ᠣᠶᠢᠷ᠎ᠠ ᠶᠢᠨ ᠬᠤᠭᠤᠴᠠᠭᠠᠨ ᠳᠤ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︽24 ᠴᠠᠭ ᠤᠨ ᠠᠷᠠᠳ ᠲᠤ ᠲᠥᠬᠦᠮ ᠦᠵᠡᠭᠦᠯᠬᠦ ᠡᠮ ᠤᠨ ᠳᠡᠯᠭᠡᠭᠦᠷ︾ ᠢ | ᠡᠬᠢᠯᠡᠭᠦᠯᠬᠦ ᠵᠢᠴᠢ ︽24 ᠴᠠᠭ ᠤᠨ ᠠᠦ᠋ᠲ᠋ᠣ᠋ ᠡᠮ ᠬᠤᠳᠠᠯᠳᠤᠬᠤ ᠮᠠᠰᠢᠨ︾ ᠭᠠᠷᠭᠠᠬᠤ ᠬᠤᠶᠠᠷ ᠵᠦᠢᠯ ᠤᠨ ᠠᠷᠭ᠎ᠠ | ᠮᠠᠶ᠋ᠢᠭ ᠢᠶᠠᠷ ᠳᠠᠮᠵᠢᠭᠤᠯᠤᠨ᠂ ︽24 ᠴᠠᠭ ᠤᠨ ᠠᠷᠠᠳ ᠲᠤ ᠲᠥᠬᠦᠮ ᠦᠵᠡᠭᠦᠯᠬᠦ ᠡᠮ ᠤᠨ ᠳᠡᠯᠭᠡᠭᠦᠷ︾ ᠲᠤ 24 | ᠴᠠᠭ ᠤᠨ ᠦᠢᠯᠡᠴᠢᠯᠡᠭᠡᠨ ᠤ ᠳ᠋ᠧᠩ ᠤᠨ ᠫᠠᠶᠢᠰᠠ ᠡᠯᠭᠦᠵᠦ᠂ ᠬᠥᠮᠦᠨ ᠬᠤᠷᠠᠨ ᠴᠤᠭᠯᠠᠷᠠᠭᠰᠠᠨ ᠣᠯᠠᠨ ᠨᠡᠶᠢᠲᠡ ᠶᠢᠨ | ᠲᠠᠯᠠᠪᠤᠷ ᠲᠤ ᠡᠮ ᠬᠤᠳᠠᠯᠳᠤᠬᠤ 15 ᠰᠠᠤᠷᠢ ᠮᠠᠰᠢᠨ ᠲᠠᠯᠪᠢᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ | ᠰᠥᠨᠢ ᠪᠠᠷ ᠡᠮ ᠬᠤᠳᠠᠯᠳᠤᠨ ᠠᠪᠬᠤ 15 ᠮᠢᠨᠦ᠋ᠲ ᠤᠨ ᠳᠣᠲᠣᠷ᠎ᠠ ᠡᠮ ᠬᠤᠳᠠᠯᠳᠤᠨ ᠠᠪᠬᠤ ᠴᠡᠭ ᠲᠤ ᠬᠦᠷᠴᠦ᠂ | ᠰᠠᠭᠤᠭᠠᠯᠢ ᠠᠷᠠᠳ ᠤᠨ ᠰᠥᠨᠢ ᠪᠠᠷ ᠡᠮ ᠬᠡᠷᠡᠭᠯᠡᠬᠦ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ | ᠵᠢᠷᠭᠤᠭᠠᠨ︽24 ᠴᠠᠭ ᠤᠨ ᠠᠷᠠᠳ ᠲᠤ ᠲᠥᠬᠦᠮ ᠦᠵᠡᠭᠦᠯᠬᠦ ᠡᠮ ᠤᠨ ᠳᠡᠯᠭᠡᠭᠦᠷ︾ ᠨᠢ | ᠦᠨᠳᠦᠰᠦᠨ ᠳᠡᠭᠡᠨ ᠬᠥᠳᠡᠭᠡ ᠲᠣᠰᠬᠤᠨ᠂ ᠬᠤᠲᠠ ᠬᠥᠳᠡᠭᠡ ᠶᠢᠨ ᠠᠭᠤᠯᠵᠠᠷ ᠬᠡᠰᠡᠭ ᠲᠤ ᠲᠠᠷᠬᠠᠵᠤ᠂ ᠡᠮ ᠤᠨ | ᠳᠡᠯᠭᠡᠭᠦᠷ ᠤᠨ ᠡᠭᠦᠳᠡᠨ ᠳᠤ ᠴᠥᠮ ᠢᠯᠡᠷᠬᠡᠶ ︽24 ᠴᠠᠭ ᠤᠨ ᠡᠮ ᠬᠤᠳᠠᠯᠳᠤᠨ ᠠᠪᠬᠤ︾ ᠫᠠᠶᠢᠰᠠ ᠶᠢ ᠣᠯᠵᠤ | ᠬᠠᠷᠠᠬᠤ ᠶᠢᠨ ᠬᠠᠮᠲᠤ ᠡᠮ ᠤᠨ ᠳᠡᠯᠭᠡᠭᠦᠷ ᠤᠨ ᠡᠭᠦᠳᠡᠨ ᠳᠤ ᠪᠠᠰᠠ ᠲᠡᠮᠲᠡᠷᠢᠬᠦ ᠬᠤᠩᠬᠤ ᠴᠣᠩᠬᠤ ᠪᠠᠷ ᠡᠮ | ᠬᠤᠳᠠᠯᠳᠤᠨ ᠠᠪᠴᠤ ᠪᠠᠶᠢᠨ᠎ᠠ᠃ ᠬᠤᠲᠠ ᠶᠢᠨ ᠠᠷᠠᠳ ᠡᠭᠦᠳᠡᠨ ᠬᠤᠩᠬᠤ ᠨᠠᠭᠠᠳ ᠤᠭᠰᠠᠨ ᠤ ᠳᠠᠷᠠᠭ᠎ᠠ | ᠵᠢᠵᠢᠭᠦᠷᠯᠡᠭᠴᠢ ᠶᠢᠨ ᠦᠢᠯᠡᠴᠢᠯᠡᠭᠡ ᠪᠠᠢᠨ᠎ᠠ᠃ | ᠬᠠᠷᠢᠶ᠎ᠠ ᠣᠷᠣᠨ ᠤ ᠡᠯ᠎ᠡ ᠡᠮᠨᠡᠯᠭᠡ ᠶᠢᠨ ᠬᠤᠷᠢᠶᠠᠨ ᠤ ᠠᠦ᠋ᠲ᠋ᠣ᠋ ᠪᠠᠷ ᠡᠮ ᠬᠤᠳᠠᠯᠳᠤᠬᠤ ᠮᠠᠰᠢᠨ ᠳᠤ ᠳᠡᠯᠭᠡᠨ | ᠦᠵᠡᠭᠦᠯᠦᠭᠰᠡᠨ ᠬᠥᠬᠡᠭᠴᠢᠨ ᠲᠥᠷᠥᠯ ᠤᠨ ᠡᠮ ᠤᠨ ᠵᠣᠷ ᠨᠢ ᠴᠥᠮ ᠡᠮᠨᠡᠯᠭᠡ ᠶᠢᠨ ᠬᠤᠷᠢᠶᠠᠨ ᠤ ᠡᠮ ᠤᠨ | ᠲᠠᠰᠤᠭ ᠲᠤ ᠬᠠᠩᠭᠠᠭᠰᠠᠨ ᠥᠬᠡᠶ ᠲᠥᠷᠥᠯ ᠵᠦᠶ᠋ᠯ ᠪᠠᠶᠢᠵᠤ᠂ ᠡᠮᠨᠡᠯᠭᠡ ᠶᠢᠨ ᠬᠤᠷᠢᠶᠠᠨ ᠤ ᠡᠮ ᠤᠨ ᠵᠦᠶ᠋ᠯ ᠲᠠᠢ | ᠪᠦᠲᠦᠮᠵᠢᠲᠡᠶ ᠬᠠᠷᠢᠯᠴᠠᠨ ᠨᠥᠬᠦᠪᠥᠷᠢᠯᠡᠵᠦ᠂ ᠣᠯᠠᠨ ᠲᠦᠮᠡᠨ ᠤ ᠡᠮ ᠬᠤᠳᠠᠯᠳᠤᠨ ᠠᠪᠬᠤ ᠬᠡᠷᠡᠭᠴᠡᠭᠡ ᠶᠢ ᠪᠥᠬᠦ | ᠲᠠᠯ᠎ᠠ ᠪᠠᠷ ᠬᠠᠩᠭᠠᠪᠠ᠃ | ᠳᠠᠭᠠᠯᠳᠤᠭᠤᠯᠤᠯ᠄ ᠳ᠋ᠦᠩ ᠾᠧ ᠲᠣᠭᠤᠷᠢᠭ ᠤᠨ ︽24 ᠴᠠᠭ ᠤᠨ ᠡᠮ ᠬᠤᠳᠠᠯᠳᠤᠨ ᠠᠪᠬᠤ ᠳᠤ ᠳᠥᠭᠦᠮ | ᠪᠠᠶᠢᠯᠭᠠᠬᠤ︾ ᠣᠷᠣᠨ ᠪᠠᠶᠢᠷᠢ | |