᠢᠯᠭᠠᠵᠤ ᠪᠣᠯᠬᠤ ᠦᠭᠡᠶ᠃ | ᠲᠠᠪᠤ᠂ ᠭᠦᠢᠴᠡᠳᠭᠡᠬᠦ ᠶᠠᠪᠤᠴᠠ ᠨᠢ ᠶᠠᠭᠤ ᠪᠣᠶ ︵ᠬᠡᠷᠬᠢᠨ ᠮᠡᠳᠡᠭᠦᠯᠬᠦ ᠪᠣᠶ︶︖ | ︵ᠨᠢᠭᠡ︶ ᠡᠯ᠎ᠡ ᠭᠠᠴᠠᠭᠠᠨ ᠤ ᠠᠷᠠᠳ ᠤᠨ ᠵᠥᠪᠯᠡᠯ ᠠᠴᠠ ᠬᠤᠯᠪᠣᠭᠳᠠᠯ ᠪᠦᠬᠦᠢ ᠮᠡᠳᠡᠭᠡ ᠵᠠᠩᠭᠢ ᠶᠢ | ᠵᠢᠭᠰᠠᠭᠠᠨ ᠪᠠᠶᠢᠴᠠᠭᠠᠬᠤ ᠪᠤᠶᠤ ᠠᠩᠬ᠎ᠠ ᠠᠯᠬᠤᠮ ᠪᠦᠷᠢᠳᠬᠡᠨ ᠮᠡᠳᠡᠭᠦᠯᠦᠭᠰᠡᠨ ᠤ ᠳᠠᠷᠠᠭ᠎ᠠ ᠬᠠᠷᠢᠶ᠎ᠠ ᠪᠠᠯᠭᠠᠰᠤ ᠳᠠᠭᠠᠨ | ᠮᠡᠳᠡᠭᠦᠯᠦᠨ᠎ᠡ ︵ᠣᠯᠵᠤ ᠮᠡᠳᠡᠭᠰᠡᠨ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠬᠤᠪᠢ ᠬᠥᠮᠦᠨ ᠨᠢ | ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠭᠤᠶᠤᠴᠢᠯᠠᠯ ᠭᠠᠷᠭᠠᠬᠤ ᠪᠤᠶᠤ ᠭᠠᠴᠠᠭᠠᠨ ᠤ | ᠠᠷᠠᠳ ᠤᠨ ᠵᠥᠪᠯᠡᠯ ᠳᠤ ᠲᠤᠰᠬᠠᠬᠤ ᠬᠡᠷᠡᠭᠲᠡᠢ︶᠃ | ︵ᠬᠤᠶᠠᠷ︶ ᠮᠡᠳᠡᠭᠦᠯᠦᠭᠰᠡᠨ ᠬᠥᠮᠦᠨ ᠤ ᠬᠠᠷᠢᠶᠠᠯᠠᠭᠳᠠᠬᠤ ᠪᠠᠯᠭᠠᠰᠤ ᠨᠢ ᠳ᠋ᠦᠩ ᠾᠧ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠤᠶᠤ ᠲᠣᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠲᠠᠢ ᠬᠠᠮᠲᠤᠷᠠᠨ ᠳᠡᠭᠡᠭᠰᠢ ᠮᠡᠳᠡᠭᠦᠯᠦᠭᠰᠡᠨ ᠡᠲᠡᠭᠡᠳ ᠢ ᠮᠠᠭᠠᠳᠯᠠᠨ ᠲᠣᠭᠲᠠᠭᠠᠨ᠎ᠠ᠃ | ︵ᠭᠤᠷᠪᠠ︶ ᠨᠤᠷᠠᠬᠤ ᠠᠶᠤᠯᠲᠠᠶ ᠭᠡᠷ ᠪᠠᠶᠢᠰᠢᠩ ᠪᠣᠯᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ | ᠲᠣᠬᠢᠷᠠᠬᠤ ᠡᠲᠡᠭᠡᠳ ᠢᠶᠠᠷ ᠦᠨᠡᠮᠰᠢᠭᠰᠡᠨ ᠤ ᠳᠠᠷᠠᠭ᠎ᠠ᠂ ᠨᠥᠬᠦᠴᠡᠯ ᠳᠤ ᠨᠡᠶᠢᠴᠡᠬᠦ ᠡᠷᠦᠬᠡ ᠨᠤᠷᠠᠬᠤ ᠠᠶᠤᠯᠲᠠᠶ ᠭᠡᠷ | ᠪᠠᠶᠢᠰᠢᠩ ᠢ ᠨᠤᠷᠠᠭᠠᠵᠤ ᠥᠭᠡᠷᠡᠴᠢᠯᠡᠬᠦ ᠠᠵᠢᠯ ᠢ ᠬᠢᠬᠦ ᠬᠡᠷᠡᠭᠲᠡᠶ᠃ | ︵ᠳᠥᠷᠪᠡ︶ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ | ᠳ᠋ᠦᠩ ᠾᠧ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠤᠶᠤ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠬᠠᠮᠲᠤ ᠪᠠᠷ ᠰᠢᠯᠭᠠᠨ ᠠᠪᠤᠨ᠎ᠠ᠃ | ︵ᠲᠠᠪᠤ︶ ᠳ᠋ᠦᠩ ᠾᠧ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠢᠭᠤᠯᠤᠯᠲᠠ ᠶᠢᠨ ᠲᠣᠪᠴᠢᠶ᠎ᠠ ᠠᠴᠠ ᠨᠡᠷᠡᠰ ᠢ ᠦᠨᠳᠦᠰᠦᠯᠡᠨ ᠬᠤᠲᠠ ᠶᠢᠨ ᠲᠣᠪᠴᠢᠶ᠎ᠠ ᠳᠤ ᠮᠡᠳᠡᠭᠦᠯᠵᠦ ᠪᠡᠯᠡ | ᠮᠥᠩᠭᠦ ᠶᠢ ᠨᠢᠭᠡᠳᠦᠯᠲᠡᠢ ᠭᠤᠶᠤᠴᠢᠯᠠᠵᠤ᠂ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠤ ᠳᠠᠷᠠᠭ᠎ᠠ ᠣᠯᠠᠨ | ᠲᠦᠮᠡᠨ ᠳᠤ ᠲᠠᠷᠬᠠᠭᠠᠨ᠎ᠠ᠃ | ᠵᠢᠷᠭᠤᠭ᠎ᠠ᠂ ᠲᠠᠶᠢᠯᠪᠤᠷᠢ | ᠲᠣᠰ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠪᠣᠯ ᠵᠥᠪᠬᠡᠨ ᠲᠣᠰ ᠲᠥᠷᠥ ᠶᠢᠨ ᠪᠣᠳᠣᠯᠭ᠎ᠠ ᠶᠢᠨ | ᠭᠤᠤᠯ ᠠᠭᠤᠯᠭ᠎ᠠ ᠪᠣᠯᠤᠨ᠎ᠠ᠂ ᠲᠣᠰ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠶᠢ ᠨᠡᠶᠢᠲᠡᠯᠡᠬᠦ ᠴᠠᠭ ᠨᠢ | 2024 ᠣᠨ ᠤ 8 ᠳ᠋ᠤᠭᠠᠷ ᠰᠠᠷ᠎ᠠ ᠶᠢᠨ 10 ᠤ ᠡᠳᠦᠷ᠂ ᠲᠥᠷᠥ ᠶᠢᠨ ᠪᠣᠳᠣᠯᠭ᠎ᠠ ᠳᠤ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠬᠦ ᠪᠤᠶᠤ ᠬᠤᠪᠢᠷᠠᠯᠲᠠ ᠭᠠᠷᠭᠠᠵᠤ᠂ ᠭᠦᠢᠴᠡᠳᠭᠡᠬᠦ ᠠᠷᠭ᠎ᠠ ᠮᠠᠶ᠋ᠢᠭ ᠨᠢ | ᠴᠠᠭ ᠬᠤᠭᠤᠴᠠᠭ᠎ᠠ ᠶᠢᠨ ᠤᠯᠠᠷᠢᠬᠤ ᠶᠢ ᠳᠠᠭᠠᠯᠳᠤᠨ ᠬᠤᠪᠢᠷᠠᠵᠤ ᠮᠡᠳᠡᠬᠦ ᠪᠥᠭᠡᠳ ᠲᠣᠬᠢᠷᠠᠭᠤᠯᠤᠯᠲᠠ ᠬᠤᠪᠢᠷᠠᠯᠲᠠ | ᠭᠠᠷᠬᠤ ᠳᠤ ᠭᠦᠷᠪᠡᠯ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠠᠷ ᠪᠠᠷᠢᠮᠵᠢᠶ᠎ᠠ ᠪᠣᠯᠭᠠᠨ᠎ᠠ᠃ ᠶᠠᠮᠠᠷᠪᠠ | ᠮᠠᠳᠠᠭ ᠲᠠᠢ ᠠᠰᠠᠭᠤᠳᠠᠯ ᠪᠤᠶᠤ ᠯᠠᠪᠯᠠᠭ᠎ᠠ ᠵᠡᠷᠭᠡ ᠵᠥᠢᠯᠡᠰ ᠢ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ | 13664725307︶ ᠪᠤᠶᠤ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ︵04724388696︶ ᠲᠠᠢ ᠬᠠᠷᠢᠯᠴᠠᠭᠠᠷᠠᠶ᠃ |