ᠵᠠᠩ ᠷᠦᠢ ᠵᠦᠩ ᠨᠠᠨ ᠶᠡᠭᠡ ᠰᠤᠷᠭᠠᠭᠤᠯᠢ ᠶᠢᠨ ᠵᠠᠬᠢᠷᠤᠯ ᠯᠢ ᠵᠢᠶᠠᠨ ᠱᠧ ᠲᠠᠢ ᠠᠭᠤᠯᠵᠠᠵᠠᠶ᠃
ᠨᠡᠶᠢᠲᠡᠯᠡᠭᠰᠡᠨ ᠴᠠᠭ᠄
2024/8/9
     8 ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠵᠠᠩ ᠷᠦᠢ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠵᠦᠩ ᠨᠠᠨ ᠶᠡᠭᠡ ᠰᠤᠷᠭᠠᠭᠤᠯᠢ ᠶᠢᠨ ᠵᠠᠬᠢᠷᠤᠯ ᠯᠢ ᠵᠢᠶᠠᠨ ᠴᠧᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠵᠦᠩ ᠨᠠᠨ ᠶᠡᠭᠡ ᠰᠤᠷᠭᠠᠭᠤᠯᠢ ᠶᠢᠨ ᠫᠷᠤᠹᠧᠰᠰᠤᠷ ᠵᠤᠤ ᠵᠦᠩ ᠸᠧᠢ ᠨᠡᠷ ᠲᠠᠢ ᠠᠭᠤᠯᠵᠠᠪᠠ᠃      ᠵᠠᠩ ᠷᠦᠢ ᠵᠤᠴᠢᠨ ᠤ ᠪᠤᠭᠤᠲᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠶᠢᠷ᠎ᠠ ᠶᠢᠨ ᠵᠢᠯ ᠳᠤ᠂ ᠯᠢ ᠵᠢᠶᠠᠨ ᠴᠧᠩ ᠰᠤᠷᠭᠠᠭᠤᠯᠢ ᠶᠢᠨ ᠵᠠᠬᠢᠷᠤᠯ ᠤᠨ ᠠᠬᠢᠭᠤᠯᠤᠯ ᠳᠣᠤᠷ᠎ᠠ᠂ ᠵᠦᠩ ᠨᠠᠨ ᠶᠡᠭᠡ ᠰᠤᠷᠭᠠᠭᠤᠯᠢ ᠪᠣᠯᠤᠨ ᠪᠤᠭᠤᠲᠤ ᠬᠤᠲᠠ ᠶᠢᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠢᠯᠡᠳᠲᠡ ᠦᠷ᠎ᠡ ᠪᠦᠲᠦᠮᠵᠢ ᠤᠯᠪᠠ᠃ ᠣᠳᠣᠬᠠᠨ ᠳᠤ᠂ ᠪᠢᠳᠡ ᠶᠠᠭ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠤᠳᠠ ᠶᠢᠨ ᠬᠥᠭᠵᠢᠯᠲᠡ ᠶᠢᠨ ᠦᠨᠳᠦᠰᠦᠨ ᠪᠠᠶᠢᠯᠳᠤᠬᠤ ᠪᠣᠳᠣᠯᠭ᠎ᠠ ᠪᠣᠯᠭᠠᠵᠤ᠂ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠵᠠᠮ ᠢᠶᠠᠷ ᠲᠦᠷᠭᠡᠨ ᠵᠠᠮᠨᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠰᠠᠭᠤᠷᠢᠨ ᠤ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠪᠤᠭᠤᠲᠤ ᠳᠤ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠪᠢᠳᠡ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠪᠦᠬᠦ ᠲᠠᠯ᠎ᠠ ᠶᠢᠨ᠂ ᠴᠢᠨᠠᠷ ᠰᠠᠶᠢᠲᠠᠢ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃      ᠯᠢ ᠵᠢᠶᠠᠨ ᠴᠧᠩ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠵᠡᠷᠭᠡ ᠪᠠᠶᠢᠳᠠᠯ ᠢ ᠲᠠᠨᠢᠯᠴᠠᠭᠤᠯᠪᠠ᠃ ᠲᠡᠷᠡ᠂ ᠪᠤᠭᠤᠲᠤ ᠶᠢᠨ ᠠᠵᠤ ᠦᠢᠯᠡᠳᠪᠦᠷᠢ ᠶᠢᠨ ᠰᠠᠭᠤᠷᠢ ᠯᠠᠪᠳᠠᠭᠤᠨ᠂ ᠠᠵᠤ ᠦᠢᠯᠡᠰ ᠤᠨ ᠣᠨᠴᠠᠯᠢᠭ ᠲᠤᠪᠤᠶᠢᠮ᠎ᠠ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠡᠮᠦᠷᠯᠢᠭ ᠬᠠᠶᠢᠯᠤᠭᠤᠯᠬᠤ᠂ ᠠᠭᠤᠷᠬᠠᠢ ᠶᠢᠨ ᠦᠢᠯᠡᠰ ᠂ ᠡᠮᠴᠢᠯᠡᠭᠡ ᠵᠡᠷᠭᠡ ᠲᠠᠯ᠎ᠠ ᠪᠠᠷ ᠰᠣᠯᠢᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠨᠡᠩ ᠤᠯᠠᠨ ᠬᠠᠮᠲᠤᠷᠠᠯᠴᠠᠭᠠᠨ ᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠰᠢᠨ᠎ᠡ ᠬᠡᠪ ᠵᠠᠭᠪᠤᠷ ᠢ ᠴᠢᠷᠮᠠᠶᠢᠨ ᠡᠭᠦᠳᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠠᠭᠤᠯᠵᠠᠯᠲᠠ ᠶᠢᠨ ᠳᠠᠷᠠᠭ᠎ᠠ᠂ ᠵᠦᠩ ᠨᠠᠨ ᠶᠡᠭᠡ ᠰᠤᠷᠭᠠᠭᠤᠯᠢ ᠪᠣᠯᠤᠨ ᠬᠤᠲᠠ ᠶᠢᠨ ᠵᠠᠰᠠᠭ ᠤᠨ ᠣᠷᠳᠣᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢᠨ ᠲᠣᠭᠤᠷᠢᠨ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃      ᠬᠤᠳᠠ ᠶᠢᠨ ᠤᠳᠤᠷᠢᠳᠤᠯᠭ᠎ᠠ ᠳ᠋ᠦᠩ ᠰᠢᠨ ᠶᠤᠸᠠᠢ᠂ ᠦ᠋ ᠵᠢᠶᠦ᠋ᠨ ᠵᠢᠶᠦ᠋ᠨ ᠪᠣᠯᠤᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃
 
ᠢᠷᠡᠯᠲᠡ᠄ ᠪᠤᠭᠤᠲᠦ ᠶᠢᠨ ᠰᠤᠨᠢᠨ  ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1