ᠡᠮᠴᠢ ᠶᠢᠨ ᠰᠠᠨᠠᠭᠤᠯᠭ᠎ᠠ ᠭᠤᠷᠪᠠᠨ ᠹᠦ᠋ ᠶᠢᠨ ᠬᠠᠯᠠᠭᠤᠨ ᠳᠤ᠂ ᠮᠠᠰᠢ ᠣᠯᠠᠨ ᠬᠥᠮᠦᠨ ᠬᠠᠯᠠᠭᠤᠨ ᠠᠴᠠ | ᠵᠠᠶᠢᠯᠠᠵᠤ ᠭᠡᠷ ᠲᠡᠭᠡᠨ ᠰᠠᠭᠤᠵᠤ ᠪᠠᠶᠢᠳᠠᠭ᠃ ᠲᠤᠰᠬᠠᠢ ᠮᠡᠷᠭᠡᠵᠢᠯᠲᠡᠨ᠄ ᠭᠡᠷ ᠲᠡᠭᠡᠨ ᠪᠠᠶᠢᠭᠰᠠᠨ ᠴᠤ ᠨᠠᠷᠠᠰᠢᠬᠤ ᠠᠴᠠ | ᠰᠡᠷᠭᠡᠶᠢᠯᠡᠬᠦ ᠬᠡᠷᠡᠭᠲᠡᠢ᠃ ᠭᠡᠷ ᠳᠣᠲᠣᠷᠠᠬᠢ ᠬᠠᠯᠠᠭᠤᠨ ᠤ ᠬᠡᠮᠵᠢᠶ᠎ᠡ ᠨᠢ 32 °C ᠠᠴᠠ ᠳᠡᠭᠡᠭᠰᠢ᠂ ᠴᠢᠭᠢᠭ ᠤᠨ | ᠬᠡᠮᠵᠢᠶ᠎ᠡ ᠨᠢ 60 % ᠠᠴᠠ ᠳᠡᠭᠡᠭᠰᠢ ᠪᠣᠯᠵᠤ᠂ ᠠᠭᠠᠷ ᠨᠡᠪᠲᠡᠷᠡᠬᠦ ᠦᠭᠡᠢ ᠦᠶ᠎ᠡ ᠳᠤ ᠠᠮᠠᠷᠬᠠᠨ ᠨᠠᠷᠠᠰᠢᠬᠤ ᠪᠠᠶᠢᠳᠠᠯ | ᠭᠠᠷᠳᠠᠭ᠃ ᠨᠠᠷᠠᠰᠢᠭᠰᠠᠨ ᠢᠯᠡᠷᠡᠯ ᠰᠢᠨᠵᠢ ᠭᠠᠷᠪᠠᠯ ᠳᠠᠷᠤᠢ ᠲᠦᠷᠭᠡᠨ ᠨᠠᠷᠠᠰᠢᠬᠤ ᠶᠢ ᠪᠠᠭᠤᠷᠠᠭᠤᠯᠬᠤ ᠠᠷᠭ᠎ᠠ ᠬᠡᠮᠵᠢᠶ᠎ᠡ | ᠠᠪᠬᠤ ᠬᠡᠷᠡᠭᠲᠡᠢ᠃ ᠶᠡᠷᠦ ᠶᠢᠨ ᠬᠠᠯᠠᠭᠤᠨ ᠢ ᠪᠠᠭᠤᠷᠠᠭᠤᠯᠬᠤ ᠡᠮ ᠤᠤᠭᠤᠬᠤ ᠨᠢ ᠶᠠᠮᠠᠷᠴᠤ ᠦᠢᠯᠡᠳᠦᠯ ᠲᠤᠰᠠ | ᠭᠠᠷᠬᠤ ᠦᠭᠡᠢ᠃ ᠬᠠᠷᠢᠨ ᠥᠨᠳᠥᠷ ᠬᠠᠯᠠᠭᠤᠨ ᠣᠷᠴᠢᠨ ᠲᠣᠭᠤᠷᠢᠨ ᠠᠴᠠ ᠨᠢ ᠠᠯᠢ ᠪᠣᠯᠬᠤ ᠪᠠᠷ ᠲᠦᠷᠭᠡᠨ | ᠵᠠᠶᠢᠯᠠᠭᠤᠯᠵᠤ᠂ ᠤᠷᠢᠳ ᠢᠶᠠᠷ ᠡᠪᠡᠳᠴᠢᠲᠡᠨ ᠢ ᠰᠠᠯᠬᠢ ᠨᠡᠪᠲᠡᠷᠡᠬᠦ ᠭᠠᠵᠠᠷ ᠲᠤ ᠰᠢᠯᠵᠢᠭᠦᠯᠵᠦ᠂ ᠡᠪᠡᠳᠴᠢᠲᠡᠨ ᠳᠤ | ᠲᠦᠷᠭᠡᠨ ᠤᠰᠤ ᠪᠠ ᠡᠷᠦᠳᠡᠰᠦ ᠨᠥᠬᠦᠪᠥᠷᠢᠯᠡᠬᠦ ᠬᠡᠷᠡᠭᠲᠡᠢ᠃ ᠹᠢᠽᠢᠺ ᠤᠨ ᠠᠷᠭ᠎ᠠ ᠪᠠᠷ ᠬᠠᠯᠠᠭᠤᠨ ᠢ ᠨᠢ | ᠪᠠᠭᠤᠷᠠᠭᠤᠯᠵᠤ᠂ ᠬᠦᠢᠲᠡᠨ ᠤᠰᠤ ᠪᠠᠷ ᠪᠡᠶ᠎ᠡ ᠶᠢ ᠨᠢ ᠵᠦᠯᠭᠦᠬᠦ ᠪᠤᠶᠤ ᠪᠦᠯᠢᠶᠡᠨ ᠤᠰᠤ ᠪᠠᠷ ᠪᠡᠶ᠎ᠡ ᠶᠢ ᠨᠢ ᠤᠬᠢᠶᠠᠬᠤ | ᠬᠡᠷᠡᠭᠲᠡᠢ᠂ ᠬᠦᠨᠳᠦ ᠨᠠᠷᠠᠰᠢᠭᠰᠠᠨ ᠪᠠᠶᠢᠪᠠᠯ ᠮᠥᠰᠥᠨ ᠤᠭᠤᠲᠠ ᠶᠢ ᠡᠪᠡᠳᠴᠢᠲᠡᠨ ᠤ ᠮᠠᠩᠨᠠᠢ᠂ ᠬᠦᠵᠦᠭᠦᠨ ᠤ ᠬᠡᠰᠡᠭ | ᠂ ᠰᠤᠭᠤ ᠪᠠ ᠴᠠᠪᠢᠨ ᠳᠤᠨᠢ ᠲᠠᠯᠪᠢᠵᠤ᠂ ᠡᠪᠡᠳᠴᠢᠲᠡᠨ ᠤ ᠪᠡᠶ᠎ᠡ ᠶᠢᠨ ᠢᠯᠴᠢ ᠶᠢ ᠲᠠᠷᠬᠠᠭᠠ᠊ ᠬᠠ ᠪᠠᠭᠤᠷᠠᠭᠤᠯᠬᠤ ᠶᠢ | ᠲᠦᠷᠭᠡᠳᠬᠡᠬᠦ ᠬᠡᠷᠡᠭᠲᠡᠢ ᠭᠡᠵᠦ ᠰᠠᠨᠠᠭᠤᠯᠪᠠ᠃ | ᠪᠢᠲᠡᠭᠦᠦ ᠣᠷᠣᠨ ᠵᠠᠢ ᠳᠤ ᠤᠷᠲᠤ ᠬᠤᠭᠤᠴᠠᠭ᠎ᠠ ᠪᠠᠷ ᠠᠭᠠᠷ ᠲᠣᠬᠢᠷᠠᠭᠤᠯᠤᠭᠴᠢ ᠶᠢ ᠬᠡᠷᠡᠭᠯᠡᠬᠦ᠂ | ᠴᠢᠨᠠᠭᠰᠢᠯᠠᠪᠠᠯ ᠵᠠᠷᠢᠮ ᠦᠶ᠎ᠡ ᠳᠤ ᠠᠭᠠᠷ ᠲᠣᠬᠢᠷᠠᠭᠤᠯᠤᠭᠴᠢ ᠶᠢᠨ ᠬᠠᠯᠠᠭᠤᠨ ᠤ ᠬᠡᠮᠵᠢᠶ᠎ᠡ ᠨᠡᠯᠢᠶᠡᠳ ᠳᠣᠣᠷ᠎ᠠ | ᠪᠠᠶᠢᠬᠤ ᠳᠤ ᠬᠦᠷᠪᠡᠯ ᠪᠡᠶ᠎ᠡ ᠡᠪ ᠦᠭᠡᠶᠢᠷᠡᠬᠦ ᠪᠠᠶᠢᠳᠠᠯ ᠰᠢᠨᠵᠢ ᠨᠤᠭᠤᠳ ᠭᠠᠷᠴᠤ ᠮᠡᠳᠡᠨ᠎ᠡ᠂ ᠡᠭᠦᠨ ᠳᠤ | ᠠᠮᠢᠰᠬᠤᠯ ᠤᠨ ᠰᠢᠰᠲ᠋ᠧᠮ ᠤᠨ ᠡᠪᠡᠳᠴᠢᠨ᠂ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ᠂ ᠬᠠᠷᠰᠢᠮᠠᠲᠠᠭᠠᠢ ᠴᠢᠨᠠᠷᠲᠠᠢ | ᠡᠪᠡᠳᠴᠢᠨ ᠵᠡᠷᠭᠡ ᠪᠤᠢ᠂ ᠡᠭᠦᠨ ᠢ ᠶᠡᠷᠦᠩᠬᠡᠶᠢᠯᠡᠭᠡᠳ ︽ᠠᠭᠠᠷ ᠲᠣᠬᠢᠷᠠᠭᠤᠯᠤᠭᠴᠢ ᠶᠢᠨ ᠡᠪᠡᠳᠴᠢᠨ︾ ᠭᠡᠳᠡᠭ᠃ |