ᠳ᠋ᠦᠩ ᠾᠧ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/9/2
     ᠨᠢᠭᠡ᠂ ᠡᠨᠡ ᠬᠦ ᠲᠥᠷᠥ ᠶᠢᠨ ᠪᠣᠳᠣᠯᠭ᠎ᠠ ᠶᠢᠨ ᠣᠳᠣᠬᠠᠨ ᠤ ᠬᠠᠮᠤᠭ ᠤᠨ ᠰᠢᠨ᠎ᠡ ᠪᠢᠴᠢᠭ ᠮᠠᠲ᠋ᠧᠷᠢᠶᠠᠯ ᠨᠢ ᠶᠠᠭᠤ ᠪᠣᠯᠬᠤ ᠶᠢ ᠣᠶᠢᠯᠠᠭᠠᠬᠤ︖      1.︽ᠪᠥᠬᠦ ᠬᠤᠲᠠ ᠶᠢᠨ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠶᠢ ᠬᠤᠲᠠ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠠᠵᠢᠯ ᠢ ᠠᠬᠢᠭᠤᠯᠬᠤ ᠲᠤᠬᠠᠶ ᠮᠡᠳᠡᠭᠳᠡᠯ︾ (包医保发〔2022〕101号)      2.︽︿ᠪᠤᠭᠤᠲᠤ ᠬᠤᠲᠠ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠲᠤᠰᠠᠯᠠᠮᠵᠢ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾(包财社〔2023〕213号)      3.︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠪᠠᠷ ᠠᠪᠤᠷᠠᠨ ᠲᠤᠰᠠᠯᠠᠬᠤ ᠶᠢ ᠭᠠᠷᠲᠠᠨ ᠭᠦᠶ᠋ᠴᠡᠳᠬᠡᠬᠦ ᠬᠠᠮᠢᠶᠠᠷᠤᠯᠲᠠ ᠶᠢᠨ ᠳᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾(内医保险发〔2024〕1号)     ᠬᠤᠶᠠᠷ᠂ ᠪᠣᠳᠠᠲᠠᠶ ᠠᠭᠤᠯᠭ᠎ᠠ ᠨᠢ ᠶᠠᠭᠤ ᠪᠣᠶ︖      ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠠᠪᠤᠷᠠᠨ ᠲᠤᠰᠠᠯᠠᠬᠤ ᠡᠲᠡᠭᠡᠳ ᠲᠤ ᠡᠮ ᠡᠮᠨᠡᠯᠭᠡ ᠶᠢᠨ ᠲᠤᠰᠠᠯᠠᠮᠵᠢ ᠦᠵᠡᠭᠦᠯᠦᠨ᠎ᠡ᠃      ᠭᠤᠷᠪᠠ᠂ ᠬᠡᠷᠡᠭᠯᠡᠭᠳᠡᠬᠦ ᠡᠲᠡᠭᠡᠳ ᠵᠢᠴᠢ ᠵᠣᠭᠤᠰ ᠢᠶᠠᠷ ᠲᠤᠰᠠᠯᠠᠬᠤ ᠪᠠᠷᠢᠮᠵᠢᠶ᠎ᠠ ᠨᠢ ᠶᠠᠭᠤ ᠪᠣᠶ︖      ︵ᠨᠢᠭᠡ︶ ᠡᠮ ᠡᠮᠨᠡᠯᠭᠡ ᠶᠢᠨ ᠠᠪᠤᠷᠠᠨ ᠲᠤᠰᠠᠯᠠᠬᠤ ᠵᠠᠷᠤᠳᠠᠯ ᠤᠨ ᠬᠡᠪᠴᠢᠶ᠎ᠡ᠃ ᠡᠭᠦᠨ ᠳᠤ ᠠᠪᠤᠷᠠᠨ ᠲᠤᠰᠠᠯᠠᠬᠤ ᠡᠲᠡᠭᠡᠳ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠭᠰᠠᠨ ᠵᠠᠷᠤᠳᠠᠯ᠂ ᠤᠳᠠᠭᠠᠨ ᠴᠢᠨᠠᠷᠲᠠᠶ ᠡᠪᠡᠳᠴᠢᠨ ᠳᠤ ᠤᠷᠲᠤ ᠬᠤᠭᠤᠴᠠᠭ᠎ᠠ ᠪᠠᠷ ᠡᠮ ᠤᠤᠭᠤᠬᠤ ᠪᠤᠶᠤ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠨ ᠠᠴᠠ ᠪᠣᠯᠵᠤ ᠤᠷᠲᠤ ᠬᠤᠭᠤᠴᠠᠭ᠎ᠠ ᠪᠠᠷ ᠡᠭᠦᠳᠡᠨ ᠡᠮᠨᠡᠯᠭᠡ ᠳᠤ ᠡᠮᠨᠡᠭᠦᠯᠬᠦ ᠴᠢᠬᠤᠯᠠᠲᠠᠶ ᠵᠠᠷᠤᠳᠠᠯ ᠪᠠᠭᠲᠠᠨ᠎ᠠ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠥᠭᠬᠦ ᠱᠤᠭᠤᠮ ᠠᠴᠠ ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠬᠤᠪᠢ ᠬᠥᠮᠦᠨ ᠤ ᠥᠪᠡᠷ ᠢᠶᠠᠨ ᠥᠭᠬᠦ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠠᠪᠤᠷᠠᠨ ᠲᠤᠰᠠᠯᠠᠯᠲᠠ ᠳᠤ ᠣᠷᠣᠭᠤᠯᠤᠨ᠎ᠠ᠃      ︵ᠬᠤᠶᠠᠷ︶ ᠡᠬᠢᠯᠡᠵᠦ ᠥᠭᠬᠦ ᠪᠠᠷᠢᠮᠵᠢᠶ᠎ᠠ᠃ ᠤᠳᠠᠭᠠᠨ ᠴᠢᠨᠠᠷᠲᠠᠶ ᠡᠪᠡᠳᠴᠢᠨ ᠠᠴᠠ ᠪᠣᠯᠵᠣ ᠣᠷᠳᠣ ᠬᠤᠭᠤᠴᠠᠭ᠎ᠠ ᠪᠠᠷ ᠡᠮ ᠤᠤᠭᠤᠬᠤ ᠪᠤᠶᠤ ᠣᠨᠴᠠ ᠬᠦᠨᠳᠦ ᠡᠪᠡᠳᠴᠢᠨ ᠳᠤ ᠨᠡᠷᠪᠡᠭᠳᠡᠵᠦ ᠣᠷᠳᠣ ᠬᠤᠭᠤᠴᠠᠭ᠎ᠠ ᠪᠠᠷ ᠡᠭᠦᠳᠡᠨ ᠡᠮᠨᠡᠯᠭᠡ ᠳᠤ ᠡᠮᠨᠡᠭᠦᠯᠬᠦ ᠴᠢᠬᠤᠯᠠᠲᠠᠶ ᠪᠠᠶᠢᠪᠠᠯ ︵ᠡᠭᠦᠨ ᠠᠴᠠ ᠬᠤᠶᠢᠰᠢ ᠡᠭᠦᠳᠡᠨ ᠡᠮᠨᠡᠯᠭᠡ ᠶᠢᠨ ᠠᠪᠤᠷᠠᠨ ᠲᠤᠰᠠᠯᠠᠯᠲᠠ ᠭᠡᠵᠦ ᠲᠣᠪᠴᠢᠯᠠᠨ᠎ᠠ︶᠂ ᠣᠨᠴᠠ ᠬᠦᠴᠢᠷᠳᠡᠯᠲᠡᠶ ᠬᠥᠮᠦᠰ ᠲᠤ ᠡᠬᠢᠯᠡᠵᠦ ᠥᠭᠬᠦ ᠪᠠᠷᠢᠮᠵᠢᠶ᠎ᠠ ᠲᠣᠭᠲᠠᠭᠠᠬᠤ ᠥᠬᠡᠶ᠃ ᠥᠨᠥᠴᠢᠨ ᠬᠡᠦᠬᠡᠳ ᠵᠢᠴᠢ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠬᠤ ᠠᠴᠠ ᠡᠮᠦᠨ᠎ᠡ ᠠᠬᠠᠮᠠᠳ ᠨᠠᠮ ᠤᠨ ᠭᠡᠰᠢᠭᠦᠨ ᠤ ᠡᠭᠦᠳᠡᠨ ᠡᠮᠨᠡᠯᠭᠡ ᠳᠤ ᠠᠪᠤᠷᠠᠨ ᠲᠤᠰᠠᠯᠠᠬᠤ ᠳᠤ ᠡᠬᠢᠯᠡᠵᠦ ᠥᠭᠬᠦ ᠪᠠᠷᠢᠮᠵᠢᠶ᠎ᠠ ᠨᠢ 100 ᠲᠥᠭᠦᠷᠢᠭ ᠪᠣᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠰᠢᠨᠵᠢᠬᠦ ᠡᠲᠡᠭᠡᠳ ︵ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠶᠢ ᠬᠢᠨᠠᠨ ᠰᠢᠨᠵᠢᠬᠦ ᠡᠲᠡᠭᠡᠳ᠂ ᠳᠠᠬᠢᠨ ᠶᠠᠳᠠᠭᠤᠷᠠᠬᠤ ᠠᠴᠠ ᠪᠣᠯᠵᠣ ᠶᠠᠳᠠᠭᠤᠷᠠᠭᠰᠠᠨ ᠡᠷᠦᠬᠡ︶᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠶᠢᠨ ᠬᠥᠪᠡᠭᠡᠨ ᠳᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ᠂ ᠡᠪᠡᠳᠴᠢᠨ ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ ᠢ ᠡᠭᠦᠳᠡᠨ ᠡᠮᠨᠡᠯᠭᠡ ᠳᠤ ᠠᠪᠤᠷᠠᠨ ᠲᠤᠰᠠᠯᠠᠬᠤ ᠳᠤ ᠡᠬᠢᠯᠡᠵᠦ ᠥᠭᠬᠦ ᠪᠠᠷᠢᠮᠵᠢᠶ᠎ᠠ ᠨᠢ 400 ᠲᠥᠭᠦᠷᠢᠭ ᠪᠣᠯᠤᠨ᠎ᠠ᠃ ᠡᠮᠨᠡᠯᠭᠡ ᠳᠤ ᠰᠠᠭᠤᠵᠤ ᠠᠪᠤᠷᠠᠨ ᠲᠤᠰᠠᠯᠠᠬᠤ ᠲᠠᠯ᠎ᠠ ᠪᠠᠷ᠂ ᠣᠨᠴᠠ ᠬᠦᠴᠢᠷᠳᠡᠯᠲᠡᠶ ᠬᠥᠮᠦᠰ ᠲᠤ ᠡᠬᠢᠯᠡᠵᠦ ᠥᠭᠬᠦ ᠪᠠᠷᠢᠮᠵᠢᠶ᠎ᠠ ᠲᠣᠭᠲᠠᠭᠠᠬᠤ ᠥᠬᠡᠶ᠃ ᠥᠨᠥᠴᠢᠨ ᠬᠡᠦᠬᠡᠳ ᠵᠢᠴᠢ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠬᠤ ᠠᠴᠠ ᠡᠮᠦᠨ᠎ᠡ ᠠᠬᠠᠮᠠᠳ ᠨᠠᠮ ᠤᠨ ᠭᠡᠰᠢᠭᠦᠨ ᠤ ᠡᠮᠨᠡᠯᠭᠡ ᠳᠤ ᠰᠠᠭᠤᠵᠤ ᠠᠪᠤᠷᠠᠨ ᠲᠤᠰᠠᠯᠠᠬᠤ ᠳᠤ ᠡᠬᠢᠯᠡᠵᠦ ᠥᠭᠬᠦ ᠪᠠᠷᠢᠮᠵᠢᠶ᠎ᠠ ᠨᠢ 100 ᠲᠥᠭᠦᠷᠢᠭ ᠪᠣᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠰᠢᠯᠭᠠᠬᠤ ᠡᠲᠡᠭᠡᠳ ︵ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠶᠢ ᠬᠢᠨᠠᠨ ᠰᠢᠯᠭᠠᠬᠤ ᠡᠲᠡᠭᠡᠳ᠂ ᠳᠠᠬᠢᠨ ᠶᠠᠳᠠᠭᠤᠷᠠᠬᠤ ᠠᠴᠠ ᠪᠣᠯᠵᠣ ᠶᠠᠳᠠᠭᠤᠷᠠᠭᠰᠠᠨ ᠡᠷᠦᠬᠡ︶᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠬᠥᠪᠡᠭᠡᠨ ᠳᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠡᠮᠨᠡᠯᠭᠡ ᠳᠤ ᠰᠠᠭᠤᠵᠤ ᠠᠪᠤᠷᠠᠨ ᠲᠤᠰᠠᠯᠠᠬᠤ ᠳᠤ ᠡᠬᠢᠯᠡᠵᠦ ᠥᠭᠬᠦ ᠪᠠᠷᠢᠮᠵᠢᠶ᠎ᠠ 4940 ᠲᠥᠭᠦᠷᠢᠭ ᠪᠣᠯᠤᠨ᠎ᠠ᠃ ᠡᠪᠡᠳᠴᠢᠨ ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ ᠢ ᠡᠮᠨᠡᠯᠭᠡ ᠳᠤ ᠰᠠᠭᠤᠯᠭᠠᠵᠤ ᠠᠪᠤᠷᠠᠨ ᠲᠤᠰᠠᠯᠠᠬᠤ ᠳᠤ ᠡᠬᠢᠯᠡᠵᠦ ᠪᠤᠳᠤᠬᠤ ᠪᠠᠷᠢᠮᠵᠢᠶ᠎ᠠ ᠨᠢ 12350 ᠲᠥᠭᠦᠷᠢᠭ ᠪᠣᠯᠤᠨ᠎ᠠ᠃       ︵ᠭᠤᠷᠪᠠ︶ ᠬᠠᠮᠤᠭ ᠤᠨ ᠶᠡᠭᠡ ᠥᠭᠬᠦ ᠬᠢᠵᠠᠭᠠᠷ ᠲᠤᠭ᠎ᠠ᠃ ᠠᠪᠤᠷᠠᠨ ᠲᠤᠰᠠᠯᠠᠬᠤ ᠡᠲᠡᠭᠡᠳ ᠤᠨ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠵᠤ ᠠᠪᠤᠷᠠᠨ ᠲᠤᠰᠠᠯᠠᠬᠤ ᠳᠤ ᠣᠨ ᠤ ᠠᠪᠤᠷᠠᠨ ᠲᠤᠰᠠᠯᠠᠬᠤ ᠶᠢ ᠨᠡᠶᠢᠲᠡ 10 ᠲᠦᠮᠡᠨ ᠲᠥᠭᠦᠷᠢᠭ ᠢᠶᠠᠷ ᠬᠢᠵᠠᠭᠠᠷᠯᠠᠨ᠎ᠠ᠃       ︵ᠳᠥᠷᠪᠡ︶ ᠠᠪᠤᠷᠠᠨ ᠲᠤᠰᠠᠯᠠᠬᠤ ᠬᠠᠷᠢᠴᠠᠯ᠃ ᠣᠨ ᠤ ᠠᠪᠤᠷᠠᠨ ᠲᠤᠰᠠᠯᠠᠬᠤ ᠬᠢᠵᠠᠭᠠᠷ ᠲᠤᠭ᠎ᠠ ᠶᠢᠨ ᠳᠣᠲᠣᠷ᠎ᠠ᠂ ᠡᠭᠦᠳᠡᠨ ᠡᠮᠨᠡᠯᠭᠡ ᠶᠢᠨ ᠠᠪᠤᠷᠠᠨ ᠲᠤᠰᠠᠯᠠᠬᠤ ᠬᠡᠪᠴᠢᠶᠡᠨ ᠳᠣᠲᠣᠷᠠᠬᠢ ᠵᠠᠷᠤᠳᠠᠯ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ ᠵᠢᠴᠢ ᠠᠰᠠᠷᠠᠨ ᠲᠡᠵᠢᠭᠡᠬᠦ ᠬᠥᠮᠦᠨ ᠥᠬᠡᠶ ᠪᠣᠳᠠᠲᠠᠶ ᠬᠡᠦᠬᠡᠳ ᠲᠤ ᠪᠥᠬᠦ ᠲᠤᠭ᠎ᠠ ᠪᠠᠷ ᠠᠪᠤᠷᠠᠨ ᠲᠤᠰᠠᠯᠠᠬᠤ ᠶᠢ ᠬᠡᠷᠡᠭᠵᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ ᠢ 70 % ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠰᠢᠨᠵᠢᠬᠦ ᠡᠲᠡᠭᠡᠳ ︵ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠰᠢᠨᠵᠢᠬᠦ ᠡᠲᠡᠭᠡᠳ᠂ ᠠᠮᠠᠷᠬᠠᠨ ᠳᠠᠬᠢᠨ ᠶᠠᠳᠠᠭᠤᠷᠠᠬᠤ ᠠᠴᠠ ᠪᠣᠯᠵᠣ ᠶᠠᠳᠠᠭᠤᠷᠠᠭᠰᠠᠨ ᠡᠷᠦᠬᠡ︶᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠬᠤ ᠬᠡᠷ ᠪᠦᠯᠢ ᠶᠢᠨ ᠪᠦᠷᠢᠯᠳᠦᠬᠦᠨ᠂ ᠡᠪᠡᠳᠴᠢᠨ ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ ᠪᠠ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠬᠤ ᠠᠴᠠ ᠡᠮᠦᠨ᠎ᠡ ᠠᠬᠠᠮᠠᠳ ᠨᠠᠮ ᠤᠨ ᠭᠡᠰᠢᠭᠦᠨ ᠢ 60 % ᠶᠢᠨ ᠬᠠᠷᠢᠴᠠᠯ ᠢᠶᠠᠷ ᠠᠪᠤᠷᠠᠨ ᠲᠤᠰᠠᠯᠠᠬᠤ ᠬᠡᠷᠡᠭᠲᠡᠶ᠃ ᠣᠨ ᠤ ᠠᠪᠤᠷᠠᠨ ᠲᠤᠰᠠᠯᠠᠬᠤ ᠬᠢᠵᠠᠭᠠᠷ ᠲᠤᠭ᠎ᠠ ᠶᠢᠨ ᠳᠣᠲᠣᠷ᠎ᠠ᠂ ᠡᠮᠨᠡᠯᠭᠡ ᠳᠤ ᠰᠠᠭᠤᠬᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ ᠵᠢᠴᠢ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠲᠤ ᠪᠥᠬᠦ ᠲᠤᠭ᠎ᠠ ᠪᠠᠷ ᠠᠪᠤᠷᠠᠨ ᠲᠤᠰᠠᠯᠠᠬᠤ ᠶᠢ ᠬᠡᠷᠡᠭᠵᠢᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠰᠢᠨᠵᠢᠬᠦ ᠡᠲᠡᠭᠡᠳ ︵ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠬᠦ ᠡᠲᠡᠭᠡᠳ᠂ ᠳᠠᠬᠢᠨ ᠶᠠᠳᠠᠭᠤᠷᠠᠬᠤ ᠠᠴᠠ ᠪᠣᠯᠵᠣ ᠶᠠᠳᠠᠭᠤᠷᠠᠭᠰᠠᠨ ᠡᠷᠦᠬᠡ︶ ᠪᠣᠯᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠬᠤ ᠠᠴᠠ ᠡᠮᠦᠨ᠎ᠡ ᠠᠬᠠᠮᠠᠳ ᠨᠠᠮ ᠤᠨ ᠭᠡᠰᠢᠭᠦᠨ ᠢ 70 % ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠬᠥᠪᠡᠭᠡᠨ ᠳᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠪᠣᠯᠤᠨ ᠡᠪᠡᠳᠴᠢᠨ ᠠᠴᠠ ᠪᠣᠯᠵᠣ ᠶᠠᠳᠠᠭᠤᠷᠠᠭᠰᠠᠨ ᠬᠦᠨᠳᠦ ᠡᠪᠡᠳᠴᠢᠲᠡᠨ ᠢ 60 % ᠶᠢᠨ ᠬᠠᠷᠢᠴᠠᠯ ᠢᠶᠠᠷ ᠠᠪᠤᠷᠠᠨ ᠲᠤᠰᠠᠯᠠᠨ᠎ᠠ᠃ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠷᠢᠮᠵᠢᠶ᠎ᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠠᠷᠠᠳ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠲᠤᠯᠭᠠᠭᠤᠷᠢᠯᠠᠬᠤ ᠴᠢᠳᠠᠪᠤᠷᠢ ᠶᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠨ᠎ᠠ᠃      ᠣᠯᠠᠨ ᠳᠠᠪᠬᠤᠷ ᠪᠡᠶ᠎ᠡ ᠶᠢᠨ ᠭᠠᠷᠤᠯ ᠲᠠᠢ ᠲᠣᠰᠠᠯᠠᠬᠤ ᠡᠲᠡᠭᠡᠳ ᠲᠤ ᠪᠣᠯ ᠥᠨᠳᠥᠷ ᠪᠠᠶᠢᠯᠭᠠᠬᠤ ᠵᠠᠷᠴᠢᠮ ᠤᠨ ᠶᠣᠰᠣᠭᠠᠷ ᠡᠮᠨᠡᠯᠭᠡ ᠶᠢᠨ ᠲᠤᠰᠠᠯᠠᠬᠤ ᠣᠯᠭᠤᠮᠵᠢ ᠶᠢ ᠬᠦᠷᠲᠡᠭᠡᠨ᠎ᠡ᠂ ᠡᠨᠡᠬᠦ ᠲᠥᠷᠥ ᠶᠢᠨ ᠪᠣᠳᠣᠯᠭ᠎ᠠ ᠶᠢ ᠳᠠᠪᠬᠤᠷᠳᠠᠭᠤᠯᠤᠨ ᠬᠦᠷᠲᠡᠭᠡᠵᠦ ᠪᠣᠯᠬᠤ ᠦᠭᠡᠶ᠃
    ᠳᠥᠷᠪᠡ᠂ ᠭᠦᠢᠴᠡᠳᠭᠡᠬᠦ ᠶᠠᠪᠤᠴᠠ      ᠲᠣᠰ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠡᠮ ᠡᠮᠨᠡᠯᠭᠡ ᠶᠢᠨ ᠠᠪᠤᠷᠠᠨ ᠲᠤᠰᠠᠯᠠᠬᠤ ᠡᠲᠡᠭᠡᠳ ᠨᠢ ᠮᠠᠨ ᠤ ᠬᠤᠲᠠ ᠶᠢᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠮᠨᠡᠭᠦᠯᠵᠦ ᠪᠠᠶᠢᠪᠠᠯ᠂ ᠨᠡᠶᠢᠭᠡᠮ ᠤᠨ ᠳᠠᠭᠠᠳᠬᠠᠯ ᠤᠨ ᠺᠠᠷᠲ ᠪᠤᠶᠤ ᠡᠯᠧᠺᠲᠷᠣᠨ ᠡᠮ ᠡᠮᠨᠡᠯᠭᠡ ᠶᠢᠨ ᠳᠠᠭᠠᠳᠬᠠᠯ ᠤᠨ ᠭᠡᠷᠡᠴᠢ ᠪᠠᠷᠢᠮᠲᠠ ᠪᠠᠨ ᠠᠪᠴᠤ ᠡᠮᠨᠡᠯᠭᠡ ᠶᠢᠨ ᠬᠤᠷᠢᠶ᠎ᠠ ᠳᠤ ᠰᠢᠭᠤᠳ ᠲᠡᠰᠦᠯᠦᠨ ᠪᠤᠳᠤᠵᠤ᠂ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠢᠶᠠᠷ ᠳᠡᠮᠵᠢᠨ ᠠᠦ᠋ᠲ᠋ᠣ᠋ ᠢᠯᠭᠠᠨ ᠲᠠᠨᠢᠬᠤ ᠠᠵᠢᠯᠲᠠᠨ ᠤ ᠲᠥᠷᠥᠯ ᠢᠯᠭᠠᠯ ᠤᠨ ᠮᠡᠳᠡᠭᠡ ᠵᠠᠩᠭᠢ᠂ ᠨᠢᠭᠡ ᠬᠠᠭᠤᠳᠠᠰᠤ ᠶᠢᠨ ᠲᠦᠷᠢᠮ᠂ ᠨᠢᠭᠡ ᠥᠷᠲᠡᠭᠡ ᠮᠠᠶ᠋ᠢᠭ ᠤᠨ᠂ ᠨᠢᠭᠡ ᠴᠣᠩᠬᠤ ᠶᠢᠨ ᠮᠠᠶ᠋ᠢᠭ ᠤᠨ ᠲᠡᠰᠦᠯᠦᠨ ᠪᠤᠳᠤᠵᠤ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠲᠠ ᠶᠢᠨ ᠱᠠᠲᠤᠨ ᠠᠴᠠ ᠨᠢᠭᠡᠳᠦᠯᠲᠡᠶ ᠲᠥᠯᠥᠪᠯᠡᠵᠦ ᠲᠡᠷᠡ ᠳᠠᠷᠤᠶ ᠳᠤᠨᠢ ᠲᠡᠰᠦᠯᠦᠨ ᠪᠤᠳᠤᠨ᠎ᠠ᠃ ᠡᠮᠴᠢᠯᠡᠭᠡ ᠪᠠᠷ ᠠᠪᠤᠷᠠᠨ ᠲᠤᠰᠠᠯᠠᠬᠤ ᠡᠲᠡᠭᠡᠳ ᠤᠨᠳᠤᠤ ᠭᠠᠵᠠᠷ ᠲᠤ ᠡᠮᠨᠡᠭᠦᠯᠬᠦ ᠳᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠤᠨᠳᠤᠤ ᠭᠠᠵᠠᠷ ᠲᠤ ᠡᠮᠨᠡᠭᠦᠯᠬᠦ ᠶᠢ ᠪᠦᠷᠢᠳᠬᠡᠨ ᠳᠠᠩᠰᠠᠯᠠᠬᠤ ᠴᠤᠪᠤᠷᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠪᠦᠷᠢᠳᠬᠡᠨ ᠳᠠᠩᠰᠠᠯᠠᠭᠤᠯᠬᠤ ᠪᠠᠷ ᠳᠡᠮᠵᠢᠨ ᠰᠢᠯᠵᠢᠭᠦᠯᠦᠨ ᠡᠮᠨᠡᠭᠦᠯᠦᠭᠰᠡᠨ ᠮᠠᠨ ᠤ ᠬᠤᠲᠠ ᠶᠢᠨ ᠡᠮᠴᠢᠯᠡᠭᠡ ᠪᠠᠷ ᠠᠪᠤᠷᠠᠨ ᠲᠤᠰᠠᠯᠠᠬᠤ ᠡᠲᠡᠭᠡᠳ ᠨᠢ ᠤᠨᠳᠤᠤ ᠭᠠᠵᠠᠷ ᠤᠨ ᠡᠮᠴᠢᠯᠡᠭᠡ ᠶᠢᠨ ᠳᠠᠭᠠᠳᠬᠠᠯ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠠᠴᠠ ᠭᠠᠷᠴᠤ ᠰᠢᠭᠤᠳ ᠳ᠋ᠦᠩᠨᠡᠨ ᠪᠤᠳᠤᠵᠤ ᠪᠣᠯᠤᠨ᠎ᠠ᠃ ᠤᠨᠳᠤᠤ ᠭᠠᠵᠠᠷ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠦᠯᠵᠢᠶ᠎ᠡ ᠬᠤᠯᠪᠣᠵᠤ ᠰᠢᠭᠤᠳ ᠲᠡᠰᠦᠯᠦᠨ ᠪᠤᠳᠤᠬᠤ ᠶᠢ ᠬᠠᠷᠠᠬᠠᠨ ᠨᠡᠪᠲᠡᠷᠡᠭᠦᠯᠬᠦ ᠠᠴᠠ ᠡᠮᠦᠨ᠎ᠡ᠂ ᠳᠠᠩᠰᠠᠯᠠᠭᠤᠯᠤᠭᠰᠠᠨ ᠤ ᠳᠠᠷᠠᠭ᠎ᠠ ᠰᠢᠯᠵᠢᠭᠦᠯᠦᠨ ᠡᠮᠨᠡᠭᠦᠯᠬᠦ ᠨᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠵᠢᠴᠢ ︽ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠲᠤᠬᠠᠶ ᠬᠡᠷᠡᠭᠵᠢᠭᠦᠯᠬᠦ ᠲᠥᠰᠦᠯ ᠢ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ︾(包府办发〔2022〕163号) ᠳᠤ ᠲᠣᠭᠲᠠᠭᠠᠭᠰᠠᠨ ᠡᠮᠴᠢᠯᠡᠭᠡᠨ ᠤ ᠠᠪᠤᠷᠠᠨ ᠲᠤᠰᠠᠯᠠᠬᠤ ᠵᠠᠷᠤᠳᠠᠯ ᠢ ᠲᠤᠰ ᠬᠥᠮᠦᠨ ᠨᠢ ᠤᠷᠢᠳᠠᠪᠠᠷ ᠣᠷᠣᠯᠠᠨ ᠥᠭᠭᠦᠨ᠎ᠡ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠢᠶᠠᠷ ᠲᠠᠩᠰᠠ ᠲᠠᠶᠢᠯᠤᠭᠰᠠᠨ ᠤ ᠳᠠᠷᠠᠭ᠎ᠠ᠂ ᠡᠮᠨᠡᠯᠭᠡ ᠠᠴᠠ ᠭᠠᠷᠤᠭᠰᠠᠨ ᠪᠤᠶᠤ ᠡᠭᠦᠳᠡᠨ ᠡᠮᠨᠡᠯᠭᠡ ᠶᠢᠨ ᠡᠮᠴᠢᠯᠡᠭᠡ ᠳᠠᠭᠤᠰᠤᠭᠰᠠᠨ ᠡᠳᠦᠷ ᠠᠴᠠ ᠡᠬᠢᠯᠡᠨ ᠨᠢᠭᠡ ᠵᠢᠯ ᠤᠨ ᠳᠣᠲᠣᠷ᠎ᠠ ᠡᠷᠦᠬᠡ ᠠᠮᠠ ᠶᠢᠨ ᠲᠠᠩᠰᠠ ᠪᠠᠶᠢᠭ᠎ᠠ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠥᠢᠴᠡᠳᠭᠡᠬᠦ ᠪᠠᠶᠢᠭᠤᠯᠤᠮᠵᠢ ᠳᠤ ᠬᠦᠷᠴᠦ ᠡᠮᠴᠢᠯᠡᠭᠡᠨ ᠤ ᠠᠪᠤᠷᠠᠨ ᠲᠤᠰᠠᠯᠠᠯᠲᠠ ᠬᠢᠯᠭᠡᠬᠦ ᠪᠠᠷ ᠭᠤᠶᠤᠴᠢᠯᠠᠵᠤ᠂ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠥᠢᠴᠡᠳᠭᠡᠬᠦ ᠪᠠᠶᠢᠭᠤᠯᠤᠮᠵᠢ ᠠᠴᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠠᠪᠤᠷᠠᠨ ᠲᠤᠰᠠᠯᠠᠯᠲᠠ ᠬᠢᠵᠦ᠂ ᠡᠰᠡᠷᠭᠦᠴᠡᠰᠢ ᠥᠬᠡᠶ ᠬᠦᠴᠦᠨ ᠵᠡᠷᠭᠡ ᠣᠨᠴᠠᠭᠠᠶ ᠰᠢᠯᠲᠠᠭᠠᠨ ᠠᠴᠠ ᠪᠣᠯᠵᠣ ᠵᠣᠬᠢᠬᠤ ᠬᠡᠮᠵᠢᠶ᠎ᠡ ᠪᠠᠷ ᠤᠷᠲᠤᠳᠬᠠᠵᠤ ᠪᠣᠯᠤᠨ᠎ᠠ᠂ ᠬᠠᠮᠤᠭ ᠤᠨ ᠣᠷᠳᠣ ᠳᠠᠭᠠᠨ 3 ᠰᠠᠷ᠎ᠠ ᠠᠴᠠ ᠬᠡᠲᠦᠷᠡᠭᠦᠯᠵᠦ ᠪᠣᠯᠬᠤ ᠥᠬᠡᠶ᠃          ᠲᠠᠶᠢᠯᠪᠤᠷᠢ᠄ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠴᠠᠭ ᠲᠤᠬᠠᠶ ᠳᠤᠨᠢ ᠰᠢᠨᠡᠳᠬᠡᠪᠡᠯ᠂ ︽ᠤᠯᠤᠰ ᠤᠨ ᠡᠮᠴᠢᠯᠡᠭᠡᠨ ᠤ ᠳᠠᠭᠠᠳᠬᠠᠯ ᠤᠨ ᠥᠢᠯᠡᠴᠢᠯᠡᠭᠡᠨ ᠤ ᠲᠠᠪᠴᠠᠩ︾ ᠤᠨ APP ᠠᠴᠠ ᠪᠠᠶᠢᠴᠠᠭᠠᠨ ᠯᠠᠪᠯᠠᠵᠤ ᠪᠣᠯᠤᠨ᠎ᠠ ︵ᠣᠳᠣᠬᠠᠨ ᠤ ᠬᠡᠪᠯᠡᠯ ᠳᠤ ᠵᠥᠭᠡᠯᠡᠨ ᠲᠣᠨᠤᠭ ᠢ ᠨᠡᠭᠡᠭᠡᠵᠦ ᠠᠩᠬᠠᠨ ᠤ ᠨᠢᠭᠤᠷ ᠲᠤ ᠣᠷᠣᠭᠤᠯᠤᠭᠰᠠᠨ ᠤ ᠳᠠᠷᠠᠭ᠎ᠠ ᠪᠠᠶᠢᠴᠠᠭᠠᠨ ᠯᠠᠪᠯᠠᠬᠤ ᠥᠢᠯᠡᠴᠢᠯᠡᠭᠡ ᠳᠤ ᠰᠢᠭᠤᠳ ︽ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ︾ ᠶᠢᠨ ᠰᠣᠩᠭᠤᠯᠲᠠ ᠲᠠᠢ ᠪᠣᠯᠭᠠᠨ᠎ᠠ︶᠃      ᠲᠠᠪᠤ᠂ ᠲᠠᠶᠢᠯᠪᠤᠷᠢ      ᠲᠣᠰ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠪᠣᠯ ᠵᠥᠪᠬᠡᠨ ᠲᠣᠰ ᠲᠥᠷᠥ ᠶᠢᠨ ᠪᠣᠳᠣᠯᠭ᠎ᠠ ᠶᠢᠨ ᠭᠤᠤᠯ ᠠᠭᠤᠯᠭ᠎ᠠ ᠪᠣᠯᠤᠨ᠎ᠠ᠂ ᠲᠣᠰ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠶᠢ ᠨᠡᠶᠢᠲᠡᠯᠡᠬᠦ ᠴᠠᠭ ᠨᠢ 2024 ᠣᠨ ᠤ 8 ᠳ᠋ᠤᠭᠠᠷ ᠰᠠᠷ᠎ᠠ ᠶᠢᠨ 20 ᠤ ᠡᠳᠦᠷ᠂ ᠲᠥᠷᠥ ᠶᠢᠨ ᠪᠣᠳᠣᠯᠭ᠎ᠠ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠬᠦ ᠪᠤᠶᠤ ᠬᠤᠪᠢᠷᠠᠯᠲᠠ ᠭᠠᠷᠭᠠᠵᠤ᠂ ᠭᠥᠢᠴᠡᠳᠭᠡᠬᠦ ᠠᠷᠭ᠎ᠠ ᠮᠠᠶ᠋ᠢᠭ ᠨᠢ ᠴᠠᠭ ᠬᠤᠭᠤᠴᠠᠭ᠎ᠠ ᠶᠢᠨ ᠤᠯᠠᠷᠢᠬᠤ ᠶᠢ ᠳᠠᠭᠠᠯᠳᠤᠨ ᠬᠤᠪᠢᠷᠠᠵᠤ ᠮᠡᠳᠡᠬᠦ ᠪᠥᠭᠡᠳ ᠲᠣᠬᠢᠷᠠᠭᠤᠯᠤᠯᠲᠠ ᠬᠤᠪᠢᠷᠠᠯᠲᠠ ᠭᠠᠷᠬᠤ ᠳᠤ ᠭᠦᠷᠪᠡᠯ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠠᠷ ᠪᠠᠷᠢᠮᠵᠢᠶ᠎ᠠ ᠪᠣᠯᠭᠠᠨ᠎ᠠ᠃ ᠶᠠᠮᠠᠷᠪᠠ ᠮᠠᠳᠠᠭ ᠲᠠᠢ ᠠᠰᠠᠭᠤᠳᠠᠯ ᠪᠤᠶᠤ ᠯᠠᠪᠯᠠᠭ᠎ᠠ ᠵᠡᠷᠭᠡ ᠵᠥᠢᠯᠡᠰ ᠢ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮᠴᠢᠯᠡᠭᠡᠨ ᠤ ᠳᠠᠭᠠᠳᠬᠠᠯ ᠤᠨ ᠥᠢᠯᠡᠴᠢᠯᠡᠭᠡᠨ ᠤ ᠲᠥᠪ ︵0472-2626399︶ ᠪᠤᠶᠤ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠯᠠᠪᠯᠠᠭ᠎ᠠ ︵0472-4388696︶ ᠲᠠᠢ ᠬᠠᠷᠢᠯᠴᠠᠭᠠᠷᠠᠶ᠃
 
ᠢᠷᠡᠯᠲᠡ᠄ ᠳ᠋ᠦᠩ ᠾᠧ ᠲᠤᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1