ᠳ᠋ᠦᠩ ᠾᠧ ᠲᠣᠭᠤᠷᠢᠭ ᠤᠨ ᠨᠠᠢᠮᠠᠳᠤᠭᠠᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠥᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠲᠤᠬᠠᠶ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/8/7
     ᠡᠯ᠎ᠡ ᠬᠠᠮᠢᠶ᠎ᠠ ᠪᠥᠬᠦᠶ ᠨᠢᠭᠡᠴᠡ᠄      ︽ᠪᠤᠭᠤᠲᠤ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠢ ᠭᠤᠶᠤᠴᠢᠯᠠᠨ ᠮᠡᠳᠡᠭᠦᠯᠵᠦ ᠦᠨᠡᠯᠡᠨ ᠲᠣᠭᠲᠠᠭᠠᠬᠤ ᠲᠦᠷ ᠬᠡᠷᠡᠭᠵᠢᠭᠦᠯᠬᠦ ᠠᠷᠭ᠎ᠠ︾ ︵ᠪᠤᠭᠤᠲᠤ ᠬᠤᠲᠠ ᠶᠢᠨ ︹2008︺ 35 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠲᠣᠭᠤᠷᠢᠭ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠢᠨᠠᠮᠠᠭᠠᠶ ᠵᠣᠬᠢᠶᠠᠨ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ︽ᠬᠠᠮᠠᠭᠠᠯᠠᠬᠤ ᠪᠠᠷ ᠭᠤᠤᠯ ᠪᠣᠯᠭᠠᠬᠤ ᠂ ᠠᠪᠤᠷᠠᠬᠤ ᠶᠢ ᠲᠡᠷᠢᠭᠦᠨ ᠳᠤ ᠲᠠᠯᠪᠢᠬᠤ᠂ ᠵᠦᠶ ᠵᠣᠬᠢᠰᠲᠠᠶ ᠠᠰᠢᠭᠯᠠᠬᠤ᠂ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ︾ ᠠᠵᠢᠯ ᠤᠨ ᠴᠢᠭᠯᠡᠯᠲᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ 2009 ᠣᠨ᠂ 2014 ᠣᠨ᠂ 2016 ᠣᠨ᠂ 2019 ᠣᠨ᠂ 2020 ᠣᠨ᠂ 2022 ᠣᠨ᠂ 2023 ᠣᠨ ᠳᠤ ᠨᠡᠶᠢᠲᠡ 87 ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ ᠃ ᠡᠨᠡᠬᠦ ᠰᠠᠭᠤᠷᠢᠨ ᠳᠡᠭᠡᠷ᠎ᠡ᠂ ᠮᠠᠨ ᠤ ᠲᠣᠭᠤᠷᠢᠭ ᠦᠷᠭᠦᠯᠵᠢᠯᠡᠨ ᠭᠦᠨᠵᠡᠭᠡᠶ ᠠᠭᠤᠳᠠᠯᠠᠵᠤ᠂ ᠬᠢᠨᠠᠮᠠᠭᠠᠶ ᠪᠦᠷᠢᠳᠬᠡᠨ ᠡᠮᠬᠢᠯᠡᠵᠦ ᠬᠢᠨᠠᠨ ᠬᠠᠷᠭᠤᠭᠤᠯᠵᠤ᠂ 9 ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠪᠡ᠃ ᠲᠤᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ 2024 ᠣᠨ ᠤ 6 ᠰᠠᠷ᠎ᠠ ᠶᠢᠨ 7 ᠤ ᠡᠳᠦᠷ ᠠᠴᠠ 2024 ᠣᠨ ᠤ 6 ᠰᠠᠷ᠎ᠠ ᠶᠢᠨ 14 ᠤ ᠡᠳᠦᠷ ᠪᠣᠯᠲᠠᠯ᠎ᠠ ᠮᠠᠨ ᠤ ᠲᠤᠭᠤᠷᠢᠭ ᠤᠨ ᠨᠠᠢᠮᠠᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠶᠢ ᠢᠯᠡ ᠨᠡᠶᠢᠲᠡᠯᠡᠪᠡ᠃ ᠡᠳᠦᠭᠡ ᠳ᠋ᠦᠩ ᠾᠧ ᠲᠣᠭᠤᠷᠢᠭ ᠤᠨ ᠨᠠᠢᠮᠠᠳᠤᠭᠠᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ      ᠣᠨᠴᠠᠭᠠᠶᠢᠯᠠᠨ ᠮᠡᠳᠡᠭᠳᠡᠪᠡ᠃      ᠳᠠᠭᠠᠯᠳᠤᠭᠤᠯᠤᠯ᠄ ᠳ᠋ᠦᠩ ᠾᠧ ᠲᠣᠭᠤᠷᠢᠭ ᠤᠨ ᠨᠠᠢᠮᠠᠳᠤᠭᠠᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠨᠡᠷᠡᠰ    ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ    2024 ᠣᠨ ᠤ 7 ᠰᠠᠷ᠎ᠠ ᠶᠢᠨ 1 ᠤ ᠡᠳᠦᠷ
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1