ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ 1 - 8 ᠳ᠋ᠤᠭᠠᠷ ᠰᠠᠷ᠎ᠠ ᠳᠤ᠂ | ᠪᠦᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ | ᠬᠤᠭᠤᠴᠠᠭᠠᠨ ᠤ ᠬᠢ ᠠᠴᠠ 10.4% ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5. | 8 % ᠪᠠᠷ ᠳᠡᠭᠡᠭᠰᠢᠯᠡᠵᠦ᠂ ᠲᠤᠰ ᠲᠤᠰ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠤ 5.9᠂ 2.8 | ᠵᠠᠭᠤᠨ ᠤ ᠴᠡᠭ ᠥᠨᠳᠥᠷ ᠪᠣᠯᠵᠤ᠂ ᠪᠦᠬᠦ ᠬᠤᠲᠠ ᠠᠴᠠ 4.3 ᠵᠠᠭᠤᠨ ᠤ ᠴᠡᠭ ᠳᠣᠣᠷ᠎ᠠ ᠪᠣᠯᠵᠠᠢ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠰᠥᠭᠡᠷᠭᠦ | ᠪᠠᠶᠢᠭᠰᠠᠨ ᠠᠴᠠ ᠪᠠᠨ ᠡᠶᠡᠷᠭᠦ ᠪᠣᠯᠵᠤ᠂ 1 - 8 ᠳ᠋ᠤᠭᠠᠷ ᠰᠠᠷ᠎ᠠ ᠳᠤ᠂ ᠪᠥᠬᠦ ᠲᠣᠭᠤᠷᠢᠭ ᠤᠨ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1. 0 % ᠪᠠᠷ ᠨᠡᠮᠡᠭᠳᠡᠵᠦ᠂ ᠳᠡᠭᠡᠷ᠎ᠡ | ᠰᠠᠷ᠎ᠠ ᠶᠢᠨ ᠬᠢ ᠠᠴᠠ 7.5 ᠵᠠᠭᠤᠨ ᠤ ᠴᠡᠭ ᠳᠡᠭᠡᠭᠰᠢᠯᠡᠵᠦ᠂ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ | ᠣᠷᠣᠨ ᠪᠠ ᠪᠥᠬᠦ ᠬᠤᠲᠠ ᠶᠢᠨ 2.4᠂ 9.4 ᠪᠠ 14.4 ᠵᠠᠭᠤᠨ ᠤ ᠴᠡᠭ ᠳᠤᠤᠷ᠎ᠠ ᠪᠣᠯᠪᠠ᠃ | ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠪᠠᠷ ᠬᠤᠳᠠᠯᠳᠤᠭᠰᠠᠨ ᠶᠡᠷᠦᠩᠬᠡᠢ ᠲᠤᠭ᠎ᠠ | ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠤ ᠳᠤᠮᠳᠠ ᠤᠷᠤᠭᠰᠢᠯᠠᠵᠤ᠂ 1 - 8 ᠳ᠋ᠤᠭᠠᠷ ᠰᠠᠷ᠎ᠠ ᠳᠤ᠂ | ᠪᠥᠬᠦ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠥᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 125.4 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠨ᠂ | ᠨᠡᠮᠡᠭᠳᠡᠯ ᠤᠨ ᠬᠤᠷᠳᠤᠴᠠ ᠨᠢ ᠳᠡᠭᠡᠷ᠎ᠡ ᠰᠠᠷ᠎ᠠ ᠪᠠ ᠪᠥᠬᠦ ᠬᠤᠲᠠ ᠯᠤᠭ᠎ᠠ ᠲᠡᠩᠴᠡᠵᠤ᠂ ᠲᠣᠰ ᠲᠣᠰ ᠪᠥᠬᠦ ᠤᠯᠤᠰ᠂ | ᠥᠪᠡᠷᠲᠡᠭᠡᠨ ᠵᠠᠰᠠᠬᠤ ᠣᠷᠣᠨ ᠤ 1.7᠂ 0.6 ᠵᠠᠭᠤᠨ ᠤ ᠨᠢᠭᠡᠴᠢ ᠠᠴᠠ ᠥᠨᠳᠥᠷ ᠪᠣᠯᠪᠠ᠃ |