ᠲᠤᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/2
   8 ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠲᠣᠭᠤᠷᠢᠭ ᠤᠨ ᠳᠡᠳ᠋ ᠳᠠᠷᠤᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ 8 ᠰᠠᠷ᠎ᠠ ᠶᠢᠨ 23 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶᠠᠨ ᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠪᠠ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ᠂ ᠭᠦᠨᠵᠡᠭᠡᠢ᠂ ᠰᠢᠰᠲ᠋ᠧᠮ ᠲᠠᠢ ᠰᠤᠳᠤᠯᠵᠤ᠂ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠭᠠᠷᠳᠠᠬᠤ ᠴᠡᠭ ᠪᠠ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠡᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠳ᠋ᠦᠩ ᠾᠧ ᠲᠣᠭᠤᠷᠢᠭ ᠲᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠵᠢᠴᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠲᠤᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠲᠦᠷᠦᠭᠦᠯᠡᠨ ᠬᠥᠭᠵᠢᠯᠲᠡ ᠶᠢ ᠡᠷᠢᠯᠬᠢᠯᠡᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠪᠤᠰᠢᠭᠤ ᠱᠠᠯᠠᠮᠠᠭᠠᠢ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠬᠦ ᠬᠠᠲᠠᠭᠤ ᠴᠢᠩᠭ᠎ᠠ ᠰᠤᠷᠲᠠᠯ ᠢᠶᠠᠷ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠡᠯ᠎ᠡ ᠳᠡᠳ᠋ ᠲᠣᠭᠤᠷᠢᠭ ᠤᠨ ᠳᠠᠷᠤᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠳᠡᠳ᠋ ᠲᠣᠭᠤᠷᠢᠭ ᠤᠨ ᠳᠠᠷᠤᠭ᠎ᠠ ᠣᠨ ᠤ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠢᠶᠠᠨ ᠨᠠᠷᠢᠨ ᠬᠢᠨᠠᠮᠠᠭᠠᠶ ᠡᠮᠬᠢᠯᠡᠵᠦ᠂ ᠠᠵᠢᠯ ᠢᠶᠠᠨ ᠨᠢᠭᠡᠳᠦᠯᠲᠡᠶ ᠲᠥᠯᠥᠪᠯᠡᠬᠦ ᠪᠠ ᠱᠠᠯᠠᠪᠳᠠᠭᠤᠯᠤᠨ ᠰᠢᠢᠳᠪᠤᠷᠢᠯᠡᠬᠦ ᠶᠢ ᠴᠢᠩᠭᠠᠳᠬᠠᠵᠤ᠂ ᠰᠡᠭᠦᠯᠴᠢ ᠶᠢᠨ ᠬᠡᠳᠦᠨ ᠰᠠᠷ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠥᠬᠦ ᠵᠢᠯ ᠤᠨ ᠡᠯ᠎ᠡ ᠵᠦᠶ᠋ᠯ ᠤᠨ ᠬᠠᠷᠠᠯᠲᠠ ᠡᠭᠦᠷᠭᠡ ᠶᠢᠨ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠶᠡᠷᠦᠩᠬᠡᠢ ᠬᠡᠪ ᠪᠣᠯᠪᠠᠰᠤᠷᠠᠯ ᠪᠣᠯᠤᠨ ᠠᠵᠢᠯ ᠤᠨ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠭᠦᠨᠵᠡᠭᠡᠢ ᠰᠤᠷᠤᠯᠴᠠᠬᠤ᠂ ᠰᠢᠰᠲ᠋ᠧᠮ ᠲᠠᠢ ᠲᠥᠯᠥᠪᠵᠢᠭᠦᠯᠬᠦ᠂ ᠭᠦᠨᠵᠡᠭᠡᠢ ᠰᠤᠳᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠭᠤᠣᠯ ᠢ ᠠᠳᠬᠤᠬᠤ ᠳᠠᠭᠠᠨ ᠴᠢᠳᠠᠮᠠᠭᠠᠢ ᠪᠠᠶᠢᠵᠤ᠂ ᠭᠤᠣᠯᠳᠠᠯᠭ᠎ᠠ ᠶᠢ ᠠᠳᠬᠤᠵᠤ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠠᠶᠢᠨ ᠰᠠᠶᠢᠬᠠᠨ ᠠᠵᠢᠯ ᠤᠨ ᠵᠠᠩ ᠳᠠᠳᠬᠠᠯ ᠢ ᠪᠤᠢ ᠪᠣᠯᠭᠠᠵᠤ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠠᠵᠢᠯ ᠤᠨ ᠪᠦᠬᠦ ᠶᠠᠪᠤᠴᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠴᠢᠬᠤᠯᠠ ᠶᠡᠭᠡ ᠵᠦᠢᠯᠡᠰ ᠢ ᠨᠠᠷᠢᠨ ᠬᠢᠨᠠᠮᠠᠭᠠᠢ ᠲᠠᠬᠢᠨ ᠳᠠᠪᠲᠠᠵᠤ᠂ ᠲᠠᠰᠤᠷᠠᠯᠳᠠ ᠦᠭᠡᠢ ᠵᠠᠳᠠᠯᠤᠨ ᠰᠤᠳᠤᠯᠵᠤ ᠮᠠᠭᠠᠳᠯᠠᠬᠤ᠂ ᠳ᠋ᠦᠩᠨᠡᠨ ᠡᠷᠭᠢᠴᠡᠭᠦᠯᠦᠨ ᠪᠣᠳᠣᠯᠬᠢᠯᠠᠬᠤ ᠳᠤᠮᠳᠠ ᠠᠵᠢᠯ ᠤᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠰᠣᠳᠣᠨ ᠪᠦᠲᠦᠭᠡᠯ ᠤᠨ ᠤᠬᠠᠮᠰᠠᠷ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠭᠴᠤᠭ᠎ᠠ᠂ ᠭᠤᠤᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠠᠵᠢᠯ ᠤᠨ ᠬᠢᠯᠠᠰ ᠴᠡᠭ ᠢ ᠪᠣᠶ ᠪᠣᠯᠭᠠᠵᠤ ᠂ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1