ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ︵︽ᠬᠤᠶᠠᠷ ᠡᠪᠡᠳᠴᠢᠨ︾︶ ᠤᠨ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠶ ᠡᠪᠡᠳᠴᠢᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/9/14
     ᠨᠢᠭᠡ᠂ ᠡᠨᠡ ᠬᠦ ᠲᠥᠷᠥ ᠶᠢᠨ ᠪᠣᠳᠣᠯᠭ᠎ᠠ ᠶᠢᠨ ᠣᠳᠣᠬᠠᠨ ᠤ ᠬᠠᠮᠤᠭ ᠤᠨ ᠰᠢᠨ᠎ᠡ ᠪᠢᠴᠢᠭ ᠮᠠᠲ᠋ᠧᠷᠢᠶᠠᠯ ᠨᠢ ᠶᠠᠭᠤ ᠪᠤᠢ︖      ︽ᠪᠤᠭᠤᠲᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠢᠰᠤᠨ ᠳᠠᠷᠤᠯᠲᠠ ᠥᠨᠳᠥᠷ ᠰᠢᠬᠢᠷ ᠰᠢᠵᠢᠩ ᠡᠪᠡᠳᠴᠢᠨ ᠤ ᠡᠭᠦᠳᠡᠨ ᠡᠮᠨᠡᠯᠭᠡ ᠳᠤ ᠬᠡᠷᠡᠭᠯᠡᠬᠦ ᠡᠮ ᠤᠨ ᠪᠠᠲᠤᠯᠠᠭ᠎ᠠ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠤᠰᠬᠠᠶ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠤᠭᠤᠲᠤ ᠡᠮᠴᠢᠯᠡᠭᠡᠨ ᠤ ᠪᠠᠲᠤᠯᠠᠭ᠎ᠠ ︹2021︺ 15 ᠳ᠋ᠤᠭᠠᠷ ᠲᠣᠭᠠᠲᠤ︶       ᠬᠤᠶᠠᠷ᠂ ᠬᠡᠷᠡᠭᠯᠡᠬᠦ ᠡᠲᠡᠭᠡᠳ ᠨᠢ ᠶᠠᠭᠤ ᠪᠣᠶ︖      ᠪᠤᠭᠤᠲᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠪᠥᠭᠡᠳ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠵᠦ ᠪᠠᠶᠢᠭ᠎ᠠ ᠬᠤᠭᠤᠴᠠᠭᠠᠨ ᠳᠤ᠂ ᠵᠢᠷᠤᠮᠵᠢᠭᠤᠯᠬᠤ ᠪᠠᠷ ᠳᠠᠮᠵᠢᠭᠤᠯᠤᠨ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠭᠡᠵᠦ ᠣᠨᠣᠰᠢᠯᠠᠵᠤ᠂ ᠪᠤᠭᠤᠲᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠴᠢᠰᠤᠨ ᠳᠠᠷᠤᠯᠲᠠ ᠥᠨᠳᠥᠷ ᠤᠨ ᠭᠤᠷᠪᠠᠳᠤᠭᠠᠷ ᠳᠡᠰ ᠤᠨ ᠠᠶᠤᠯ ᠶᠡᠬᠡᠲᠡᠶ᠂ ᠰᠢᠬᠢᠷ ᠰᠢᠵᠢᠩ ᠡᠪᠡᠳᠴᠢᠨ ︵注射胰岛素︶ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ︵ᠡᠭᠦᠳᠡᠨ ᠡᠮᠨᠡᠯᠭᠡ ᠶᠢᠨ ᠤᠨᠴᠠᠭᠠᠢ ᠤᠳᠠᠭᠠᠨ ᠴᠢᠨᠠᠷᠲᠠᠶ ᠡᠪᠡᠳᠴᠢᠨ᠂ ᠳᠣᠷᠣᠭᠰᠢ ᠠᠳᠠᠯᠢ︶ ᠤᠨ ᠬᠠᠷᠠᠭᠠᠯᠵᠠᠯ ᠤᠨ ᠪᠠᠷᠢᠮᠵᠢᠶ᠎ᠠ ᠳᠤ ᠭᠦᠷᠦᠭᠰᠡᠨ ᠦᠭᠡᠢ ᠴᠢᠰᠤᠨ ᠳᠠᠷᠤᠯᠲᠠ ᠥᠨᠳᠦᠷ᠂ ᠰᠢᠬᠢᠷ ᠰᠢᠵᠢᠩ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ︵ᠳᠣᠷᠣᠭᠰᠢ ︽ᠬᠤᠶᠠᠷ ᠡᠪᠡᠳᠴᠢᠨ︾ ᠭᠡᠵᠦ ᠲᠣᠪᠴᠢᠯᠠᠨ᠎ᠠ︶᠂ ᠴᠥᠮ ᠲᠣᠰ ᠬᠥᠮᠦᠨ ᠤ ᠳᠠᠭᠠᠳᠬᠠᠯ ᠳᠤ ᠣᠷᠣᠯᠴᠠᠭᠰᠠᠨ ᠭᠠᠵᠠᠷ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠳᠤ ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠶ ᠡᠪᠡᠳᠴᠢᠨ ᠤ ᠣᠯᠭᠤᠮᠵᠢ ᠭᠤᠶᠤᠴᠢᠯᠠᠵᠤ ᠪᠣᠯᠤᠨ᠎ᠠ᠃      ᠭᠤᠷᠪᠠ᠂ ᠲᠥᠷᠥ ᠶᠢᠨ ᠪᠣᠳᠣᠯᠭ᠎ᠠ ᠶᠢᠨ ᠣᠯᠭᠤᠮᠵᠢ ᠶᠠᠭᠤ ᠪᠣᠢ︖      ︽ᠬᠤᠶᠠᠷ ᠡᠪᠡᠳᠴᠢᠨ︾ ᠤ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠡᠭᠦᠳᠡᠨ ᠡᠮᠨᠡᠯᠭᠡ ᠳᠤ ᠡᠭᠦᠰᠦᠭᠰᠡᠨ ᠴᠢᠰᠤᠨ ᠳᠠᠷᠤᠯᠲᠠ ᠶᠢ ᠪᠠᠭᠤᠷᠠᠭᠤᠯᠬᠤ᠂ ᠴᠢᠰᠤᠨ ᠰᠢᠬᠢᠷ ᠢ ᠪᠠᠭᠤᠷᠠᠭᠤᠯᠬᠤ ᠡᠮ ᠤᠨ ᠵᠦᠢᠯ ᠤᠨ ᠵᠠᠷᠤᠳᠠᠯ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠠᠴᠠ ᠬᠠᠷᠢᠴᠠᠯ ᠶᠣᠰᠣᠭᠠᠷ ᠥᠭᠭᠦᠨ᠎ᠡ᠃      ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠶᠢᠨ ᠪᠠᠲᠤᠯᠠᠭ᠎ᠠ ᠳᠤ ᠲᠦᠷ ᠡᠬᠢᠯᠡᠵᠦ ᠥᠭᠬᠦ ᠱᠤᠭᠤᠮ ᠭᠠᠷᠭᠠᠬᠤ ᠦᠭᠡᠢ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠥᠭᠬᠦ ᠬᠠᠷᠢᠴᠠᠯ 50% ᠳᠤ ᠬᠦᠷᠴᠦ᠂ ᠵᠢᠯ ᠤᠨ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ ᠴᠢᠰᠤᠨ ᠳᠠᠷᠤᠯᠲᠠ ᠥᠨᠳᠦᠷ 300 ᠲᠥᠭᠦᠷᠢᠭ᠂ ᠰᠢᠬᠢᠷ ᠰᠢᠵᠢᠩ ᠡᠪᠡᠳᠴᠢᠨ 600 ᠲᠥᠭᠦᠷᠢᠭ᠂ ︽ᠬᠤᠶᠠᠷ ᠡᠪᠡᠳᠴᠢᠨ︾ ᠳᠠᠪᠬᠤᠴᠠᠭᠰᠠᠨ ᠪᠠᠶᠢᠪᠠᠯ᠂ ᠵᠢᠯ ᠤᠨ ᠬᠠᠮᠤᠭ ᠤᠨ ᠥᠨᠳᠥᠷ ᠥᠭᠬᠦ ᠬᠢᠵᠠᠭᠠᠷ ᠲᠤᠭ᠎ᠠ 600 ᠲᠥᠭᠦᠷᠢᠭ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃      ᠳᠥᠷᠪᠡ᠂ ︽ᠬᠤᠶᠠᠷ ᠡᠪᠡᠳᠴᠢᠨ︾ ᠢ ᠮᠠᠭᠠᠳᠯᠠᠨ ᠲᠣᠭᠲᠠᠭᠠᠬᠤ ᠪᠠᠷᠢᠮᠵᠢᠶ᠎ᠠ      ︵ᠨᠢᠭᠡ︶ ᠴᠢᠰᠤᠨ ᠳᠠᠷᠤᠯᠲᠠ ᠥᠨᠳᠥᠷ ᠡᠪᠡᠳᠴᠢᠨ ᠢ ᠣᠨᠣᠱᠢᠯᠠᠬᠤ ᠪᠠᠷᠢᠮᠵᠢᠶ᠎ᠠ      ᠪᠤᠭᠤᠲᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠭᠠᠯ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠴᠢᠰᠤᠨ ᠳᠠᠷᠤᠯᠲᠠ ᠥᠨᠳᠥᠷ ᠤᠨ ᠭᠤᠷᠪᠠᠳᠤᠭᠠᠷ ᠳᠡᠰ ᠤᠨ ᠠᠶᠤᠯ ᠶᠡᠬᠡᠲᠡᠢ ᠡᠭᠦᠳᠡᠨ ᠡᠮᠨᠡᠯᠭᠡ ᠶᠢᠨ ᠠᠷᠬᠠᠭ ᠡᠪᠡᠳᠴᠢᠨ ᠤ ᠣᠯᠭᠤᠮᠵᠢ ᠶᠢᠨ ᠪᠠᠷᠢᠮᠵᠢᠶ᠎ᠠ ᠳᠤ ᠬᠦᠷᠦᠭᠡᠳᠦᠶ ᠪᠣᠯᠪᠠᠴᠤ ᠴᠢᠰᠤᠨ ᠳᠠᠷᠤᠯᠲᠠ‌ᠥᠨᠳᠥᠷ ᠬᠤᠶᠠᠷ ᠤᠳᠠᠭ᠎ᠠ ᠵᠢᠴᠢ ᠲᠡᠭᠦᠨ ᠠᠴᠠ ᠳᠡᠭᠡᠭᠰᠢ ᠨᠢ ᠠᠳᠠᠯᠢ ᠪᠤᠰᠤ ᠡᠳᠦᠷ ᠤᠨ ᠲᠠᠢᠪᠤᠩ ᠪᠤᠰᠤ ᠪᠠᠶᠢᠳᠠᠯ ᠳᠣᠣᠷ᠎ᠠ ᠴᠢᠰᠤᠨ ᠳᠠᠷᠤᠯᠲᠠ ᠥᠨᠳᠥᠷ ᠪᠣᠯᠤᠭᠰᠠᠨ ᠢ ᠬᠡᠮᠵᠢᠵᠦ ᠣᠯᠪᠠᠯ ᠰᠠᠶ᠋ᠢ ᠴᠢᠰᠤᠨ ᠳᠠᠷᠤᠯᠲᠠ ᠥᠨᠳᠥᠷ ᠢ ᠣᠨᠣᠰᠢᠯᠠᠵᠤ ᠪᠣᠯᠤᠨ᠎ᠠ᠂ ᠲᠤᠬᠠᠢᠯᠠᠪᠠᠯ ᠠᠪᠴᠢᠬᠤ ᠳᠠᠷᠤᠯᠲᠠ 140 mmHg ᠠᠴᠠ ᠶᠡᠭᠡ ᠪᠤᠶᠤ ᠲᠡᠩᠴᠡᠭᠦᠦ᠂ ᠲᠡᠯᠡᠯᠲᠡ ᠶᠢᠨ ᠳᠠᠷᠤᠯᠲᠠ90 mmHg ᠠᠴᠠ ᠶᠡᠭᠡ ᠪᠤᠶᠤ ᠲᠡᠩᠴᠡᠭᠦᠦ ᠪᠣᠯᠤᠨ᠎ᠠ᠃      ︵ᠬᠤᠶᠠᠷ︶ ᠰᠢᠬᠢᠷ ᠰᠢᠵᠢᠩ ᠡᠪᠡᠳᠴᠢᠨ ᠤ ᠣᠨᠣᠰᠢᠯᠠᠯᠲᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ      ᠪᠤᠭᠤᠲᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠴᠢᠰᠤᠨ ᠳᠠᠷᠤᠯᠲᠠ ᠥᠨᠳᠥᠷ ᠤᠨ ᠭᠤᠷᠪᠠᠳᠤᠭᠠᠷ ᠳᠡᠰ ᠤᠨ ᠠᠶᠤᠯ ᠶᠡᠬᠡᠲᠡᠢ᠂ ᠰᠢᠬᠢᠷ ᠰᠢᠵᠢᠩ ᠡᠪᠡᠳᠴᠢᠨ ︵注射胰岛素︶ ᠤ ᠡᠭᠦᠳᠡᠨ ᠡᠮᠨᠡᠯᠭᠡ ᠶᠢᠨ ᠠᠷᠬᠠᠭ ᠡᠪᠡᠳᠴᠢᠨ ᠤ ᠬᠠᠷᠠᠭᠠᠯᠵᠠᠯ ᠤᠨ ᠪᠠᠷᠢᠮᠵᠢᠶ᠎ᠠ ᠳᠤ ᠬᠦᠷᠦᠭᠡᠳᠦᠶ ᠪᠣᠯᠪᠠᠴᠤ ᠳᠣᠤᠷᠠᠬᠢ ᠨᠥᠬᠦᠴᠡᠯ ︵1︶ + ︵2︶ ᠪᠤᠶᠤ ︵1︶ + ︵3︶ ᠪᠤᠶᠤ ︵1︶ + ︵4︶ ᠢᠶᠠᠷ ᠣᠨᠣᠰᠢᠯᠠᠵᠤ ᠪᠣᠯᠤᠨ᠎ᠠ᠃ ᠨᠡᠶᠢᠲᠡᠯᠢᠭ ᠰᠢᠬᠢᠷ ᠰᠢᠵᠢᠩ ᠡᠪᠡᠳᠴᠢᠨ ᠤ ᠰᠢᠨᠵᠢ ᠲᠡᠮᠳᠡᠭ ᠦᠭᠡᠢ ᠬᠥᠮᠦᠨ ᠢ ᠡᠳᠦᠷ ᠪᠣᠯᠭᠠᠨ ᠳᠠᠬᠢᠨ ᠬᠢᠨᠠᠵᠤ ᠨᠤᠲᠠᠯᠠᠬᠤ ᠴᠢᠬᠤᠯᠠᠲᠠᠢ ᠶᠣᠮ᠃      ︵1︶ ᠨᠡᠶᠢᠳᠡᠯᠢᠭ ᠴᠢᠨᠠᠷᠲᠠᠢ ᠰᠢᠬᠢᠷ ᠰᠢᠵᠢᠩ ᠡᠪᠡᠳᠴᠢᠨ ᠤ ᠢᠯᠡᠷᠡᠯ ︵ᠤᠮᠳᠠᠭᠠᠰᠴᠤ ᠠᠷᠪᠢᠨ ᠤᠤᠭᠤᠬᠤ ᠂ ᠰᠢᠬᠡᠰᠦ ᠠᠷᠪᠢᠳᠬᠤ᠂ ᠢᠯᠡᠭᠦᠦ ᠢᠳᠡᠬᠦ᠂ ᠰᠢᠯᠲᠠᠭᠠᠨ ᠦᠭᠡᠢ ᠪᠠᠷ ᠪᠡᠶ᠎ᠡ ᠶᠢᠨ ᠬᠦᠨᠳᠦ ᠨᠢ ᠪᠠᠭᠤᠷᠠᠨ᠎ᠠ︶      ︵2︶ ᠴᠢᠰᠤᠨ ᠤ ᠰᠢᠬᠢᠷ ᠢ ᠲᠠᠰᠢᠷᠠᠮ ᠢᠶᠠᠷ ᠬᠡᠮᠵᠢᠬᠦ ᠨᠠᠮᠵᠢᠭᠤᠨ ᠰᠤᠳᠠᠰᠤᠨ ᠤ ᠴᠢᠰᠤᠨ ᠡᠭᠡᠳᠡᠩ ᠦᠵᠦᠮ ᠤᠨ ᠰᠢᠬᠢᠷ ︵mmol/1︶ ≧ 11.1      ︵3︶ ᠥᠯᠥᠨ ᠬᠡᠪᠡᠯᠢ ᠶᠢᠨ ᠴᠢᠰᠤᠨ ᠰᠢᠬᠢᠷ ᠢ ᠬᠡᠮᠵᠢᠨ ᠲᠣᠭᠲᠠᠭᠠᠬᠤ ᠴᠢᠰᠤᠨ ᠡᠭᠡᠳᠡᠩ ᠦᠵᠦᠮ ᠤᠨ ᠰᠢᠬᠢᠷ ︵mmol/1︶ ≧7.0      ︵4︶ ᠦᠵᠦᠮ ᠤᠨ ᠰᠢᠬᠢᠷ ᠤᠨ ᠳᠠᠭᠠᠭᠠᠴᠠ ᠶᠢᠨ ᠳᠠᠷᠠᠭ᠎ᠠ 2 ᠴᠠᠭ ᠤᠨ ᠴᠢᠰᠤᠨ ᠤ ᠰᠢᠬᠢᠷ ᠢ ᠬᠡᠮᠵᠢᠨ ᠲᠣᠭᠲᠠᠭᠠᠬᠤ ᠨᠠᠮᠵᠢᠭᠤᠨ ᠰᠤᠳᠠᠰᠤᠨ ᠤ ᠴᠢᠰᠤᠨ ᠤ ᠰᠢᠬᠢᠷ ︵mmol/1︶ ≧ 11.1     ᠲᠠᠪᠤ᠂ ᠲᠥᠷᠥ ᠶᠢᠨ ᠪᠣᠳᠣᠯᠭ᠎ᠠ ᠶᠢᠨ ᠡᠮ ᠬᠡᠷᠡᠭᠯᠡᠬᠦ ᠬᠡᠪᠴᠢᠶ᠎ᠡ      ︽ᠬᠤᠶᠠᠷ ᠡᠪᠡᠳᠴᠢᠨ︾ ᠤ ᠡᠭᠦᠳᠡᠨ ᠡᠮᠨᠡᠯᠭᠡ ᠳᠤ ᠡᠮ ᠬᠡᠷᠡᠭᠯᠡᠬᠦ ᠬᠦᠷᠢᠶ᠎ᠡ ᠬᠡᠪᠴᠢᠶ᠎ᠡ ᠨᠢ ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠵᠢᠭᠰᠠᠭᠠᠭᠰᠠᠨ ᠲᠥᠷᠥᠯ ᠵᠦᠢᠯ ᠤᠨ ᠬᠡᠪᠴᠢᠶᠡᠨ ᠳᠣᠲᠣᠷᠠᠬᠢ ︽ᠬᠤᠶᠠᠷ ᠡᠪᠡᠳᠴᠢᠨ︾ ᠳᠤ ᠨᠡᠶᠢᠴᠡᠬᠦ ᠡᠮ ᠬᠡᠷᠡᠭᠯᠡᠵᠦ ᠪᠣᠯᠤᠨ᠎ᠠ᠃ ᠪᠤᠭᠤᠲᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠴᠢᠰᠤᠨ ᠳᠠᠷᠤᠯᠲᠠ ᠥᠨᠳᠥᠷ ᠭᠤᠷᠪᠠᠳᠤᠭᠠᠷ ᠳᠡᠰ ᠤᠨ ᠠᠶᠤᠯ ᠶᠡᠬᠡᠲᠡᠶ᠂ ᠰᠢᠬᠢᠷ ᠰᠢᠵᠢᠩ ᠡᠪᠡᠳᠴᠢᠨ ︵注射胰岛素︶ ᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ ᠤ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠡᠪᠡᠳᠴᠢᠲᠡᠨ ᠳᠤ ᠤᠤᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠣᠰᠣᠭᠠᠷ ᠦᠷᠭᠦᠯᠵᠢᠯᠡᠨ ᠬᠡᠷᠡᠭᠵᠢᠭᠦᠯᠦᠨ᠎ᠡ᠃      ᠵᠢᠷᠭᠤᠭ᠎ᠠ᠂ ᠬᠡᠷᠬᠢᠨ ᠭᠤᠶᠤᠴᠢᠯᠠᠨ ᠮᠡᠳᠡᠭᠦᠯᠬᠦ ︵ᠭᠦᠢᠴᠡᠳᠭᠡᠬᠦ ᠶᠠᠪᠤᠴᠠ︶      ︵ᠨᠢᠭᠡ︶ ᠭᠦᠢᠴᠡᠳᠭᠡᠬᠦ ᠭᠠᠵᠠᠷ᠄      ᠳ᠋ᠦᠩ ᠾᠧ ᠲᠣᠭᠤᠷᠢᠭ ᠤᠨ ᠷᠠᠰᠢᠶᠠᠨ ᠶᠡᠭᠡ ᠵᠡᠭᠡᠯᠢ ᠶᠢᠨ 400 ᠳ᠋ᠤᠭᠠᠷ ᠨᠣᠮᠧᠷᠲᠤ ᠳ᠋ᠦᠩ ᠾᠧ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ︵ᠬᠦᠷᠡᠯ ᠰᠢᠯᠢ ᠰᠢᠨ᠎ᠡ ᠲᠣᠭᠤᠷᠢᠭ ᠤᠨ ᠡᠮᠦᠨ᠎ᠡ ᠳᠣᠯᠣᠳᠤᠭᠠᠷ ᠲᠣᠭᠤᠷᠢᠭ ᠤᠨ ᠣᠶᠢᠷᠠᠯᠴᠠᠭ᠎ᠠ︶ ᠤᠨ ᠭᠤᠷᠪᠠᠳᠤᠭᠠᠷ ᠳᠠᠪᠬᠤᠷᠯᠢᠭ ᠤᠨ E ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠶᠡᠷᠦᠩᠬᠡᠶᠢᠯᠡᠭᠰᠡᠨ ᠴᠣᠩᠬᠤ᠃      ︵ᠬᠤᠶᠠᠷ︶ ᠰᠢᠢᠳᠪᠦᠷᠢᠯᠡᠬᠦ ᠴᠠᠭ᠄      ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30 - 12᠄ 00᠂ ᠦᠳᠡ ᠶᠢᠨ ᠬᠤᠶᠢᠨ᠎ᠠ 14᠄ 30 - 17᠄ 30      ︵ᠭᠤᠷᠪᠠ︶ ᠬᠡᠷᠡᠭᠰᠡᠬᠦ ᠮᠠᠲ᠋ᠧᠷᠢᠶᠠᠯ᠄      1. ᠨᠡᠶᠢᠭᠡᠮ ᠤᠨ ᠪᠠᠲᠤᠯᠠᠭ᠎ᠠ ᠶᠢᠨ ᠺᠠᠷᠲ      2. ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠡᠮᠭᠡᠭ ᠤᠨ ᠣᠨᠣᠰᠢᠯᠠᠭ᠎ᠠ      3.ᠡᠪᠡᠳᠴᠢᠨ ᠤ ᠲᠡᠮᠳᠡᠭᠯᠡᠯ ᠤᠨ ᠮᠠᠲ᠋ᠧᠷᠢᠶᠠᠯ ᠪᠤᠶᠤ ᠪᠠᠶᠢᠴᠠᠭᠠᠭᠰᠠᠨ ᠮᠠᠲ᠋ᠧᠷᠢᠶᠠᠯ ︵ᠡᠮᠨᠡᠯᠭᠡ ᠳᠤ ᠰᠠᠭᠤᠬᠤ ᠬᠢᠷᠢ ᠬᠡᠮ ᠲᠠᠢ ᠡᠮᠴᠢᠯᠡᠭᠡᠨ ᠤ ᠳᠠᠭᠠᠳᠬᠠᠯ ᠤᠨ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠦᠷ ᠪᠣᠯᠤᠨ᠎ᠠ︶      4. ︽ᠡᠭᠦᠳᠡᠨ ᠡᠮᠨᠡᠯᠭᠡ ᠶᠢᠨ ᠣᠨᠴᠠᠭᠠᠢ ᠠᠷᠬᠠᠭ ᠡᠪᠡᠳᠴᠢᠨ ᠤ ᠲᠥᠷᠥᠯ ᠤᠨ ᠬᠠᠷᠠᠭᠠᠯᠵᠠᠯ ᠢ ᠮᠠᠭᠠᠳᠯᠠᠨ ᠲᠣᠭᠲᠠᠭᠠᠬᠤ ᠭᠤᠶᠤᠴᠢᠯᠠᠯ ᠤᠨ ᠬᠦᠰᠦᠨᠦᠭᠲᠦ︾ ︵ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠲᠠᠭᠯᠠᠬᠤ︶      ᠭᠦᠢᠴᠡᠳᠭᠡᠬᠦ ᠴᠠᠭ ᠤᠨ ᠬᠢᠵᠠᠭᠠᠷ ᠵᠢᠴᠢ ᠬᠦᠴᠦᠨ ᠲᠠᠢ ᠪᠤᠯᠬᠤ᠄      ᠲᠡᠷᠡ ᠳᠠᠷᠤᠢ ᠳᠤ ᠨᠢ ᠰᠢᠢᠳᠪᠦᠷᠢᠯᠡᠵᠦ ᠳᠠᠭᠤᠰᠬᠠᠭᠠᠳ ᠳᠠᠷᠠᠭ᠎ᠠ ᠰᠠᠷ᠎ᠠ ᠳᠤ ᠨᠢ ᠬᠦᠴᠦᠨ ᠲᠠᠢ ᠪᠣᠯᠣᠨ᠎ᠠ᠃      ᠳᠣᠯᠤᠭ᠎ᠠ᠂ ᠲᠠᠶᠢᠯᠪᠤᠷᠢ      ᠲᠣᠰ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠨᠢ ᠵᠥᠪᠬᠡᠨ ᠲᠣᠰ ᠲᠥᠷᠥ ᠶᠢᠨ ᠪᠣᠳᠣᠯᠭ᠎ᠠ ᠶᠢᠨ ᠭᠤᠤᠯ ᠠᠭᠤᠯᠭ᠎ᠠ ᠪᠠᠶᠢᠵᠤ᠂ ᠯᠠᠪᠯᠠᠯᠲᠠ ᠪᠣᠯᠭᠠᠨ ᠣᠶᠢᠯᠠᠭᠠᠬᠤ ᠳᠤ ᠬᠠᠩᠭᠠᠨ᠎ᠠ᠃ ᠲᠣᠰ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠶᠢ ᠨᠡᠶᠢᠲᠡᠯᠡᠭᠰᠡᠨ ᠴᠠᠭ ᠨᠢ 2024 ᠣᠨ ᠤ 8 ᠰᠠᠷ᠎ᠠ ᠶᠢᠨ 31 ᠤ ᠡᠳᠦᠷ ᠪᠣᠯᠤᠨ᠎ᠠ᠂ ᠲᠥᠷᠥ ᠶᠢᠨ ᠪᠣᠳᠣᠯᠭ᠎ᠠ ᠶᠢᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠬᠦ ᠪᠤᠶᠤ ᠬᠤᠪᠢᠷᠠᠵᠤ᠂ ᠭᠦᠢᠴᠡᠳᠭᠡᠬᠦ ᠭᠠᠵᠠᠷ ᠣᠷᠣᠨ᠂ ᠠᠷᠭ᠎ᠠ ᠮᠠᠶ᠋ᠢᠭ ᠵᠡᠷᠭᠡ ᠴᠠᠭ ᠤᠨ ᠥᠩᠭᠡᠷᠡᠬᠦ ᠶᠢ ᠳᠠᠭᠠᠯᠳᠤᠨ ᠪᠠᠰᠠ ᠬᠤᠪᠢᠷᠠᠵᠤ ᠮᠡᠳᠡᠨ᠎ᠡ᠃ ᠲᠣᠬᠢᠷᠠᠭᠤᠯᠤᠯᠲᠠ ᠬᠤᠪᠢᠷᠠᠯᠲᠠ ᠲᠣᠬᠢᠶᠠᠯᠳᠤᠪᠠᠯ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠠᠷ ᠪᠠᠷᠢᠮᠵᠢᠶ᠎ᠠ ᠪᠣᠯᠭᠠᠨ᠎ᠠ᠃ ᠶᠠᠮᠠᠷ ᠴᠤ ᠠᠰᠠᠭᠤᠯᠲᠠ ᠪᠤᠶᠤ ᠵᠥᠪᠯᠡᠯᠭᠡ ᠥᠭᠬᠦ ᠵᠡᠷᠭᠡ ᠵᠦᠢᠯᠡᠰ ᠲᠤ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ︵0472-2626399︶ ᠪᠤᠶᠤ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︵0472-4388696︶ ᠲᠠᠢ ᠬᠠᠷᠢᠯᠴᠠᠵᠤ ᠠᠰᠠᠭᠤᠨ ᠯᠠᠪᠯᠠᠬᠤ ᠳᠤ ᠬᠠᠮᠵᠢᠨ᠎ᠠ᠃
 
ᠢᠷᠡᠯᠲᠡ᠄ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1