ᠲᠥᠰᠦᠪ ᠢ ᠨᠠᠶᠢᠷᠠᠭᠤᠯᠤᠨ ᠵᠣᠬᠢᠶᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠳ᠋ ᠤᠨ | ᠶᠠᠪᠤᠳᠠᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠳ᠋ ᠤᠨ ᠵᠠᠰᠠᠭ ᠤᠨ | ᠲᠣᠭᠲᠠᠭᠤᠨ ᠪᠥᠭᠡᠳ ᠡᠷᠡᠭᠦᠯ ᠢᠶᠠᠷ ᠠᠵᠢᠯᠯᠠᠬᠤ ᠶᠢ ᠦᠨᠡᠨ ᠬᠦ ᠪᠠᠲᠤᠯᠠᠵᠤ᠂ ᠪᠥᠬᠦ ᠣᠷᠣᠨ ᠤ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 9 ᠰᠠᠷ᠎ᠠ ᠶᠢᠨ 11 ᠤ ᠡᠳᠦᠷ᠂ 2025 ᠣᠨ ᠤ | ᠲᠥᠰᠦᠪ ᠢ ᠨᠠᠶᠢᠷᠠᠭᠤᠯᠤᠨ ᠵᠣᠬᠢᠶᠠᠬᠤ ᠪᠣᠯᠪᠠᠰᠤᠷᠠᠯ ᠤᠨ ᠠᠩᠭᠢ ᠶᠠᠪᠤᠭᠳᠠᠵᠤ᠂ ᠪᠥᠬᠦ ᠣᠷᠣᠨ ᠤ ᠡᠯ᠎ᠡ ᠲᠥᠰᠦᠪ ᠤᠨ | ᠰᠠᠯᠠᠭ᠎ᠠ ᠮᠥᠴᠢᠷ ︵ᠨᠢᠭᠡᠴᠡ︶᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠡᠳ᠋ ᠤᠨ ᠵᠠᠰᠠᠭ ᠤᠨ ᠲᠤᠬᠠᠶᠢᠯᠠᠭᠰᠠᠨ | ᠠᠵᠢᠯ ᠤᠨ ᠠᠵᠢᠯᠲᠠᠨ ᠪᠣᠯᠪᠠᠰᠤᠷᠠᠭᠤᠯᠤᠯ ᠳᠤ ᠣᠷᠣᠯᠴᠠᠪᠠ᠃ | | ᠲᠣᠰ ᠤᠳᠠᠭᠠᠨ ᠤ ᠪᠣᠯᠪᠠᠰᠤᠷᠠᠭᠤᠯᠤᠯ ᠨᠢ 2025 ᠣᠨ ᠤ ᠲᠥᠰᠦᠪ ᠢ ᠨᠠᠶᠢᠷᠠᠭᠤᠯᠤᠨ ᠵᠣᠬᠢᠶᠠᠬᠤ | ᠠᠵᠢᠯ ᠳᠠᠬᠢ ᠦᠨᠳᠦᠰᠦᠨ ᠠᠵᠢᠯᠲᠠᠨ ᠤ ᠵᠠᠷᠤᠯᠭ᠎ᠠ ᠪᠠ ᠰᠠᠯᠠᠭ᠎ᠠ ᠮᠥᠴᠢᠷ ᠤᠨ ᠲᠥᠰᠦᠪ ᠤᠨ ᠲᠥᠷᠥᠯ ᠵᠦᠢᠯ ᠤᠨ | ᠵᠠᠷᠤᠯᠭ᠎ᠠ ᠶᠢᠨ ᠭᠤᠤᠯᠳᠠᠯᠭ᠎ᠠ᠂ ᠬᠦᠴᠢᠷᠳᠡᠯ ᠳᠤ ᠴᠢᠭᠯᠡᠭᠦᠯᠦᠨ ᠪᠠᠶᠢᠷᠢᠯᠠᠭᠤᠯᠤᠯᠲᠠ ᠪᠠ ᠲᠠᠶᠢᠯᠤᠮᠵᠢ ᠬᠢᠭᠰᠡᠨ ᠪᠥᠭᠡᠳ | ᠲᠥᠰᠦᠪ ᠢ ᠨᠠᠶᠢᠷᠠᠭᠤᠯᠤᠨ ᠵᠣᠬᠢᠶᠠᠬᠤ ᠪᠣᠳᠠᠲᠠᠶ ᠠᠵᠢᠯᠯᠠᠭᠠᠨ ᠤ ᠶᠠᠪᠤᠴᠠ ᠳᠤ ᠪᠣᠳᠠᠲᠠᠶ ᠵᠢᠱᠢᠶ᠎ᠡ ᠦᠵᠡᠭᠦᠯᠵᠦ᠂ | ᠲᠥᠰᠦᠪ ᠤᠨ ᠨᠢᠭᠡᠴᠢ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠪᠣᠳᠠᠲᠠᠶ ᠠᠵᠢᠯᠯᠠᠭᠠᠨ ᠤ ᠶᠠᠪᠤᠴᠠ ᠳᠤ | ᠲᠤᠯᠭᠠᠷᠠᠭᠰᠠᠨ ᠨᠡᠶᠢᠳᠡᠮ ᠤᠨ ᠠᠰᠠᠭᠤᠳᠠᠯ ᠳᠤ ᠬᠠᠷᠢᠭᠤᠯᠲᠠ ᠥᠭᠴᠦ᠂ 2025 ᠣᠨ ᠤ ᠲᠥᠰᠦᠪ ᠢ ᠨᠠᠶᠢᠷᠠᠭᠤᠯᠤᠨ | ᠵᠣᠬᠢᠶᠠᠬᠤ ᠠᠵᠢᠯ ᠳᠤ ᠰᠠᠶᠢᠨ ᠰᠠᠭᠤᠷᠢ ᠲᠠᠯᠪᠢᠵᠤ ᠥᠭᠴᠡᠶ᠃ | ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠲᠥᠰᠦᠪ ᠢ ᠭᠦᠢᠴᠡᠳᠭᠡᠬᠦ ᠬᠠᠮᠢᠶᠠᠷᠤᠯᠲᠠ ᠪᠠ | ᠲᠥᠰᠦᠪ ᠤᠨ ᠬᠢᠵᠠᠭᠠᠷᠯᠠᠬᠤ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ | ᠡᠭᠦᠷᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠤᠯᠬᠤ ᠶᠢ ᠠᠬᠢᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠦᠷ᠎ᠡ | ᠪᠦᠲᠦᠮᠵᠢ ᠪᠠ ᠬᠡᠷᠡᠭᠯᠡᠯᠲᠡ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠷᠣᠨ ᠤ ᠡᠳ᠋ ᠤᠨ | ᠵᠠᠰᠠᠭ ᠤᠨ ᠲᠣᠪᠴᠢᠶ᠎ᠠ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠡᠳ᠋ ᠤᠨ ᠶᠠᠪᠤᠳᠠᠯ ᠤᠨ | ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠣᠳᠠᠲᠠᠶ ᠠᠳᠬᠤᠵᠤ᠂ | 2025 ᠣᠨ ᠳᠤ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠤᠨ ᠤᠷᠤᠭᠰᠢᠲᠠᠶ | ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ | |