ᠬᠤᠷᠳᠤᠨ ᠭᠤᠶᠤᠴᠢᠯᠠ︕ ᠴᠢᠮ᠎ᠠ ᠲᠠᠢ ᠬᠤᠯᠪᠣᠭᠳᠠᠬᠤ ᠨᠡᠶᠢᠭᠡᠮ ᠤᠨ ᠪᠠᠲᠤᠯᠠᠭ᠎ᠠ ᠶᠢᠨ ᠺᠠᠷᠲ ᠮᠠᠨ ᠤ ᠬᠤᠲᠠ | ᠨᠢᠭᠡᠨᠲᠡ 2022 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠨ ᠭᠤᠷᠪᠠᠳᠤᠭᠠᠷ ᠦᠶ᠎ᠡ ᠶᠢᠨ ᠨᠡᠶᠢᠭᠡᠮ ᠤᠨ | ᠪᠠᠲᠤᠯᠠᠭ᠎ᠠ ᠶᠢᠨ ᠺᠠᠷᠲ ᠢ ᠰᠣᠯᠢᠵᠤ ᠲᠠᠷᠬᠠᠭᠠᠪᠠ᠃ ᠣᠳᠣᠬᠠᠨ ᠳᠤ ᠣᠯᠠᠩᠬᠢ ᠰᠠᠭᠤᠭᠠᠯᠢ ᠠᠷᠠᠳ ᠤᠨ ᠨᠡᠶᠢᠭᠡᠮ ᠤᠨ | ᠪᠠᠲᠤᠯᠠᠭ᠎ᠠ ᠶᠢᠨ ᠺᠠᠷᠲ ᠨᠢ ᠨᠢᠭᠡᠨᠲᠡ ᠬᠤᠭᠤᠴᠠᠭ᠎ᠠ ᠨᠢ ᠲᠤᠯᠵᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠨᠢ | ᠬᠤᠭᠤᠴᠠᠭ᠎ᠠ ᠲᠤᠯᠬᠤ ᠭᠡᠵᠦ ᠪᠠᠶᠢᠭ᠎ᠠ ᠰᠠᠭᠤᠭᠠᠯᠢ ᠠᠷᠠᠳ ᠲᠣᠰ ᠬᠥᠮᠦᠨ ᠤ ᠬᠦᠴᠦᠨ ᠪᠥᠬᠦᠶ ᠬᠤᠶᠠᠳᠤᠭᠠᠷ | ᠦᠶ᠎ᠡ ᠶᠢᠨ ᠪᠡᠶ᠎ᠡ ᠶᠢᠨ ᠦᠨᠡᠮᠯᠡᠯ᠂ ᠤᠤᠯ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠨ ᠠᠪᠴᠤ ᠣᠶᠢᠷ᠎ᠠ | ᠬᠠᠪᠢ ᠶᠢᠨ ᠦᠢᠯᠡᠴᠢᠯᠡᠭᠡᠨ ᠤ ᠰᠦᠯᠵᠢᠶᠡᠨ ᠴᠡᠭ ᠲᠤ ᠬᠦᠷᠴᠦ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠰᠣᠯᠢᠬᠤ | ᠲᠤᠬᠠᠶᠢᠯᠠᠭᠰᠠᠨ ᠠᠵᠢᠯ ᠢ ᠭᠦᠢᠴᠡᠳᠭᠡᠷᠡᠢ᠃ | ᠪᠤᠭᠤᠲᠤ ᠶᠢᠨ ᠰᠢᠯᠭᠠᠭᠤᠯᠤᠭᠴᠢ᠂ 9 ᠰᠠᠷ᠎ᠠ ᠶᠢᠨ 27 ᠤ ᠡᠳᠦᠷ ᠨᠡᠷ᠎ᠡ ᠮᠡᠳᠡᠭᠦᠯᠦᠶ᠎ᠡ︕ ᠣᠢᠷ᠎ᠠ ᠳᠤ᠂ | ᠪᠤᠭᠤᠲᠤ ᠬᠤᠲᠠ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ︽ᠤᠯᠤᠰ ᠤᠨ | ᠰᠤᠷᠤᠭᠴᠢ ᠶᠢᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠷᠢᠮᠵᠢᠶ᠎ᠠ︾ ᠪᠠᠷ ᠨᠡᠷ᠎ᠡ ᠮᠡᠳᠡᠭᠦᠯᠬᠦ ᠠᠵᠢᠯ ᠨᠢᠭᠡᠨᠲᠡ | ᠡᠬᠢᠯᠡᠭᠰᠡᠨ ᠪᠥᠭᠡᠳ 9 ᠰᠠᠷ᠎ᠠ ᠶᠢᠨ 27 ᠤ ᠡᠳᠦᠷ ᠳᠠᠭᠤᠰᠤᠨ᠎ᠠ᠃ ᠰᠢᠯᠭᠠᠨ ᠲᠤᠷᠰᠢᠬᠤ ᠴᠠᠭ ᠢ 2024 ᠣᠨ ᠤ | 10 ᠰᠠᠷ᠎ᠠ ᠶᠢᠨ ᠳᠤᠮᠳᠠᠴᠢ ᠳᠤ ᠲᠣᠭᠲᠠᠭᠠᠬᠤ ᠪᠠᠷ ᠲᠣᠭᠲᠠᠭᠠᠵᠤ᠂ ᠪᠣᠳᠠᠲᠠᠶ ᠴᠠᠭ ᠢ ᠰᠢᠯᠭᠠᠭᠤᠯᠤᠭᠴᠢ ᠶᠢᠨ ᠨᠡᠷ᠎ᠡ | ᠮᠡᠳᠡᠭᠦᠯᠵᠦ ᠰᠣᠩᠭᠤᠭᠰᠠᠨ ᠬᠤᠰᠢᠭᠤ ᠰᠢᠶᠠᠨ ᠲᠣᠭᠤᠷᠢᠭ ᠢᠶᠠᠷ ᠪᠠᠷᠢᠮᠵᠢᠶ᠎ᠠ ᠪᠣᠯᠭᠠᠨ᠎ᠠ᠃ | ᠪᠠᠷᠢᠮᠵᠢᠶ᠎ᠠ ᠶᠢ ᠨᠢ ᠪᠠᠭᠤᠷᠠᠭᠤᠯ︕ ᠬᠦᠦ ᠮᠥᠩᠭᠦ ᠶᠢ ᠨᠢ ᠪᠠᠭᠤᠷᠠᠭᠤᠯ︕ ᠦᠯᠡᠳᠡᠭᠡᠯ ᠣᠷᠣᠨ ᠰᠠᠭᠤᠴᠠ ᠶᠢᠨ | ᠬᠦᠦ ᠶᠢᠨ ᠨᠤᠷᠮ᠎ᠠ ᠢ ᠪᠠᠭᠤᠷᠠᠭᠤᠯᠤᠨ᠎ᠠ︕ ᠳᠤᠮᠳᠠᠳᠤ ᠤᠯᠤᠰ ᠤᠨ ᠠᠷᠠᠳ ᠤᠨ ᠪᠠᠩᠭᠢ ᠠᠴᠠ᠂ ᠣᠷᠣᠨ | ᠰᠠᠭᠤᠴᠠ ᠶᠢᠨ ᠵᠢᠭᠡᠯᠡᠯᠭᠡ ᠶᠢᠨ ᠲᠠᠯ᠎ᠠ ᠪᠠᠷ᠂ ᠬᠠᠲᠠᠭᠠᠯᠲᠠ ᠶᠢᠨ ᠣᠷᠣᠨ ᠰᠠᠭᠤᠴᠠ ᠶᠢᠨ ᠬᠦᠦ ᠶᠢᠨ ᠨᠤᠷᠮ᠎ᠠ ᠶᠢ | ᠪᠠᠭᠤᠷᠠᠭᠤᠯᠵᠤ᠂ ᠨᠢᠭᠡᠳᠦᠯᠲᠡᠢ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ ᠳᠣᠣᠷ᠎ᠠ ᠬᠠᠷᠢᠴᠠᠯ ᠢ | ᠨᠢᠭᠡᠳᠦᠯᠲᠡᠢ ᠪᠣᠯᠭᠠᠨ᠎ᠠ ᠭᠡᠵᠦ ᠨᠡᠶᠢᠲᠡᠯᠡᠵᠡᠢ᠃ ᠬᠤᠳᠠᠯᠳᠤᠭᠠᠨ ᠤ ᠪᠠᠩᠬᠢ ᠶᠢ ᠬᠦᠲᠦᠯᠦᠨ ᠵᠢᠯᠣᠭᠤᠳᠴᠤ ᠪᠠᠶᠢᠭᠠᠳ | ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠶᠢᠨ ᠨᠤᠷᠮ᠎ᠠ ᠢ ᠰᠢᠨ᠎ᠡ ᠪᠠᠷ ᠲᠠᠷᠬᠠᠭᠠᠭᠰᠠᠨ ᠭᠡᠷ ᠤᠨ | ᠵᠢᠭᠡᠯᠡᠯᠭᠡ ᠶᠢᠨ ᠬᠦᠦ ᠶᠢᠨ ᠨᠤᠷᠮ᠎ᠠ ᠤᠨ ᠬᠠᠪᠢ ᠳᠤ ᠪᠠᠭᠤᠷᠠᠭᠤᠯᠤᠨ᠎ᠠ᠂ ᠵᠢᠱᠢᠯᠲᠡ ᠪᠠᠷ ᠳᠤᠮᠳᠠᠴᠢ ᠪᠠᠷ ᠪᠠᠷᠤᠭ 0.5 | ᠵᠠᠭᠤᠨ ᠤ ᠬᠤᠪᠢ ᠶᠢᠨ ᠴᠡᠭ ᠣᠷᠴᠢᠮ ᠪᠠᠭᠤᠷᠠᠭᠤᠯᠤᠨ᠎ᠠ᠃ ᠪᠦᠬᠦ ᠤᠯᠤᠰ ᠤᠨ ᠳᠡᠰ ᠤᠨ ᠬᠤᠶᠠᠷ ᠣᠷᠣᠨ | ᠰᠠᠭᠤᠴᠠ ᠶᠢᠨ ᠪᠠᠶᠢᠰᠢᠩ ᠤᠨ ᠬᠠᠮᠤᠭ ᠤᠨ ᠳᠣᠣᠷ᠎ᠠ ᠠᠩᠬ᠎ᠠ ᠲᠤᠰᠢᠶᠠᠬᠤ ᠬᠠᠷᠢᠴᠠᠯ ᠢ 25% ᠪᠠᠶᠢᠭᠰᠠᠨ ᠠᠴᠠ | 15 ᠳᠤ ᠬᠦᠷᠲᠡᠯ᠎ᠡ ᠳᠣᠷᠣᠭᠰᠢᠯᠠᠭᠤᠯᠵᠤ᠂ ᠨᠢᠭᠡᠳᠦᠯᠲᠡᠢ ᠠᠩᠬ᠎ᠠ ᠲᠤᠰᠢᠶᠠᠬᠤ ᠭᠡᠷ ᠪᠠ ᠬᠤᠶᠠᠳᠤᠭᠠᠷ ᠣᠷᠣᠨ | ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ ᠳᠣᠣᠷ᠎ᠠ ᠬᠠᠷᠢᠴᠠᠯ ᠢ ᠨᠢᠭᠡᠳᠦᠯᠲᠡᠢ ᠪᠣᠯᠭᠠᠨ᠎ᠠ᠃ |