ᠨᠠᠨ ᠮᠧᠨ ᠸᠠᠢ ᠵᠡᠭᠡᠯᠢ ᠭᠤᠳᠤᠮᠵᠢ ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/9/23
   ᠣᠶᠢᠷ᠎ᠠ ᠳᠤ᠂ ᠨᠠᠨ ᠮᠧᠨ ᠸᠠᠢ ᠵᠡᠭᠡᠯᠢ ᠭᠤᠳᠤᠮᠵᠢ ᠬᠠᠷᠢᠶᠠᠲᠤ ᠲᠤᠭᠤᠷᠢᠭ  ᠤᠨ ᠳᠥᠷᠪᠡᠨ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ᠬᠠᠷᠢᠶᠠᠲᠤ ᠣᠷᠣᠨ ᠤ ᠳᠣᠲᠣᠷᠠᠬᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠰᠠᠷ ᠤᠨ ᠵᠠᠮ  ᠳᠤ ᠵᠣᠭᠰᠣᠭᠠᠬᠤ᠂ ᠤᠲᠠᠰᠤ ᠪᠠᠷ ᠴᠠᠬᠢᠯᠭᠠᠨ ᠴᠡᠨᠡᠭᠯᠡᠬᠦ᠂ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠬᠦ ᠵᠡᠷᠭᠡ ᠠᠰᠠᠭᠤᠳᠠᠯ ᠳᠤ ᠭᠤᠤᠯᠳᠠᠯᠭ᠎ᠠ ᠲᠠᠢ ᠵᠠᠰᠠᠯᠲᠠ ᠬᠢᠪᠠ᠃
   ᠠᠵᠢᠯᠯᠠᠭ᠎ᠠ ᠶᠢᠨ ᠳᠤᠮᠳᠠ᠂ ᠰᠠᠮᠪᠠᠷ᠎ᠠ ᠶᠢᠨ ᠰᠣᠨᠢᠨ᠂ ᠤᠷᠢᠶ᠎ᠠ ᠯᠣᠽᠦ᠋ᠩ᠂ ᠤᠬᠠᠭᠤᠯᠭ᠎ᠠ ᠶᠢᠨ ᠬᠠᠭᠤᠳᠠᠰᠤ᠂ ᠪᠣᠯᠪᠠᠰᠤᠷᠠᠭᠤᠯᠤᠯ ᠵᠡᠷᠭᠡ ᠬᠡᠯᠪᠡᠷᠢ ᠪᠠᠷ ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢ ᠵᠢᠵᠢᠭ ᠲᠣᠭᠤᠷᠢᠭ᠂ ᠬᠡᠷ ᠪᠦᠯᠢ ᠳᠤ ᠤᠬᠠᠭᠤᠯᠭ᠎ᠠ ᠬᠢᠬᠦ ᠶᠢᠨ ᠬᠠᠮᠲᠤ ᠸᠢᠴᠠᠲ ᠤᠨ ᠬᠤᠯᠪᠤᠭ᠎ᠠ ᠶᠢ ᠠᠰᠢᠭᠯᠠᠨ ᠡᠳᠦᠷ ᠪᠦᠷᠢ ᠰᠠᠭᠤᠭᠠᠯᠢ ᠠᠷᠠᠳ ᠲᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠡᠶ᠃ ᠰᠦᠯᠵᠢᠶᠡᠨ ᠤ ᠠᠵᠢᠯᠲᠠᠨ ᠬᠠᠷᠢᠶᠠᠲᠤ ᠣᠷᠣᠨ ᠤ ᠠᠰᠠᠷ ᠤᠨ ᠵᠠᠮ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠵᠣᠭᠰᠣᠭᠠᠬᠤ᠂ ᠤᠲᠠᠰᠤ ᠪᠠᠷ ᠴᠠᠬᠢᠯᠭᠠᠨ ᠴᠡᠨᠡᠭᠯᠡᠬᠦ᠂ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠬᠦ ᠶᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠂ ᠴᠡᠭᠴᠡᠯᠡᠨ ᠵᠠᠰᠠᠨ᠎ᠠ᠃    ᠲᠠᠷᠠᠭᠠᠴᠢ ᠶᠢᠨ ᠠᠯᠬᠤᠮ ᠳᠤ᠂  ᠨᠠᠨ ᠮᠧᠨ ᠸᠠᠢ  ᠵᠡᠭᠡᠯᠢ ᠭᠤᠳᠤᠮᠵᠢ ᠶᠢᠨ ᠬᠢᠨ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠦᠷᠭᠦᠯᠵᠢᠯᠡᠨ ᠪᠠᠬᠢᠵᠢᠭᠦᠯᠵᠦ᠂ ᠬᠠᠷᠢᠶᠠᠲᠤ ᠣᠷᠣᠨ ᠤ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1