ᠪᠦᠬᠦ ᠤᠯᠤᠰ ᠤᠨ ᠠᠩᠬᠠᠳᠤᠭᠠᠷ ᠬᠤᠭᠤᠴᠠᠭᠠᠨ ᠤ ᠬᠠᠲᠤᠨ ᠭᠤᠣᠯ ᠤᠨ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠰᠠᠷ᠎ᠠ ᠦᠪᠡᠳᠡᠭᠰᠢ ᠶᠡᠭᠡ ᠪᠠᠷ ᠡᠬᠢᠯᠡᠪᠡ︕
ᠨᠡᠶᠢᠲᠡᠯᠡᠭᠰᠡᠨ ᠴᠠᠭ᠄
2024/9/2
     ᠨᠢᠭᠡ ᠯᠡ ᠤᠳᠠᠭ᠎ᠠ ᠳᠤ ᠬᠠᠲᠤᠨ ᠭᠤᠣᠯ ᠤᠨ ᠰᠠᠪᠠ ᠭᠠᠵᠠᠷ ᠤᠨ ᠶᠢᠰᠦᠨ ᠮᠤᠵᠢ ᠣᠷᠣᠨ ᠤ ᠠᠮᠲᠠᠲᠤ ᠢᠳᠡᠭᠡᠨ ᠢ ᠢᠳᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠢ ᠪᠡᠶ᠎ᠡ ᠪᠠᠷ ᠢᠶᠠᠨ ᠥᠩᠭᠡᠷᠡᠭᠦᠯᠵᠦ᠂ ᠬᠠᠲᠤᠨ ᠭᠤᠤᠯ ᠤᠨ ᠡᠷᠭᠢ ᠳᠠᠭᠠᠤ ᠣᠷᠣᠨ ᠤ ᠥᠪᠡᠷᠮᠢᠴᠡ ᠲᠠᠲᠠᠬᠤ ᠬᠦᠴᠦᠨ ᠲᠠᠢ ᠨᠤᠲᠤᠭ ᠤᠰᠤᠨ ᠤ ᠵᠠᠩ ᠥᠢᠯᠡ ᠶᠢ ᠰᠣᠨᠢᠷᠬᠠᠨ᠎ᠠ︕ 8 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ︽ᠪᠣᠳᠠᠰ ᠤᠨ ᠪᠤᠰᠤ ᠰᠣᠶᠣᠯ ᠤᠨ ᠥᠪ ᠤᠨ ᠰᠢᠨ᠎ᠡ ᠶᠢ ᠡᠭᠦᠳᠴᠦ ᠳᠤᠮᠳᠠᠳᠤ ᠶᠢᠨ ᠦᠨᠦᠷ ᠠᠮᠲᠠ ᠶᠢ ᠤᠯᠠᠮᠵᠢᠯᠠᠨ ᠵᠠᠯᠭᠠᠮᠵᠢᠯᠠᠬᠤ︾ ᠪᠠᠷ ᠭᠤᠤᠯ ᠰᠡᠳᠦᠪ ᠪᠣᠯᠭᠠᠭᠰᠠᠨ ᠪᠥᠬᠦ ᠤᠯᠤᠰ ᠤᠨ ᠠᠩᠬᠠᠳᠤᠭᠠᠷ ᠬᠤᠭᠤᠴᠠᠭᠠᠨ ᠤ ᠬᠠᠲᠤᠨ ᠭᠤᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠰᠠᠷ᠎ᠠ ᠪᠤᠭᠤᠲᠤ ᠶᠢᠨ ᠠᠯᠳᠠᠨ ᠵᠡᠭᠡᠯᠢ ᠳᠤ ᠦᠪᠡᠳᠡᠭᠰᠢ ᠶᠡᠭᠡ ᠪᠠᠷ ᠡᠬᠢᠯᠡᠪᠡ᠃      ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠳᠠᠭᠤᠤ ᠪᠥᠵᠢᠭ ᠬᠦᠷ ᠬᠥᠭᠵᠢᠶᠡᠨ ᠢᠶᠠᠷ ᠪᠢᠯᠬᠠᠵᠤ᠂ ᠬᠥᠮᠦᠨ ᠬᠠᠷ᠎ᠠ ᠦᠢᠮᠡᠯᠳᠦᠨ ᠱᠤᠤᠭᠢᠯᠳᠤᠵᠤ᠂ ᠲᠤᠬᠠᠢ ᠶᠢᠨ ᠲᠠᠯᠠᠪᠠᠢ ᠬᠦᠷ ᠬᠥᠭᠵᠢᠶᠡᠨᠲᠡᠢ᠂ ᠠᠯᠠᠭ᠎ᠠ ᠲᠠᠰᠢᠯᠳᠠ ᠶᠢᠨ ᠲᠠᠭᠤᠨ ᠨᠢᠵᠢᠭᠢᠨᠡᠵᠦ᠂ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠨ᠎ᠠ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠵᠠᠩ ᠸᠧᠨ ᠵᠢᠶᠦ᠋ᠨ᠂ ᠱᠠᠨᠰᠢ ᠮᠤᠵᠢ ᠶᠢᠨ ᠰᠣᠶᠣᠯ ᠵᠢᠭᠤᠯᠴᠢᠯᠠᠯ ᠤᠨ ᠲᠢᠩᠬᠢᠮ ᠤᠨ ᠪᠣᠳᠠᠰ ᠤᠨ ᠪᠤᠰᠤ ᠰᠣᠶᠣᠯ ᠤᠨ ᠥᠪ ᠤᠨ ᠭᠠᠵᠠᠷ ᠤᠨ ᠳᠠᠷᠤᠭ᠎ᠠ ᠵᠣᠣ ᠶᠠᠨ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠧᠤ ᠴᠢᠶᠠᠩ᠂ ᠪᠤᠭᠤᠲᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠪᠠ ᠰᠢᠶᠣᠤ ᠸᠧᠨ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠪᠢᠨ᠂ ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠦ᠋ ᠮᠢᠨ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠠᠷᠤᠭ᠎ᠠ ᠭᠦᠸᠧ ᠶᠥᠩ᠂ ᠥᠪᠥᠷ ᠮᠣᠩᠭᠤᠯ ᠤᠨ ᠤᠷᠠᠯᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠯᠢᠦ ᠰᠢᠶᠣᠤ ᠹᠧᠩ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠵᠣᠣ ᠴᠢᠶᠣᠤ ᠧ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠯᠢᠦ ᠰᠢᠶᠠᠨ ᠬᠤᠩ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶᠠᠨ ᠤ ᠳᠡᠳ᠋ ᠳᠠᠷᠤᠭ᠎ᠠ ᠰᠢᠤᠢ ᠵᠢᠶᠠᠨ ᠵᠢᠶᠦ᠋ᠨ ᠠᠵᠢᠯᠯᠠᠭ᠎ᠠ ᠳᠤ ᠣᠷᠣᠯᠴᠠᠵᠠᠶ᠃      ᠳ᠋ᠦᠩ ᠾᠧ ᠲᠣᠭᠤᠷᠢᠭ ᠤᠨ ᠬᠤᠷᠢᠶᠠᠨ ᠤ ᠱᠦᠵᠢ ᠸᠠᠩ ᠷᠦᠢ᠂ ᠳ᠋ᠦᠩ ᠾᠧ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠᠨ ᠫᠢᠩ᠂ ᠳ᠋ᠦᠩ ᠾᠧ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠪᠠᠢ ᠵᠢᠢ ᠸᠧᠨ ᠵᠢᠴᠢ ᠠᠬ᠎ᠠ ᠳᠡᠭᠦᠦ ᠬᠤᠰᠢᠭᠤ ᠰᠢᠶᠠᠨ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠳ᠋ᠦᠩ ᠾᠧ ᠲᠣᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠢ᠃
     ᠬᠠᠲᠤᠨ ᠭᠤᠣᠯ ᠮᠤᠷᠤᠯᠵᠠᠨ ᠰᠤᠨᠤᠯᠵᠠᠵᠤ᠂ ᠶᠢᠰᠦᠨ ᠮᠤᠵᠢ ᠣᠷᠣᠨ ᠢ ᠬᠥᠨᠳᠡᠯᠢᠰᠴᠦ᠂ ᠰᠦᠷ ᠳᠠᠯᠠᠶᠢᠴᠠᠲᠠᠢ ᠳᠣᠷᠣᠨ᠎ᠠ ᠶᠢᠨ ᠤᠷᠤᠰᠬᠠᠯ ᠨᠢ ᠳᠤᠮᠳᠠᠳᠤ ᠶᠢᠨ ᠪᠣᠯᠪᠠᠰᠤᠨ ᠤ ᠥᠯᠥᠭᠡᠢ ᠪᠣᠯᠬᠤ ᠪᠠᠷ ᠪᠠᠷᠠᠬᠤ ᠦᠭᠡᠢ᠂ ᠨᠡᠩ ᠴᠤ ᠪᠣᠳᠠᠰ ᠤᠨ ᠪᠤᠰᠤ ᠰᠣᠶᠣᠯ ᠤᠨ ᠥᠪ ᠤᠨ ᠲᠥᠪᠯᠡᠷᠡᠭᠰᠡᠨ ᠭᠠᠵᠠᠷ ᠪᠣᠯᠤᠨ᠎ᠠ᠃ ᠡᠷᠭᠢ ᠳᠠᠭᠠᠤ ᠶᠢᠨ ᠶᠢᠰᠦᠨ ᠮᠤᠵᠢ ᠣᠷᠣᠨ᠂ 33 ᠲᠤᠰᠬᠠᠶ ᠣᠷᠣᠨ ᠤ ᠳᠡᠰ ᠤᠨ ᠬᠤᠲᠠ᠂ ᠥᠪᠡᠷ ᠥᠪᠡᠷ ᠤᠨ ᠬᠡᠪ ᠨᠠᠮᠪᠠ ᠲᠠᠢ᠂ ᠠᠮᠲᠠᠲᠤ ᠢᠳᠡᠭᠡᠨ ᠡᠭᠦᠯᠡ ᠮᠡᠲᠦ᠂ ᠪᠣᠳᠠᠰ ᠤᠨ ᠪᠤᠰᠤ ᠰᠣᠶᠣᠯ ᠤᠨ ᠥᠪ‌ᠬᠠᠷᠠᠭ᠎ᠠ ᠲᠠᠲᠠᠮ᠎ᠠ ᠰᠠᠶᠢᠬᠠᠨ ᠪᠠᠶᠢᠨ᠎ᠠ᠃ ᠬᠠᠳᠤᠨ ᠭᠤᠤᠯ ᠤᠨ ᠰᠣᠶᠣᠯ᠂ ᠪᠣᠳᠠᠰ ᠤᠨ ᠪᠤᠰᠤ ᠰᠣᠶᠣᠯ ᠤᠨ ᠥᠪ ᠢ ᠨᠠᠩ ᠰᠠᠶᠢᠨ ᠤᠬᠠᠭᠤᠯᠬᠤ ᠶᠢᠨ ᠲᠥᠯᠥᠭᠡ᠂ ᠣᠷᠣᠨ ᠪᠦᠰᠡ ᠶᠢᠨ ᠶᠡᠭᠡ ᠨᠡᠶᠢᠯᠡᠮᠡᠯ ᠬᠦᠴᠦᠨ᠂ ᠶᠡᠭᠡ ᠨᠠᠶᠢᠷᠠᠯ ᠳᠠᠭᠤᠤ ᠶᠢ ᠪᠦᠷᠢᠯᠳᠦᠭᠦᠯᠦᠨ᠎ᠡ᠂ ᠲᠣᠰ ᠤᠳᠠᠭᠠᠨ ᠤ ᠠᠵᠢᠯᠯᠠᠭ᠎ᠠ ᠶᠢ ᠰᠣᠶᠣᠯ ᠵᠢᠭᠤᠯᠴᠢᠯᠠᠯ ᠤᠨ ᠶᠠᠮᠤᠨ ᠠᠴᠠ ᠵᠢᠯᠣᠭᠤᠳᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠪᠡ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠬᠤᠷᠢᠶ᠎ᠠ᠂ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠪᠡ᠂ ᠠᠵᠢᠯᠯᠠᠭ᠎ᠠ ᠨᠢ 8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 30 ᠤ ᠡᠳᠦᠷ ᠪᠣᠯᠲᠠᠯ᠎ᠠ᠂ ᠭᠤᠴᠢᠨ ᠡᠳᠦᠷ ᠥᠩᠭᠡᠷᠡᠵᠡᠶ᠂ ᠡᠭᠦᠨ ᠳᠤ ᠬᠠᠲᠤᠨ ᠭᠤᠣᠯ ᠤᠨ ᠰᠠᠪᠠ ᠭᠠᠵᠠᠷ ᠤᠨ ᠶᠢᠰᠦᠨ ᠮᠤᠵᠢ ︵ᠬᠥᠬᠡᠨᠠᠭᠤᠷ ᠮᠤᠵᠢ᠂ ᠰᠧᠴᠤᠸᠠᠨ ᠮᠣᠵᠢ᠂ ᠭᠠᠨᠰᠦ ᠮᠣᠵᠢ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠱᠠᠨᠰᠢ ᠮᠣᠵᠢ᠂ ᠱᠠᠨ ᠰᠢ ᠮᠤᠵᠢ᠂ ᠾᠧᠨᠠᠨ ᠮᠤᠵᠢ᠂ ᠱᠠᠨᠳᠦ᠋ᠩ ᠮᠤᠵᠢ︶ ᠵᠢᠴᠢ ᠣᠨᠴᠠ ᠤᠷᠢᠭᠰᠠᠨ ᠪᠡᠭᠡᠵᠢᠩ ᠬᠤᠲᠠ ᠶᠢᠨ ᠤᠯᠤᠰ ᠤᠨ ᠳᠡᠰ᠂ ᠮᠤᠵᠢ ᠶᠢᠨ ᠲᠡᠰ ᠤᠨ ᠤᠯᠠᠮᠵᠢᠯᠠᠯᠲᠤ ᠤᠷ᠎ᠠ ᠮᠡᠷᠭᠡᠰᠢᠯ ᠤᠨ ᠲᠥᠷᠥᠯ᠂ ᠤᠯᠠᠮᠵᠢᠯᠠᠯᠲᠤ ᠳᠠᠭᠤᠤ ᠬᠥᠭᠵᠢᠮ᠂ ᠤᠯᠠᠮᠵᠢᠯᠠᠯᠲᠤ ᠪᠥᠵᠢᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠬᠤᠳᠠᠯᠳᠤᠭᠠᠴᠢᠨ᠂ ᠰᠣᠶᠣᠯ ᠤᠨ ᠡᠭᠦᠳᠦᠯᠲᠡ ᠶᠢᠨ ᠠᠵᠤ ᠠᠬᠤᠶᠢᠯᠠᠯ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠬᠤᠶᠠᠷ ᠵᠠᠭᠤ ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠂ ᠵᠠᠭᠤ ᠭᠠᠷᠤᠢ ᠪᠣᠳᠠᠰ ᠤᠨ ᠪᠤᠰᠤ ᠰᠣᠶᠣᠯ ᠤᠨ ᠥᠪ ᠤᠨ ᠲᠦᠷᠦᠯ ᠵᠦᠢᠯ ᠢ ᠪᠤᠭᠤᠲᠤ ᠶᠢᠨ ᠠᠯᠳᠠᠨ ᠵᠡᠭᠡᠯᠢ ᠳᠤ ᠳᠡᠯᠭᠡᠨ ᠦᠵᠡᠭᠦᠯᠪᠡ᠂ ᠬᠠᠳᠤᠨ ᠭᠤᠤᠯ ᠤᠨ ᠦᠯᠢᠭᠡᠷ ᠢ ᠬᠠᠮᠲᠤ ᠪᠠᠷ ᠰᠠᠶᠢᠲᠤᠷ ᠶᠠᠷᠢᠵᠤ᠂ ᠲᠡᠦᠬᠡ ᠶᠢᠨ ᠰᠤᠳᠠᠰᠤ ᠶᠢ ᠵᠠᠯᠭᠠᠮᠵᠢᠯᠠᠶ᠎ᠠ᠃
      ᠪᠦᠬᠦ᠋ᠢᠯᠡ ᠠᠵᠢᠯᠯᠠᠭ᠎ᠠ ᠨᠢ ︽1 + 5 + N︾ ᠳᠡᠯᠭᠡᠨ ᠦᠵᠡᠭᠦᠯᠬᠦ ᠵᠠᠭᠪᠤᠷ ᠢ ᠨᠠᠷᠢᠯᠢᠭ ᠲᠥᠰᠦᠪᠯᠡᠵᠦ ᠂ ᠠᠯᠲᠠᠨ ᠵᠡᠭᠡᠯᠢ ᠶᠢᠨ ᠠᠮᠲᠠᠲᠤ ᠢᠳᠡᠭᠡᠨ ᠤ ᠵᠢᠭᠤᠯᠴᠢᠯᠠᠯ ᠤᠨ ᠬᠥᠳᠡᠯᠭᠡᠬᠦ ᠱᠤᠭᠤᠮ ᠢᠶᠠᠷ᠂ ︽ᠬᠡᠯᠡᠨ ᠤ ᠦᠵᠦᠭᠦᠷ ᠂ ᠤᠷᠠᠨ ᠮᠡᠷᠭᠡᠵᠢᠯ᠂ ᠨᠢᠳᠦ ᠪᠠᠶᠠᠰᠬᠠᠬᠤ᠂ ᠠᠶᠠᠯᠭᠤ᠂ ᠠᠮᠢᠳᠤᠯᠢᠭ︾ ᠲᠠᠪᠤᠨ ᠶᠡᠭᠡ ᠪᠣᠳᠠᠰ ᠤᠨ ᠪᠤᠰᠤ ᠰᠣᠶᠣᠯ ᠤᠨ ᠥᠪ ᠤᠨ ᠭᠤᠤᠯ ᠰᠡᠳᠦᠪᠲᠦ ᠬᠡᠰᠡᠭ ᠢ ᠬᠤᠯᠪᠣᠵᠤ᠂ ᠲᠠᠪᠤᠨ ᠨᠢᠭᠡ ᠥᠷᠲᠡᠭᠡ ᠮᠠᠶ᠋ᠢᠭ ᠤᠨ ᠬᠢᠯᠠᠰ ᠴᠡᠭ ᠢᠶᠠᠷ ᠬᠠᠷᠢᠯᠴᠠᠨ ᠬᠥᠳᠡᠯᠦᠯᠴᠡᠵᠦ ᠺᠠᠷᠲ ᠴᠣᠬᠢᠬᠤ ᠣᠷᠣᠨ ᠢ ᠪᠠᠭᠲᠠᠭᠠᠵᠤ᠂ N ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠠᠵᠢᠯᠯᠠᠭ᠎ᠠ ᠶᠢ ᠠᠭᠤᠰᠤᠯᠴᠠᠭᠤᠯᠵᠤ᠂ ᠵᠢᠭᠤᠯᠴᠢᠯᠠᠭᠴᠢᠳ ᠲᠤ ᠠᠮᠲᠠᠲᠤ ᠢᠳᠡᠭᠡᠨ ᠢ ᠠᠮᠲᠠᠯᠠᠭᠤᠯᠬᠤ ᠶᠢᠨ ᠬᠠᠮᠲᠤ ᠪᠠᠰᠠ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠷᠢᠳᠢ ᠰᠢᠳᠢ ᠶᠢ ᠭᠦᠨᠵᠡᠭᠡᠶ ᠪᠡᠶᠡᠴᠢᠯᠡᠨ ᠣᠶᠢᠯᠠᠭᠠᠭᠤᠯᠵᠠᠶ᠃
     ᠠᠵᠢᠯᠯᠠᠭᠠᠨ ᠤ ᠲᠤᠬᠠᠢ ᠶᠢᠨ ᠲᠠᠯᠠᠪᠠᠢ ᠳᠤ ᠬᠥᠮᠦᠰ ᠦᠢᠮᠡᠯᠳᠦᠨ ᠱᠤᠤᠭᠢᠯᠳᠤᠵᠤ ᠪᠠᠶᠢᠯ᠎ᠠ᠃ ᠪᠤᠭᠤᠲᠤ ᠶᠢᠨ ᠠᠯᠳᠠᠨ ᠵᠡᠭᠡᠯᠢ ᠶᠢᠨ ︽ᠬᠡᠯᠡᠨ ᠤ ᠦᠵᠦᠭᠦᠷ᠂ ᠪᠣᠳᠠᠰ ᠤᠨ ᠪᠤᠰᠤ ᠰᠣᠶᠣᠯ ᠤᠨ ᠥᠪ︾ ᠤᠨ ᠠᠮᠲᠠᠲᠤ ᠢᠳᠡᠭᠡᠨ ᠤ ᠲᠣᠭᠤᠷᠢᠭ ᠲᠤ ᠣᠷᠣᠪᠠᠯ᠂ ᠡᠯ᠎ᠡ ᠭᠠᠵᠠᠷ ᠠᠴᠠ ᠬᠦᠷᠦᠯᠴᠡᠨ ᠢᠷᠡᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠤᠯᠠᠮᠵᠢᠯᠠᠨ ᠵᠠᠯᠭᠠᠮᠵᠢᠯᠠᠭᠴᠢᠳ ᠥᠪᠡᠷ ᠤᠨ ᠠᠪᠢᠶᠠᠰ ᠴᠢᠳᠠᠪᠤᠷᠢ ᠪᠠᠨ ᠭᠠᠶᠢᠬᠠᠭᠤᠯᠵᠤ᠂ ᠰᠧᠴᠤᠸᠠᠨ ᠤ ᠭᠤᠱᠤᠭᠤᠨ ᠬᠠᠯᠠᠭᠤᠨ ᠲᠣᠭᠤᠭ᠎ᠠ ᠠᠴᠠ ᠱᠠᠨᠰᠢ ᠶᠢᠨ ᠲᠣᠰᠣᠨ ᠳᠤ ᠪᠤᠴᠠᠯᠭᠠᠭᠰᠠᠨ ᠭᠤᠯᠢᠷ ᠬᠦᠷᠲᠡᠯ᠎ᠡ᠂ ᠱᠠᠨᠳᠦ᠋ᠩ ᠤᠨ ᠬᠠᠭᠠᠷᠢᠭᠰᠠᠨ ᠪᠤᠤᠪᠤ ᠵᠢᠮᠢᠰ ᠠᠴᠠ ᠥᠪᠥᠷ ᠮᠣᠩᠭᠤᠯ ᠤᠨ ᠴᠢᠨᠠᠭᠰᠠᠨ ᠮᠢᠬ᠎ᠠ ᠬᠦᠷᠲᠡᠯ᠎ᠡ᠂ ᠢᠳᠡᠭᠡᠨ ᠪᠣᠯᠭᠠᠨ ᠳᠤ ᠴᠥᠮ ᠣᠷᠣᠨ ᠨᠤᠲᠤᠭ ᠤᠨ ᠰᠣᠶᠣᠯ ᠤᠨ ᠣᠬᠢ ᠰᠣᠳᠣ ᠶᠢ ᠠᠭᠤᠯᠵᠤ᠂ ᠲᠡᠳᠡᠭᠡᠷ ᠣᠨ ᠵᠢᠯ ᠤᠨ ᠤᠬᠢᠶᠠᠯ ᠢ ᠥᠩᠭᠡᠷᠡᠭᠦᠯᠦᠭᠰᠡᠨ ᠪᠣᠯᠪᠠᠴᠤ ᠮᠥᠨ ᠯᠡ ᠭᠡᠷᠡᠯ ᠰᠠᠴᠤᠷᠠᠩᠭᠤᠶ ᠤᠯᠠᠮᠵᠢᠯᠠᠯᠲᠤ ᠠᠮᠲᠠᠲᠤ ᠢᠳᠡᠭᠡᠨ ᠤ ᠤᠷ᠎ᠠ ᠮᠡᠷᠭᠡᠵᠢᠯ ᠢ ᠳᠡᠯᠭᠡᠨ ᠦᠵᠡᠭᠦᠯᠵᠦ᠂ ᠠᠯᠬᠤᠮ ᠪᠦᠷᠢ ᠳᠤᠨᠢ ᠴᠥᠮ ᠤᠯᠠᠮᠵᠢᠯᠠᠯᠲᠤ ᠬᠦᠨᠳᠦᠳᠬᠡᠯ ᠪᠠ ᠬᠠᠶᠢᠷ᠎ᠠ ᠰᠡᠳᠬᠢᠯᠭᠡ ᠰᠢᠩᠭᠡᠵᠦ᠂ ᠵᠢᠭᠤᠯᠴᠢᠯᠠᠭᠴᠢᠳ ᠲᠡᠳᠡᠨ ᠤ ᠳᠤᠮᠳᠠᠭᠤᠷ ᠲᠡᠨᠦᠵᠦ᠂ ᠵᠠᠷᠢᠮ ᠨᠢ ᠠᠮᠲᠠᠲᠤ ᠢᠳᠡᠭᠡᠨ ᠢ ᠲᠡᠰᠬᠡᠯ ᠥᠬᠡᠶ ᠠᠮᠲᠠᠯᠠᠵᠤ᠂ ᠰᠡᠳᠬᠢᠯ ᠬᠠᠨᠤᠮᠵᠢᠲᠠᠶ ᠮᠠᠭᠲᠠᠭᠠᠯ ᠰᠠᠶᠢᠰᠢᠶᠠᠯ ᠢᠶᠠᠨ ᠢᠯᠡᠳᠬᠡᠵᠦ ᠪᠠᠶᠢᠯ᠎ᠠ᠃ ᠵᠠᠷᠢᠮ ᠨᠢ ᠤᠯᠠᠮᠵᠢᠯᠠᠭᠴᠢ ᠶᠢᠨ ᠥᠢᠯᠡᠳᠬᠦ ᠶᠠᠪᠤᠴᠠ ᠶᠢ ᠨᠠᠮ ᠵᠢᠮ ᠬᠠᠷᠠᠵᠤ᠂ ᠴᠢᠷᠠᠶ ᠳᠤᠨᠢ ᠪᠠᠶᠠᠷ ᠪᠠᠭ᠋ᠠᠳᠤᠯ ᠪᠠ ᠪᠢᠰᠢᠷᠡᠯ ᠬᠦᠨᠳᠦᠳᠬᠡᠯ ᠤᠨ ᠢᠨᠢᠶᠡᠮᠰᠦᠭᠯᠡᠯ ᠲᠣᠳᠣᠷᠠᠨ᠎ᠠ᠃
     ︽ᠡᠨᠡ ᠪᠣᠯ ᠮᠢᠨᠦ ᠠᠩᠬ᠎ᠠ ᠤᠳᠠᠭ᠎ᠠ ᠢᠮᠦ ᠬᠥᠳᠡᠯᠭᠡᠭᠡᠨ ᠳᠤ ᠣᠷᠣᠯᠴᠠᠵᠤ ᠪᠠᠶᠢᠨ᠎ᠠ᠂ ᠦᠨᠡᠬᠡᠷ ᠬᠥᠮᠦᠨ ᠢ ᠰᠣᠴᠢᠭᠠᠮ᠎ᠠ︕ ᠤᠯᠠᠭᠠᠨᠴᠠᠪ ᠠᠴᠠ ᠢᠷᠡᠭᠰᠡᠨ ᠨᠢᠭᠡᠨ ᠵᠢᠭᠤᠯᠴᠢᠯᠠᠭᠴᠢ ᠮᠧᠩ ᠳ᠋ᠦᠩ ᠮᠢᠩ ᠰᠡᠳᠬᠢᠯ ᠳᠣᠭᠳᠣᠯᠤᠨ ᠄ ︽ᠪᠢ ᠬᠡᠳᠦᠨ ᠵᠥᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠢ ᠠᠮᠲᠠᠯᠠᠭᠰᠠᠨ᠂ ᠵᠥᠢᠯ  ᠪᠦᠷᠢ ᠨᠢ ᠴᠥᠮ ᠲᠡᠭᠦᠨ ᠤ ᠥᠪᠡᠷᠮᠢᠴᠡ ᠣᠨᠴᠠᠯᠢᠭ ᠪᠠ ᠥᠯᠢᠭᠡᠷ ᠲᠠᠢ ᠪᠠᠶᠢᠵᠤ᠂ ᠨᠠᠳᠠ ᠳᠤ ᠠᠳᠠᠯᠢ ᠪᠤᠰᠤ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠪᠠ ᠲᠠᠨᠢᠯᠲᠠ ᠲᠠᠢ ᠪᠣᠯᠭᠠᠵᠠᠶ︾ ᠭᠡᠪᠡ᠃
     ︽ᠠᠶᠠᠯᠭᠤ᠂ ᠪᠣᠳᠠᠰ ᠤᠨ ᠪᠤᠰᠤ ᠰᠣᠶᠣᠯ ᠤᠨ ᠥᠪ︾ ᠤᠨ ᠲᠣᠭᠯᠠᠯᠲᠠ ᠶᠢᠨ ᠲᠣᠭᠤᠷᠢᠭ ᠲᠤ᠂ ᠪᠤᠭᠤᠲᠤ ᠬᠤᠳᠠ ᠶᠢᠨ ᠥᠪᠡᠷᠮᠢᠴᠡ ᠣᠨᠴᠠᠯᠢᠭ ᠲᠠᠢ ᠤᠯᠠᠮᠵᠢᠯᠠᠯᠲᠤ ᠲᠣᠭᠯᠠᠯᠲᠠ ᠶᠢᠨ ᠡᠩᠨᠡᠭᠡ᠂ ᠲᠠᠪᠴᠠᠩ᠂ ᠵᠡᠭᠡᠯᠢ ᠪᠠᠷ ᠲᠣᠭᠤᠷᠢᠨ ᠵᠤᠭᠠᠴᠠᠬᠤ ᠵᠡᠷᠭᠡ ᠠᠷᠭ᠎ᠠ ᠬᠡᠯᠪᠡᠷᠢ ᠪᠠᠷ ᠪᠠᠶᠠᠯᠢᠭ ᠰᠠᠶᠢᠬᠠᠨ ᠲᠣᠭᠯᠠᠯᠲᠠ ᠭᠠᠷᠭᠠᠵᠤ᠂ ᠵᠤᠭᠠᠴᠠᠭᠰᠠᠳ ᠠᠮᠲᠠᠲᠤ ᠢᠳᠡᠭᠡᠨ ᠢ ᠠᠮᠲᠠᠯᠠᠬᠤ ᠶᠢᠨ ᠬᠠᠮᠲᠤ᠂ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ ᠳᠠᠭᠤᠤ ᠬᠥᠭᠵᠢᠮ ᠪᠣᠯᠤᠨ ᠬᠠᠳᠤᠨ ᠭᠤᠣᠯ ᠤᠨ ᠰᠠᠪᠠ ᠭᠠᠵᠠᠷ ᠤᠨ ᠰᠣᠶᠣᠯ ᠤᠨ ᠰᠣᠯᠢᠯᠴᠠᠭᠠᠨ ᠤ ᠥᠳᠬᠡᠨ ᠵᠤᠵᠠᠭᠠᠨ ᠠᠭᠤᠷ ᠠᠮᠢᠰᠬᠤᠯ ᠳᠤ ᠰᠣᠭᠲᠣᠭᠤᠷᠠᠨ᠎ᠠ᠃ ︽ᠨᠢᠭᠡ ᠲᠠᠯ᠎ᠠ ᠪᠠᠷ ᠠᠮᠲᠠᠲᠤ ᠢᠳᠡᠭᠡᠨ ᠢᠳᠡᠵᠦ᠂ ᠨᠢᠭᠡ ᠲᠠᠯ᠎ᠠ ᠪᠠᠷ ᠭᠤᠶᠤ ᠰᠠᠶᠢᠬᠠᠨ ᠲᠣᠭᠯᠠᠯᠲᠠ ᠶᠢ ᠰᠣᠨᠢᠷᠬᠠᠵᠤ᠂ ᠡᠶᠢᠮᠦ ᠲᠥᠷᠥᠭᠳᠡᠯ ᠨᠢ ᠲᠤᠩ ᠭᠤᠶᠤ᠂ ᠶᠠᠭ ᠡᠷᠲᠡᠨ ᠤ ᠬᠥᠷ ᠨᠠᠷᠭᠢᠶᠠᠨ ᠲᠠᠢ ᠵᠠᠬ᠎ᠠ ᠳᠡᠯᠭᠡᠭᠦᠷ ᠲᠤ ᠬᠦᠷᠦᠭᠰᠡᠨ ᠰᠢᠭ︾ ᠭᠡᠵᠦ ᠨᠢᠭᠡᠨ ᠵᠤᠭᠠᠴᠠᠭᠴᠢ ᠰᠣᠭᠲᠣᠭᠤᠷᠠᠨ ᠬᠡᠯᠡᠵᠦ ᠪᠠᠶᠢᠯ᠎ᠠ᠃
     ︽ᠤᠷᠠᠨ ᠮᠡᠷᠭᠡᠵᠢᠯ᠂ ᠪᠣᠳᠠᠰ ᠤᠨ ᠪᠤᠰᠤ ᠰᠣᠶᠣᠯ ᠤᠨ ᠥᠪ︾ ᠢ ᠪᠡᠶᠡᠴᠢᠯᠡᠨ ᠣᠶᠢᠯᠠᠭᠠᠬᠤ ᠲᠣᠭᠤᠷᠢᠭ ᠲᠤ ᠬᠦᠷᠴᠦ ᠢᠷᠡᠬᠦ ᠳᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢᠨ ᠭᠠᠷ ᠲᠠᠬᠢ ᠵᠡᠭᠦᠦ ᠤᠲᠠᠰᠤ ᠪᠥᠰ ᠢᠶᠠᠷ ᠰᠦᠯᠵᠢᠵᠦ᠂ ᠨᠠᠷᠢᠯᠢᠭ ᠰᠠᠶᠢᠬᠠᠨ ᠬᠡ ᠤᠭᠠᠯᠵᠠ ᠶᠢ ᠤᠷᠠᠯᠠᠨ ᠪᠦᠲᠦᠭᠡᠵᠦ᠂ ᠵᠢᠭᠤᠯᠴᠢᠯᠠᠭᠴᠢᠳ ᠲᠡᠷᠡ ᠳᠠᠷᠤᠶ ᠳᠤᠨᠢ ᠨᠠᠷᠢᠯᠢᠭ ᠰᠠᠶᠢᠬᠠᠨ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠳᠤ ᠲᠠᠲᠠᠭᠳᠠᠪᠠ᠃ ᠠᠳᠡ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠵᠤᠭᠠᠴᠠᠭᠰᠠᠳ ᠲᠠᠢ ᠨᠢᠭᠤᠷᠳᠠᠨ ᠶᠠᠷᠢᠯᠴᠠᠵᠤ᠂ ᠲᠤᠬᠠᠢ ᠶᠢᠨ ᠲᠠᠯᠠᠪᠠᠢ ᠳᠤ ᠬᠢᠴᠢᠶᠡᠯ ᠣᠷᠣᠵᠤ᠂ ᠤᠯᠠᠮᠵᠢᠯᠠᠨ ᠰᠤᠷᠴᠤ᠂ ᠴᠠᠭᠠᠰᠤᠨ ᠬᠠᠶᠢᠴᠢᠯᠠᠮᠠᠯ᠂ ᠬᠠᠳᠬᠤᠮᠠᠯ ᠠᠴᠠ ᠰᠡᠶᠢᠯᠦᠮᠡᠯ ᠪᠣᠯᠤᠨ ᠵᠢᠷᠤᠭ ᠵᠢᠷᠤᠬᠤ ᠬᠦᠷᠲᠡᠯ᠎ᠡ᠂ ᠤᠷ᠎ᠠ ᠮᠡᠷᠭᠡᠵᠢᠯ ᠨᠢᠭᠡᠪᠦᠷᠢ ᠨᠢ ᠴᠥᠮ ᠭᠦᠨ ᠵᠤᠵᠠᠭᠠᠨ ᠰᠣᠶᠣᠯ ᠤᠨ ᠠᠭᠤᠯᠤᠭᠳᠠᠬᠤᠨ ᠪᠣᠯᠤᠨ ᠲᠡᠦᠬᠡ ᠶᠢᠨ ᠦᠯᠢᠭᠡᠷ ᠢ ᠠᠴᠢᠶᠠᠯᠠᠵᠤ ᠪᠠᠶᠢᠳᠠᠭ᠃
     ︽ᠬᠠᠷᠠᠭ᠎ᠠ ᠪᠠᠶᠠᠰᠬᠠᠮ᠎ᠠ᠂ ᠪᠣᠳᠠᠰ ᠤᠨ ᠪᠤᠰᠤ ᠰᠣᠶᠣᠯ ᠤᠨ ᠥᠪ︾ ᠤᠨ ᠴᠤᠭᠯᠠᠭ᠎ᠠ ᠮᠠᠶᠢᠮᠠᠢ ᠶᠢᠨ ᠲᠣᠭᠤᠷᠢᠭ ᠲᠤ ᠰᠢᠯᠵᠢᠪᠡᠯ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯᠴᠢ ᠦᠢᠯᠡᠳᠬᠦᠨ ᠬᠠᠷᠠᠭ᠎ᠠ ᠪᠤᠯᠢᠶᠠᠮ᠎ᠠ ᠬᠠᠷᠠᠭᠳᠠᠨ᠎ᠠ᠂ ᠨᠠᠷᠢᠯᠢᠭ ᠬᠠᠶᠢᠴᠢᠯᠠᠮᠠᠯ ᠠᠴᠠ ᠨᠠᠷᠢᠯᠢᠭ ᠬᠠᠳᠬᠤᠮᠠᠯ ᠬᠦᠷᠲᠡᠯ᠎ᠡ᠂ ᠡᠷᠲᠡᠨ ᠤ ᠸᠠᠭᠠᠷ ᠰᠠᠪᠠ ᠠᠴᠠ ᠤᠳᠤ ᠦᠶ᠎ᠡ ᠶᠢᠨ ᠵᠢᠷᠤᠭ ᠲᠥᠯᠥᠪᠯᠡᠭᠡ ᠶᠢᠨ ᠪᠦᠲᠦᠭᠡᠯᠴᠢ ᠰᠣᠶᠣᠯ ᠤᠨ ᠪᠦᠲᠦᠭᠡᠭᠳᠡᠬᠦᠨ ᠬᠦᠷᠲᠡᠯ᠎ᠡ᠂ ᠪᠦᠲᠦᠭᠡᠯ ᠨᠢᠭᠡᠪᠦᠷᠢ ᠨᠢ ᠴᠥᠮ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠪᠣᠯᠤᠨ ᠤᠳᠤ ᠦᠶ᠎ᠡ ᠶᠢᠨ ᠭᠤᠸ᠎ᠠ ᠲᠠᠭᠠᠰᠢᠶᠠᠯ ᠤᠨ ᠲᠡᠭᠦᠰ ᠰᠠᠶᠢᠬᠠᠨ ᠥᠢᠯᠡᠳᠦᠯ ᠪᠣᠯᠤᠨ᠎ᠠ᠂ ᠵᠤᠭᠠᠴᠠᠭᠰᠠᠳ ᠡᠯ᠎ᠡ ᠳᠡᠯᠭᠡᠴᠡ ᠶᠢᠨ ᠡᠮᠦᠨ᠎ᠡ ᠵᠣᠭᠰᠣᠨ ᠰᠣᠨᠢᠷᠬᠠᠵᠤ᠂ ᠥᠪᠡᠷ ᠤᠨ ᠪᠠᠭ᠋ᠠᠷᠬᠠᠳᠠᠭ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢᠶᠠᠨ ᠰᠢᠯᠢᠨ ᠰᠣᠩᠭᠤᠵᠤ᠂ ᠶᠠᠭ ᠯᠠ ᠲᠡᠦᠬᠡ ᠶᠢᠨ ᠶᠠᠷᠢᠯᠴᠠᠭ᠎ᠠ᠂ ᠰᠣᠶᠣᠯ ᠲᠠᠢ ᠬᠠᠷᠢᠯᠴᠠᠨ ᠬᠦᠷᠢᠶᠡᠯᠡᠭᠳᠡᠵᠦ ᠪᠠᠶᠢᠭ᠎ᠠ ᠮᠡᠲᠦ ᠪᠤᠯᠭᠠᠵᠠᠢ᠃
     ᠬᠤᠯᠠ ᠥᠬᠡᠶ ᠭᠠᠵᠠᠷ ᠲᠤ᠂ ︽ᠠᠮᠢᠳᠤᠯᠢᠭ᠂ ᠪᠣᠳᠠᠰ ᠤᠨ ᠪᠤᠰᠤ ᠰᠣᠶᠣᠯ ᠤᠨ ᠥᠪ︾ ᠤᠨ ᠴᠠᠶ ᠶᠢᠨ ᠰᠣᠶᠣᠯ ᠤᠨ ᠣᠷᠣᠨ ᠨᠢ ᠦᠶ ᠣᠯᠠᠨ ᠵᠤᠭᠠᠴᠠᠭᠰᠠᠳ ᠲᠤ ᠪᠡᠶᠡᠴᠢᠯᠡᠨ ᠣᠶᠢᠯᠠᠭᠠᠬᠤ ᠭᠠᠵᠠᠷ᠂ ᠲᠦᠮᠡᠨ ᠭᠠᠵᠠᠷ ᠤᠨ ᠴᠠᠶ ᠶᠢᠨ ᠰᠣᠶᠣᠯ᠂ ᠴᠠᠶ ᠬᠢᠬᠦ ᠤᠷ᠎ᠠ ᠮᠡᠷᠭᠡᠵᠢᠯ ᠵᠢᠴᠢ ᠴᠠᠶ ᠶᠢᠨ ᠰᠣᠶᠣᠯ ᠤᠨ ᠬᠠᠮᠢᠶ᠎ᠠ ᠪᠥᠬᠦᠶ ᠵᠠᠩ ᠵᠠᠩᠰᠢᠯ ᠢ ᠠᠳᠡ ᠲᠦᠭᠡᠮᠡᠯᠵᠢᠭᠦᠯᠵᠡᠶ᠂ ᠡᠨᠡ ᠬᠦ ᠨᠠᠮ ᠵᠢᠮ ᠭᠠᠷᠠᠮ ᠪᠤᠯᠤᠩ ᠳᠤ᠂ ᠴᠠᠶ ᠶᠢᠨ ᠤᠷᠠᠯᠢᠭᠴᠢᠨ ᠴᠠᠶ ᠴᠢᠨᠠᠬᠤ ᠤᠷ᠎ᠠ ᠮᠡᠷᠭᠡᠵᠢᠯ ᠢ ᠭᠤᠶᠢᠳᠠ ᠰᠠᠶᠢᠬᠠᠨ ᠳᠡᠯᠭᠡᠨ ᠦᠵᠡᠭᠦᠯᠵᠦ᠂ ᠴᠠᠶ ᠶᠢᠨ ᠠᠩᠬᠢᠯᠤᠮ᠎ᠠ ᠦᠨᠦᠷ ᠢ ᠬᠥᠮᠦᠰ ᠲᠤ ᠡᠷᠲᠡᠨ ᠤ ᠴᠠᠶ ᠶᠢᠨ ᠵᠠᠮ ᠤᠨ ᠶᠢᠷᠲᠢᠨᠴᠦ ᠳᠤ ᠲᠠᠯᠪᠢᠭᠰᠠᠨ ᠮᠡᠲᠦ ᠪᠣᠯᠭᠠᠵᠤ᠂ ᠵᠢᠭᠤᠯᠴᠢᠳ ᠴᠠᠶ ᠶᠢᠨ ᠰᠢᠷᠡᠭᠡᠨ ᠤ ᠡᠮᠦᠨ᠎ᠡ ᠲᠣᠭᠤᠷᠢᠨ ᠰᠠᠭᠤᠵᠤ᠂ ᠴᠠᠶ ᠶᠢᠨ ᠠᠩᠬᠢᠯᠤᠮ᠎ᠠ ᠦᠨᠦᠷ ᠢ ᠨᠠᠮ ᠵᠢᠮ ᠠᠮᠲᠠᠯᠠᠭᠤᠯᠵᠤ᠂ ᠴᠠᠶ ᠶᠢᠨ ᠰᠣᠶᠣᠯ ᠤᠨ ᠥᠷᠭᠡᠨ ᠳᠡᠯᠭᠡᠷ ᠭᠦᠨ ᠭᠦᠨᠵᠡᠭᠡᠶ ᠶᠢ ᠮᠡᠳᠡᠷᠡᠭᠦᠯᠵᠦ ᠪᠠᠶᠢᠨ᠎ᠠ᠃    ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠰᠠᠷ᠎ᠠ ᠶᠢᠨ ᠬᠥᠰᠢᠭᠡ ᠶᠢᠨ ᠦᠪᠡᠳᠡᠭᠰᠢ ᠶᠡᠭᠡ ᠪᠠᠷ ᠡᠬᠢᠯᠡᠬᠦ ᠶᠢ ᠳᠠᠭᠠᠯᠳᠤᠨ᠂ ᠢᠷᠡᠭᠡᠳᠦᠶ ᠶᠢᠨ ᠨᠢᠭᠡ ᠰᠠᠷ᠎ᠠ ᠳᠤ᠂ ᠠᠳᠡᠬᠢ ᠨᠢ ᠪᠣᠳᠠᠰ ᠤᠨ ᠪᠤᠰᠤ ᠰᠣᠶᠣᠯ ᠤᠨ ᠥᠪ ᠪᠣᠯᠤᠨ ᠣᠲᠣ ᠦᠶ᠎ᠡ ᠶᠢᠨ ᠠᠮᠢᠳᠤᠷᠠᠯ ᠤᠨ ᠠᠭᠤᠰᠤᠯᠴᠠᠯ ᠤᠨ ᠬᠥᠭᠦᠷᠭᠡ ᠪᠣᠯᠵᠣ᠂ ᠵᠤᠭᠠᠴᠠᠭᠰᠠᠳ ᠨᠢᠭᠡᠪᠦᠷᠢ ᠳᠤ ᠴᠥᠮ ᠰᠡᠳᠬᠢᠯ ᠬᠥᠳᠡᠯᠭᠡᠮ᠎ᠡ ᠪᠣᠳᠠᠰ ᠤᠨ ᠪᠤᠰᠤ ᠰᠣᠶᠣᠯ ᠤᠨ ᠥᠪ ᠤᠨ ᠥᠯᠢᠭᠡᠷ ᠢ ᠣᠶᠢᠯᠠᠭᠠᠭᠤᠯᠬᠤ ᠪᠣᠯᠤᠨ᠎ᠠ᠃ ︽ᠡᠨᠡ ᠤᠳᠠᠭᠠᠨ ᠤ ᠠᠵᠢᠯᠯᠠᠭ᠎ᠠ ᠨᠢ ᠨᠠᠮ᠎ᠠ ᠶᠢ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠶ ᠰᠢᠨ᠎ᠡ ᠲᠠᠨᠢᠯᠲᠠ ᠲᠠᠢ ᠪᠣᠯᠭᠠᠵᠠᠶ᠃ ᠳ᠋ᠦᠩ ᠾᠧ ᠲᠣᠭᠤᠷᠢᠭ ᠤᠨ ᠲᠤᠰ ᠭᠠᠵᠠᠷ ᠤᠨ ᠵᠤᠭᠠᠴᠠᠭᠰᠠᠳ ᠹᠧᠩ ᠢᠦᠢ ᠰᠤᠷᠪᠤᠯᠵᠢᠯᠠᠭ᠎ᠠ ᠬᠦᠯᠢᠶᠡᠬᠦ ᠳᠡᠭᠡᠨ᠂ ︽ᠪᠣᠳᠠᠰ ᠤᠨ ᠪᠤᠰᠤ ᠰᠣᠶᠣᠯ ᠤᠨ ᠥᠪ ᠨᠢ ᠡᠷᠲᠡᠨ ᠤ ᠤᠷ᠎ᠠ ᠮᠡᠷᠭᠡᠵᠢᠯ ᠲᠡᠳᠦᠢ ᠦᠭᠡᠢ᠂ ᠨᠡᠩ ᠴᠤ ᠨᠢᠭᠡ ᠵᠦᠢᠯ ᠤᠨ ᠠᠮᠢᠳᠤᠷᠠᠯ ᠤᠨ ᠣᠪᠣᠷ ᠪᠠ ᠵᠣᠷᠢᠭ ᠰᠠᠨᠠᠭᠠᠨ ᠤ ᠤᠯᠠᠮᠵᠢᠯᠠᠯ ᠪᠣᠯᠤᠨ᠎ᠠ᠂ ᠡᠶᠢᠮᠦᠷᠬᠦ ᠠᠵᠢᠯᠯᠠᠭ᠎ᠠ ᠨᠢ ᠤᠯᠠᠮ ᠠᠴᠠ ᠤᠯᠠᠮ ᠣᠯᠠᠰᠢᠷᠠᠵᠤ᠂ ᠨᠡᠩ ᠤᠯᠠᠨ ᠭᠠᠳᠠᠷ ᠣᠷᠣᠨ ᠤ ᠵᠤᠭᠠᠴᠠᠭᠰᠠᠳ ᠲᠤ ᠪᠤᠭᠤᠲᠤ ᠳᠤ ᠬᠠᠷᠢᠶᠠᠯᠠᠭᠳᠠᠬᠤ ᠪᠣᠳᠠᠰ ᠤᠨ ᠪᠤᠰᠤ ᠰᠣᠶᠣᠯ ᠤᠨ ᠥᠪ ᠢ ᠤᠢᠢᠯᠠᠭᠠᠭᠤᠯᠬᠤ ᠪᠠ ᠤᠯᠠᠮᠵᠢᠯᠠᠬᠤ ᠶᠢ ᠪᠢ ᠬᠦᠰᠡᠵᠦ ᠪᠠᠶᠢᠨ᠎ᠠ︾ ᠭᠡᠪᠡ᠃
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1