ᠲᠢᠶᠧ ᠰᠢ ᠵᠡᠭᠡᠯᠢ ᠭᠤᠳᠤᠮᠵᠢ ᠶᠢᠨ ᠨᠠᠮ ᠤᠨ ᠪᠠᠶᠢᠭᠤᠯᠤᠯᠲᠠ  ᠢ ᠬᠥᠲᠥᠯᠥᠨ ᠳᠠᠭᠠᠭᠤᠯᠵᠤ ᠬᠥᠭᠵᠢᠯᠲᠡ ᠶᠢ ᠠᠬᠢᠭᠤᠯᠬᠤ ᠤᠷᠠᠨ ᠭᠠᠷ ᠢᠶᠠᠷ ᠰᠦᠯᠵᠢᠬᠦ ᠲᠠᠪᠴᠠᠩ
ᠨᠡᠶᠢᠲᠡᠯᠡᠭᠰᠡᠨ ᠴᠠᠭ᠄
2024/9/10
   ᠤᠶᠢᠷ᠎ᠠ ᠳᠤ᠂  ᠲᠢᠶᠧ ᠰᠢ ᠵᠡᠭᠡᠯᠢ ᠭᠤᠳᠤᠮᠵᠢ ᠶᠢᠨ ᠱᠧᠨ ᠯᠦᠩ  ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠪᠤᠭᠤᠲᠤ ᠬᠤᠲᠠ ᠶᠢᠨ  ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠤᠶᠠᠳᠤᠭᠠᠷ ᠺᠣᠮᠫᠠᠨᠢ ᠶᠢᠨ ᠨᠠᠮ ᠤᠨ ᠶᠡᠷᠦᠩᠬᠡᠢ ᠡᠭᠦᠷ ᠲᠠᠢ ᠬᠠᠮᠲᠤᠷᠠᠨ ︽ᠤᠯᠠᠭᠠᠨ  ᠠᠨᠠᠷ︾ ᠡᠮᠡᠭᠲᠡᠢ  ᠶᠢᠨ ᠭᠠᠷ ᠤᠷᠠᠯᠠᠯ ᠤᠨ ᠣᠨᠴᠠᠯᠢᠭᠲᠤ  ᠨᠡᠶᠢᠲᠡ ᠶᠢᠨ  ᠮᠠᠰᠢᠨ ᠲᠡᠷᠭᠡ ᠶᠢ ᠬᠠᠮᠲᠤᠪᠠᠷ ᠪᠠᠢᠭᠤᠯᠵᠤ᠂ ᠠᠶᠠᠨᠴᠢᠳ ᠢ ᠲᠡᠷᠭᠡᠨ ᠳᠤ ᠰᠠᠭᠤᠬᠤ ᠶᠢᠨ ᠬᠠᠮᠲᠤ ᠰᠣᠶᠣᠯ ᠤᠨ ᠷᠢᠳᠢ ᠱᠢᠳᠢ  ᠠᠭᠤᠯᠵᠤ᠂  ᠤᠬᠠᠭᠤᠯᠬᠤ ᠠᠵᠢᠯ ᠤᠨ ᠨᠡᠭᠦᠳᠡᠯ  ᠤᠨ ᠰᠠᠭᠤᠷᠢᠨ ᠭᠠᠵᠠᠷ ᠪᠤᠯᠭᠠᠪᠠ  ᠃
   ᠤᠯᠠᠭᠠᠨ ᠥᠩᠭᠡᠲᠦ ᠳ᠋ᠧᠩᠯᠦ᠂ ᠬᠥᠭᠡᠷᠦᠬᠦᠨ  ᠡᠯᠭᠦᠮᠡᠯ᠂ ᠬᠤᠸᠠᠷ  ᠴᠡᠴᠡᠭ ᠁  ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠭᠠᠷ ᠦᠢᠯᠡᠳᠭᠡᠯ ᠤᠨ ᠭᠠᠵᠠᠷ ᠤᠨ ᠡᠮᠡᠭᠲᠡᠢ ᠠᠵᠢᠯᠴᠢᠨ ᠭᠠᠷ ᠨᠡᠬᠡᠮᠡᠯ ᠤᠨ ᠭᠠᠷ ᠤᠷᠠᠯᠠᠯ ᠤᠨ ᠪᠦᠲᠦᠭᠡᠭᠳᠡᠬᠦᠨ ᠢᠶᠠᠨ 4 ᠵᠠᠮ ᠤᠨ  ᠨᠡᠶᠢᠲᠡ ᠶᠢᠨ  ᠮᠠᠰᠢᠨ ᠲᠡᠷᠭᠡᠨ ᠳᠤ ᠭᠠᠷᠭᠠᠵᠤ᠂ ᠣᠨᠴᠠᠯᠢᠭᠲᠤ  ᠨᠡᠶᠢᠲᠡ ᠶᠢᠨ  ᠮᠠᠰᠢᠨ ᠲᠡᠷᠭᠡ ᠶᠢ  ᠪᠠᠶᠢᠭᠤᠯᠵᠦ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠨᠢ  ᠭᠠᠷ ᠢᠶᠠᠷ ᠰᠦᠯᠵᠢᠮᠡᠯ ᠨᠡᠬᠡᠮᠡᠯ ᠤᠨ ᠭᠠᠷ ᠤᠷᠠᠯᠠᠯ ᠤᠨ ᠪᠦᠲᠦᠭᠡᠭᠳᠡᠬᠦᠨ ᠢᠶᠠᠷ ᠣᠨᠴᠠᠯᠢᠭᠲᠤ ᠭᠤᠤᠯ ᠰᠡᠳᠦᠪᠲᠦ ᠸᠠᠭᠤᠨ ᠢ ᠪᠣᠶ ᠪᠣᠯᠭᠠᠵᠤ᠂ ᠠᠷᠠᠳ ᠣᠯᠠᠨ ᠤ ᠶᠠᠪᠤᠵᠤ ᠰᠠᠭᠤᠬᠤ ᠳᠤ ᠲᠠᠭᠠᠯᠠᠮᠵᠢᠲᠠᠶ ᠪᠥᠭᠡᠳ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠭᠰᠡᠨ ᠤ ᠬᠠᠮᠲᠤ ᠪᠠᠰᠠ  ᠤᠳᠬ᠎ᠠ ᠤᠷᠠᠯᠢᠭ ᠤᠨ ᠬᠡᠪ ᠨᠠᠮᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1