ᠾᠧ ᠳ᠋ᠦᠩ ᠪᠠᠯᠭᠠᠰᠤ 41 ᠳ᠋ᠦ᠋ᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/9/23
   ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠠ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠣᠯᠠᠨ ᠲᠦᠮᠡᠨ ᠤ ᠤᠯᠤᠰ ᠤᠨ ᠮᠡᠳᠡᠷᠡᠮᠵᠢ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤᠳᠬᠠᠬᠤ ᠶᠢᠨ ᠬᠠᠮᠲᠤ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠡᠭᠦᠯᠳᠡᠷᠵᠢᠭᠦᠯᠵᠦ᠂ ᠬᠥᠷᠰᠢ ᠵᠡᠷᠭᠡᠯᠡᠳᠡᠭᠡ ᠶᠢᠨ ᠡᠶ᠎ᠡ ᠨᠠᠶᠢᠷᠠᠮᠳᠠᠭᠤ ᠰᠢᠯᠢᠳᠡᠭ ᠤᠯᠠᠮᠵᠢᠯᠠᠯ ᠢ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ 9 ᠰᠠᠷ᠎ᠠ ᠶᠢᠨ 21 ᠤ ᠡᠳᠦᠷ᠂ ᠤᠣ ᠢᠦᠶ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠡᠶᠡᠯᠳᠡᠭ ᠬᠥᠷᠰᠢ ᠪᠠ ᠭᠤᠸ᠎ᠠ ᠰᠠᠶᠢᠬᠠᠨ ᠢᠷᠡᠭᠡᠳᠦᠶ ᠪᠠᠨ ᠬᠠᠮᠲᠤ ᠪᠠᠷ ᠴᠣᠭᠴᠠᠯᠠᠶ᠎ᠠ︾ ᠭᠡᠬᠦ ᠭᠤᠤᠯ ᠰᠡᠳᠦᠪᠲᠦ ᠵᠣᠯ ᠵᠢᠷᠭᠠᠯᠲᠤ ᠬᠥᠷᠰᠢ ᠵᠡᠷᠭᠡᠯᠡᠳᠡᠭᠡ ᠶᠢᠨ ᠠᠵᠢᠯᠯᠠᠭ᠎ᠠ ᠵᠢᠴᠢ 41 ᠳ᠋ᠦ᠋ᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠤᠬᠠᠭᠤᠯᠭ᠎ᠠ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠡᠷᠭᠢᠯᠡᠪᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠤᠨ ᠲᠣᠭᠯᠠᠯᠲᠠ ᠭᠤᠶᠢᠳᠠ ᠰᠠᠶᠢᠬᠠᠨ ᠶᠠᠪᠤᠭᠳᠠᠵᠤ ᠪᠠᠶᠢᠯ᠎ᠠ᠃ ᠪᠥᠵᠢᠭ ︽ᠵᠣᠯ ᠵᠢᠷᠭᠠᠯᠲᠤ ᠳᠤᠮᠳᠠᠳᠤ ᠤᠯᠤᠰ ᠬᠠᠮᠲᠤ ᠪᠠᠷ ᠤᠷᠤᠭᠰᠢᠯᠠᠬᠤ︾᠂ ︽ᠡᠬᠡ ᠤᠯᠤᠰ ᠮᠠᠨᠳᠤᠲᠤᠭᠠᠢ︾᠂ ᠰᠢᠯᠦᠭ ᠤᠶᠠᠩᠭᠠᠯᠠᠨ ᠤᠩᠰᠢᠬᠤ ︽ᠰᠡᠳᠬᠢᠯ ᠤᠨ ᠦᠭᠡ ᠶᠢ ᠨᠠᠮ ᠳᠠᠭᠠᠨ ᠶᠠᠷᠢᠬᠤ︾᠂ ᠬᠤᠪᠢᠰᠬᠠᠯ ᠤᠨ ᠨᠠᠶᠢᠷᠠᠯ ᠳᠠᠭᠤᠤ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾᠂ ︽ᠨᠤᠲᠤᠭ ᠤᠨ ᠳᠠᠭᠤᠤ ᠪᠠᠨ ᠨᠠᠮ ᠳᠠᠭᠠᠨ ᠳᠠᠭᠤᠯᠠᠶ᠎ᠠ︾᠂ ᠬᠡᠦᠬᠡᠳ ᠤᠨ ᠪᠥᠵᠢᠭ ︽ᠮᠢᠨᠦ ᠰᠡᠳᠬᠢᠯ ᠳᠠᠬᠢ ᠳᠤᠮᠳᠠᠳᠤ ᠤᠯᠤᠰ︾ ᠵᠡᠷᠭᠡ ᠲᠣᠭᠯᠠᠯᠲᠠ ᠲᠠᠢ᠂ ᠪᠠᠰᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠦᠨᠳᠦᠰᠦᠲᠡᠨ ᠤ ᠪᠦᠯᠬᠦᠮᠳᠡᠯ ᠤᠨ ᠮᠡᠳᠡᠪᠡᠰᠦ ᠵᠣᠬᠢᠬᠤ ᠬᠤᠷᠠᠯ᠂ ᠤᠯᠠᠮᠵᠢᠯᠠᠯᠲᠤ ᠰᠣᠶᠣᠯ ᠮᠡᠳᠡᠯᠭᠡ ᠶᠢᠨ ᠱᠠᠩᠨᠠᠯ ᠲᠠᠢ ᠥᠷᠢᠰᠥᠯᠳᠦᠨ ᠬᠠᠷᠢᠭᠤᠯᠬᠤ ᠭᠤᠭᠴᠤᠭ᠎ᠠ ᠭᠠᠷᠭᠠᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠬᠦᠷ ᠬᠥᠭᠵᠢᠶᠡᠨ ᠲᠠᠢ ᠪᠠᠶᠢᠵᠤ᠂ ᠰᠠᠭᠤᠭᠠᠯᠢ ᠠᠷᠠᠳ ᠢᠳᠡᠪᠬᠢᠲᠡᠢ ᠣᠷᠣᠯᠴᠠᠵᠤ᠂ ᠢᠳᠡᠪᠬᠢᠲᠡᠢ ᠪᠠᠷ ᠠᠰᠠᠭᠤᠯᠲᠠ ᠬᠠᠷᠢᠭᠤᠯᠵᠠᠶ᠃    ᠳᠠᠷᠠᠭᠠᠴᠢ ᠶᠢᠨ ᠠᠯᠬᠤᠮ ᠳᠤ᠂ ᠾᠧ ᠳ᠋ᠦᠩ ᠪᠠᠯᠭᠠᠰᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠡᠩ ᠤᠯᠠᠨ ᠪᠠᠶᠠᠯᠢᠭ ᠰᠠᠶᠢᠬᠠᠨ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠪᠠᠶᠠᠷ ᠤᠨ ᠡᠳᠦᠷ ᠤᠨ ᠰᠣᠶᠣᠯ ᠢᠶᠠᠷ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠪᠣᠯᠤᠨ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠨᠡᠮᠡᠭᠳᠡᠭᠦᠯᠵᠦ᠂ ᠡᠶ᠎ᠡ ᠵᠣᠬᠢᠴᠠᠩᠭᠤᠢ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠰᠣᠶᠣᠯ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1