ᠾᠧ ᠫᠢᠩ ᠵᠠᠮ ᠤᠨ ᠵᠡᠭᠡᠯᠢ ᠭᠤᠳᠤᠮᠵᠢ ᠶᠢᠨ ᠬᠠᠶᠢᠷ᠎ᠠ ᠬᠠᠯᠠᠮᠵᠢ ᠶᠢᠨ ᠰᠠᠨᠳᠠᠯᠢ ᠬᠠᠨᠳᠢᠪᠯᠠᠵᠤ᠂ ᠠᠷᠠᠳ ᠲᠦᠮᠡᠨ ᠳᠤ ᠦᠢᠯᠡᠴᠢᠯᠡᠬᠦ ︽ᠰᠡᠳᠬᠢᠯ ᠤᠨ ᠬᠥᠭᠦᠷᠭᠡ︾ ᠶᠢ ᠪᠣᠰᠬᠠᠪᠠ
ᠨᠡᠶᠢᠲᠡᠯᠡᠭᠰᠡᠨ ᠴᠠᠭ᠄
2024/9/23
   ᠣᠢᠷ᠎ᠠ ᠶᠢᠨ ᠡᠳᠦᠷ᠂ ᠾᠧ ᠫᠢᠩ ᠵᠠᠮ ᠤᠨ ᠵᠡᠭᠡᠯᠢ ᠭᠤᠳᠤᠮᠵᠢ ᠶᠢᠨ ᠬᠤᠸᠠᠨ ᠰᠢ ᠨᠡᠢᠭᠡᠮ ᠲᠣᠭᠤᠷᠢᠭ ᠤᠨ ᠨᠠᠮ ᠤᠨ ᠬᠤᠷᠢᠶ᠎ᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠲᠣᠬᠢᠶᠠᠯ ᠢᠶᠠᠷ ᠴᠡᠴᠡᠷᠯᠢᠭ ᠤᠨ ᠰᠠᠭᠤᠭᠠᠯᠢ ᠲᠣᠭᠤᠷᠢᠭ ᠲᠤ ᠬᠠᠢᠷ᠎ᠠ ᠬᠠᠯᠠᠮᠵᠢ ᠶᠢᠨ ᠰᠠᠭᠤᠳᠠᠯ ᠬᠠᠨᠳᠢᠪᠯᠠᠵᠤ ᠨᠡᠢᠭᠡᠮ ᠲᠣᠭᠤᠷᠢᠭ ᠤᠨ ᠨᠠᠰᠤᠲᠠᠢᠴᠤᠳ ᠲᠤ ︽ ᠰᠠᠭᠤᠬᠤ︾ ᠵᠣᠯ ᠵᠢᠷᠭᠠᠯ ᠢ ᠡᠳ᠋ᠯᠡᠭᠦᠯᠦᠨ᠎ᠡ᠃
   ᠰᠠᠭᠤᠭᠠᠯᠢ ᠠᠷᠠᠳ ᠤᠨ ᠲᠣᠭᠤᠷᠢᠭ ᠲᠤ ᠰᠡᠯᠡᠭᠦᠴᠡᠨ ᠰᠠᠨᠳᠠᠯᠢ ᠤᠭᠰᠠᠷᠠᠬᠤ ᠨᠢ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠠᠮᠠᠷᠠᠬᠤ ᠲᠠᠯᠠᠪᠤᠷ ᠬᠠᠩᠭᠠᠭᠰᠠᠨ ᠢᠶᠠᠷ ᠪᠠᠷᠠᠬᠤ ᠦᠭᠡᠢ ᠪᠠᠰᠠ ᠤᠯᠠᠨ ᠲᠦᠮᠡᠨ ᠤ ᠠᠵᠢᠯᠯᠠᠭ᠎ᠠ ᠪᠣᠯᠤᠨ ᠨᠠᠮ ᠤᠨ ᠭᠡᠰᠢᠭᠦᠨ ᠤ ᠬᠥᠮᠦᠵᠢᠯ ᠳᠤ ︽ᠤᠷᠳᠤ ᠰᠠᠨᠳᠠᠯᠢ︾᠂ ︽ᠪᠠᠨᠰᠠ ᠦᠷᠲᠡᠭᠡ︾᠂ ︽ᠰᠠᠭᠤᠭᠠᠯᠢ ᠠᠷᠠᠳ ᠤᠨ ᠲᠣᠭᠤᠷᠢᠭ ᠤᠨ ᠬᠦᠷᠢᠶ᠎ᠡ︾ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠦᠵᠡᠯ ᠰᠠᠨᠠᠭᠠᠨ ᠤ ᠲᠠᠯ᠎ᠠ ᠪᠠᠷ ᠰᠢᠨ᠎ᠡ ᠵᠢᠭᠰᠠᠭᠠᠯ ᠤᠨ ᠭᠠᠵᠠᠷ ᠪᠣᠯᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢᠨ ᠬᠠᠷᠢᠯᠴᠠᠬᠤ ᠴᠡᠭ ᠪᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠡᠭᠡᠯ ᠠᠷᠠᠳ ᠤᠨ ᠭᠡᠷ ᠲᠤ ᠬᠦᠷᠭᠡᠪᠡ᠃    ᠳᠠᠷᠠᠭᠠᠴᠢ ᠶᠢᠨ ᠠᠯᠬᠤᠮ ᠳᠤ᠂ ᠾᠧ ᠫᠢᠩ ᠵᠠᠮ ᠤᠨ ᠵᠡᠭᠡᠯᠢ ᠭᠤᠳᠤᠮᠵᠢ ᠶᠢᠨ  ᠠᠷᠠᠳ ᠲᠦᠮᠡᠨ ᠳᠤ ᠦᠢᠯᠡᠴᠢᠯᠡᠬᠦ ᠠᠵᠢᠯ  ᠢᠶᠠᠨ ᠵᠣᠷᠢᠯᠲᠠ ᠪᠠ ᠲᠤᠰᠤᠯᠲᠠ ᠪᠣᠯᠭᠠᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠠᠷᠠᠳ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ︽ᠵᠢᠵᠢᠭ ᠪᠣᠳᠠᠲᠠᠢ ᠶᠠᠪᠤᠳᠠᠯ︾ ᠢᠶᠠᠷ ᠠᠷᠠᠳ ᠤᠨ ᠠᠮᠢᠳᠤᠷᠠᠯ ᠤᠨ ︽ᠶᠡᠭᠡ ᠵᠣᠯ ᠵᠢᠷᠭᠠᠯ︾ ᠢ ᠲᠤᠰᠠᠯᠠᠭᠤᠯᠤᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1