ᠸᠠᠩ ᠷᠦᠢ ᠬᠡᠰᠡᠭ ᠲᠣᠰᠬᠤᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/2
     8 ᠰᠠᠷ᠎ᠠ ᠶᠢᠨ 30 ᠤ ᠡᠳᠦᠷ᠂ ᠲᠣᠭᠤᠷᠢᠭ ᠤᠨ ᠬᠤᠷᠢᠶᠠᠨ ᠤ ᠱᠦᠵᠢ ᠸᠠᠩ ᠷᠦᠢ ᠬᠡᠰᠡᠭ ᠲᠣᠰᠬᠤᠨ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠪᠡᠯᠡᠳᠬᠡᠯ ᠬᠦᠴᠦᠨ ᠤ ᠪᠠᠶᠢᠳᠠᠯ ᠢ ᠤᠶᠢᠯᠠᠭᠠᠨ ᠵᠢᠭᠰᠠᠭᠠᠬᠤ ᠪᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠠᠵᠢᠯᠯᠠᠭᠠᠨ ᠤ ᠪᠠᠶᠢᠳᠠᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠢ ᠪᠠᠶᠢᠴᠠᠭᠠᠨ ᠰᠤᠳᠤᠯᠪᠠ᠃      ᠸᠠᠩ ᠷᠦᠢ ᠤᠷᠢᠳ ᠬᠤᠵᠢᠳ ᠰᠠᠷᠠᠴᠢᠨ ᠪᠠᠯᠭᠠᠰᠤᠨ ᠤ ᠪᠠᠭ᠎ᠠ ᠪᠠᠯᠭᠠᠰᠤ ᠲᠣᠰᠬᠤᠨ᠂ ᠡᠷᠭᠦᠭᠰᠡᠨ ᠲᠣᠰᠬᠤᠨ ᠳᠤ ᠬᠦᠷᠴᠦ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠲᠠᠢ ᠨᠢᠭᠤᠷᠳᠠᠨ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠨ ᠲᠠᠶᠢᠯᠪᠤᠷᠢᠯᠠᠭᠰᠠᠨ ᠪᠥᠭᠡᠳ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ᠂ ᠨᠠᠮ ᠤᠨ ᠭᠡᠰᠢᠭᠦᠨ᠂ ᠲᠣᠰᠬᠤᠨ ᠤ ᠠᠷᠠᠳ ᠲᠠᠢ ᠶᠠᠷᠢᠯᠴᠠᠨ ᠰᠣᠯᠢᠯᠴᠠᠵᠤ᠂ ᠲᠣᠰᠬᠤᠨ ᠤ ᠬᠠᠮᠲᠤ ᠶᠢᠨ ᠠᠵᠤ ᠠᠬᠤᠢ᠂ ᠠᠵᠤ ᠦᠢᠯᠡᠰ ᠤᠨ ᠬᠥᠭᠵᠢᠯᠲᠡ ᠂ ᠲᠠᠷᠢᠶᠠᠴᠢᠳ ᠤᠨ ᠣᠷᠣᠯᠭ᠎ᠠ᠂ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠠᠵᠢᠯᠯᠠᠭᠠᠨ ᠵᠢᠴᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠯᠡᠷᠡᠯ᠂ ᠲᠣᠰᠬᠤᠨ ᠤ ᠲᠡᠰ ᠤᠨ ᠪᠡᠯᠡᠳᠬᠡᠯ ᠬᠦᠴᠦᠨ ᠢ ᠪᠤᠶᠢᠵᠢᠭᠤᠯᠤᠨ ᠨᠥᠭᠡᠴᠡᠯᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠪᠠ᠃      ᠸᠠᠩ ᠷᠦᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠦᠷᠭᠦᠯᠵᠢᠯᠡᠯ ᠮᠥᠨ᠂ ᠪᠠᠰᠠ ᠴᠤ ᠰᠢᠨ᠎ᠡ ᠠᠶᠠᠨ ᠳᠠᠭᠠᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠮᠥᠨ᠃ ᠡᠯ᠎ᠡ ᠪᠠᠯᠭᠠᠰᠤᠨ ᠤ ᠨᠠᠮ ᠤᠨ ᠬᠤᠷᠢᠶ᠎ᠠ ᠪᠣᠯᠤᠨ ᠲᠣᠰᠬᠤᠨ ᠤ ᠨᠠᠮ ᠤᠨ ᠡᠭᠦᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠣᠯᠠᠨ ᠵᠥᠢᠯ ᠤᠨ ᠬᠡᠯᠪᠡᠷᠢ ᠪᠠᠷ ᠰᠤᠷᠤᠯᠴᠠᠨ ᠤᠬᠠᠭᠤᠯᠬᠤ ᠥᠷᠨᠢᠯᠲᠡ ᠭᠠᠷᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠲᠦᠬᠦᠭᠡᠷᠤᠮᠵᠢᠳᠤ ᠢᠳᠡᠰᠢᠨ ᠨᠣᠭᠤᠭ᠎ᠠ ᠶᠢᠨ ᠦᠷ᠎ᠡ ᠰᠣᠩᠭᠤᠨ ᠴᠢᠬᠢ ᠪᠤᠶᠢᠵᠢᠭᠤᠯᠬᠤ᠂ ᠲᠠᠷᠢᠵᠤ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠵᠤ ᠵᠥᠭᠡᠭᠡᠪᠦᠷᠢᠯᠡᠬᠦ᠂ ᠰᠢᠨ᠎ᠡ ᠬᠡᠯᠪᠡᠷᠢ ᠶᠢᠨ ᠪᠣᠷᠣᠯᠠᠭᠤᠯᠭ᠎ᠠ ᠶᠢᠨ ᠪᠦᠬᠦ ᠬᠡᠯᠬᠢᠶ᠎ᠡ ᠶᠢ ᠰᠢᠯᠤᠭᠤᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠴᠢᠨᠠᠷ ᠰᠠᠶᠢᠲᠠᠢ ᠦᠨ᠎ᠡ ᠰᠠᠶᠢᠲᠠᠢ᠂ ᠤᠷᠳᠤ ᠬᠤᠭᠤᠴᠠᠭ᠎ᠠ ᠪᠠᠷ ᠪᠣᠷᠣᠯᠠᠭᠤᠯᠭ᠎ᠠ ᠰᠠᠶᠢᠲᠠᠢ ᠪᠠᠶᠢᠬᠤ ᠶᠢ ᠪᠡᠶᠡᠯᠡᠭᠦᠯᠵᠦ᠂ ᠥᠷᠭᠡᠨ ᠤᠯᠠᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠪᠦᠳᠦᠬᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠳᠠᠰᠤᠷᠠᠯᠳᠠ ᠦᠬᠡᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠤᠬᠴᠠᠵᠢᠭᠤᠯᠬᠤ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠤ ᠠᠮᠢᠳᠤᠷᠠᠯ ᠤᠨ ᠵᠢᠷᠭᠠᠯᠲᠤ ᠲᠦᠷᠦᠭᠳᠡᠯ᠂ ᠬᠠᠨᠤᠮᠵᠢ ᠶᠢᠨ ᠬᠡᠮᠵᠢ᠊ ᠡᠶ᠎ᠡ ᠶᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ︽ᠲᠦᠷᠦᠭᠦᠴᠢ ᠭᠠᠯᠠᠭᠤ︾ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠥᠢᠯᠡᠳᠦᠯ ᠢ  ᠭᠥᠢᠴᠡᠳ ᠪᠠᠳᠠᠷᠠᠭᠤᠯᠵᠤ᠂ ᠲᠣᠰᠬᠤᠨ ᠤ ᠱᠠᠲᠤᠨ ᠤ ᠪᠡᠯᠡᠳᠬᠡᠯ ᠺᠠᠳ᠋ᠷ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠰᠠᠶᠢᠲᠤᠷ ᠬᠥᠭᠵᠢᠭᠦᠯᠵᠦ᠂ ᠬᠥᠳᠡᠭᠡ ᠲᠣᠰᠬᠤᠨ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠵᠡᠷᠭᠡ ᠠᠵᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠦᠨᠡᠨ ᠪᠣᠳᠠᠲᠠᠢ ᠪᠥᠭᠡᠳ ᠲᠦᠷᠦᠭᠳᠡᠯ ᠲᠠᠢ ᠪᠦᠲᠦᠮᠵᠢᠲᠡᠢ ᠥᠷᠨᠢᠭᠦᠯᠵᠦ᠂ ᠬᠡᠪ ᠵᠠᠩᠰᠢᠯ ᠢ ᠥᠭᠡᠷᠡᠴᠢᠯᠡᠬᠦ ᠶᠢ ᠶᠡᠭᠡ ᠪᠠᠷ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠵᠢᠷᠤᠭᠯᠠᠨ᠎ᠠ᠃      ᠲᠣᠭᠤᠷᠢᠭ ᠤᠨ ᠬᠤᠷᠢᠶᠠᠨ ᠤ ᠠᠯᠪᠠᠨ ᠬᠡᠷ᠂ ᠲᠣᠭᠤᠷᠢᠭ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠠᠷᠠᠴᠢᠨ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1