ᠸᠠᠩ ᠷᠦᠢ ᠬᠡᠰᠡᠭ ᠲᠣᠰᠬᠤᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/2
   8 ᠰᠠᠷ᠎ᠠ ᠶᠢᠨ 30 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠸᠠᠩ ᠷᠦᠢ ᠬᠡᠰᠡᠭ ᠲᠣᠰᠬᠤᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠢ ᠤᠶᠢᠯᠠᠭᠠᠨ ᠵᠢᠭᠰᠠᠭᠠᠬᠤ ᠪᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠠᠵᠢᠯᠯᠠᠭᠠᠨ ᠤ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠨ ᠵᠢᠰᠢᠬᠦ ᠠᠵᠢᠯ ᠢ ᠪᠠᠶᠢᠴᠠᠭᠠᠨ ᠰᠤᠳᠤᠯᠪᠠ᠃    ᠸᠠᠩ ᠷᠦᠢ ᠤᠷᠢᠳ ᠬᠤᠵᠢᠳ ᠰᠠᠷᠠᠴᠢᠨ ᠪᠠᠯᠭᠠᠰᠤᠨ ᠤ  ᠪᠠᠭ᠎ᠠ ᠪᠠᠯᠭᠠᠢ ᠲᠣᠰᠬᠤᠨ᠂  ᠡᠷᠭᠦᠭᠰᠡᠨ ᠲᠣᠰᠬᠤᠨ ᠳᠤ ᠬᠦᠷᠴᠦ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠲᠠᠢ ᠨᠢᠭᠤᠷᠳᠠᠨ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠨ ᠲᠠᠶᠢᠯᠪᠤᠷᠢᠯᠠᠬᠤ ᠶᠢᠨ ᠬᠠᠮᠲᠤ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠨᠠᠮ ᠤᠨ ᠭᠡᠰᠢᠭᠦᠨ᠂ ᠲᠣᠰᠬᠤᠨ ᠤ ᠠᠷᠠᠳ ᠲᠠᠢ ᠶᠠᠷᠢᠯᠴᠠᠨ ᠰᠣᠯᠢᠯᠴᠠᠵᠤ᠂ ᠲᠣᠰᠬᠤᠨ ᠤ ᠬᠠᠮᠲᠤ ᠶᠢᠨ ᠠᠵᠤ ᠠᠬᠤᠢ᠂ ᠠᠵᠤ ᠦᠢᠯᠡᠰ ᠤᠨ ᠬᠥᠭᠵᠢᠯᠲᠡ᠂ ᠲᠠᠷᠢᠶᠠᠴᠢᠳ ᠤᠨ ᠣᠷᠣᠯᠭ᠎ᠠ᠂ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠠᠵᠢᠯᠯᠠᠭᠠᠨ ᠵᠢᠴᠢ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠢᠯᠡᠷᠡᠯ᠂ ᠲᠣᠰᠬᠤᠨ ᠤ ᠱᠠᠲᠤᠨ ᠤ ᠪᠡᠯᠡᠳᠬᠡᠯ ᠬᠦᠴᠦᠨ ᠢ ᠪᠤᠶᠢᠵᠢᠭᠤᠯᠤᠨ ᠨᠥᠭᠡᠴᠡᠯᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠠᠢ᠃    ᠸᠠᠩ ᠷᠦᠢ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠨᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠦᠷᠭᠦᠯᠵᠢᠯᠡᠯ ᠪᠥᠭᠡᠳ ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠮᠥᠨ᠃ ᠡᠯ᠎ᠡ ᠪᠠᠯᠭᠠᠰᠤᠨ ᠤ ᠨᠠᠮ ᠤᠨ ᠬᠤᠷᠢᠶ᠎ᠠ ᠪᠣᠯᠤᠨ ᠲᠣᠰᠬᠤᠨ ᠤ ᠨᠠᠮ ᠤᠨ ᠡᠭᠦᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠯᠠᠨ ᠵᠦᠢᠯ ᠤᠨ ᠬᠡᠯᠪᠡᠷᠢ ᠪᠠᠷ ᠰᠤᠷᠤᠯᠴᠠᠨ ᠤᠬᠠᠭᠤᠯᠬᠤ ᠬᠠᠯᠠᠭᠤᠨ ᠥᠷᠨᠢᠯᠲᠡ ᠭᠠᠷᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠦᠨᠳᠦᠰᠦᠯᠡᠭᠦᠯᠵᠦ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠦᠷ᠎ᠡ ᠰᠣᠩᠭᠤᠨ ᠴᠢᠬᠢ ᠪᠤᠶᠢᠵᠢᠭᠤᠯᠬᠤ᠂ ᠲᠠᠷᠢᠵᠤ ᠡᠳ᠋ᠰᠢᠭᠦᠯᠬᠦ᠂ ᠬᠥᠮᠥᠷᠭᠡᠯᠡᠨ ᠲᠡᠭᠡᠭᠡᠪᠦᠷᠢᠯᠡᠬᠦ᠂ ᠰᠢᠨ᠎ᠡ ᠬᠡᠯᠪᠡᠷᠢ ᠶᠢᠨ ᠪᠣᠷᠣᠯᠠᠭᠤᠯᠭ᠎ᠠ ᠶᠢᠨ ᠪᠦᠬᠦ ᠬᠡᠯᠬᠢᠶ᠎ᠡ ᠶᠢ ᠨᠡᠪᠲᠡᠷᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠰᠠᠶᠢᠲᠠᠢ ᠦᠨ᠎ᠡ ᠰᠠᠶᠢᠲᠠᠢ᠂ ᠥᠨᠢ ᠤᠳᠠᠭᠠᠨ ᠪᠣᠷᠣᠯᠠᠭᠤᠯᠭ᠎ᠠ ᠰᠠᠶᠢᠲᠠᠢ ᠪᠠᠶᠢᠬᠤ ᠶᠢ ᠪᠡᠶᠡᠯᠡᠭᠦᠯᠵᠦ᠂ ᠥᠷᠭᠡᠨ ᠤᠯᠠᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠬᠡᠷᠡᠭᠲᠡᠢ ᠭᠡᠵᠡᠢ᠃ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠨᠢᠭᠡ ᠴᠤᠬᠴᠠᠵᠢᠭᠤᠯᠬᠤ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ᠠᠮᠢᠳᠤᠷᠠᠯ ᠤᠨ ᠵᠣᠯ ᠵᠢᠷᠭᠠᠯᠲᠤ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ︽ᠲᠦᠷᠦᠭᠦᠴᠢ ᠭᠠᠯᠠᠭᠤ︾ ᠶᠢᠨ ᠵᠢᠰᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠤ ᠱᠠᠲᠤᠨ ᠤ ᠪᠡᠯᠡᠳᠬᠡᠯ ᠺᠠᠳ᠋ᠷ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠰᠠᠶᠢᠲᠤᠷ ᠬᠥᠭᠵᠢᠭᠦᠯᠵᠦ᠂ ᠬᠥᠳᠡᠭᠡ ᠲᠣᠰᠬᠤᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠵᠡᠷᠭᠡ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠪᠣᠳᠠᠲᠠᠢ ᠪᠦᠲᠦᠮᠵᠢᠲᠡᠢ ᠥᠷᠨᠢᠭᠦᠯᠵᠦ᠂ ᠵᠠᠩ ᠳᠠᠳᠬᠠᠯ ᠢ ᠥᠭᠡᠷᠡᠴᠢᠯᠡᠬᠦ ᠶᠢ ᠶᠡᠬᠡᠪᠡᠷ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠵᠢᠷᠤᠭᠯᠠᠬᠤ ᠬᠡᠷᠡᠭᠲᠡᠢ᠃    ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ᠂ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠠᠷᠠᠴᠢᠨ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1