ᠰᠠᠷᠠᠴᠢᠨ ᠪᠠᠯᠭᠠᠰᠤᠨ ᠤ ᠲᠠᠷᠢᠶᠠᠴᠢᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠳᠦᠷᠰᠦ ᠪᠠᠶᠢᠳᠠᠯ ᠢ ᠪᠣᠶ ᠪᠣᠯᠭᠠᠪᠠ
ᠨᠡᠶᠢᠲᠡᠯᠡᠭᠰᠡᠨ ᠴᠠᠭ᠄
2024/9/29
     ᠵᠣᠯ ᠵᠢᠷᠭᠠᠯ ᠤᠨ ᠳᠠᠭᠤᠤ ᠶᠢ ᠳᠠᠭᠤᠯᠠᠨ ᠪᠦᠵᠢᠭᠯᠡᠵᠦ ᠡᠬᠢᠯᠡᠪᠡ᠃ 9 ᠰᠠᠷ᠎ᠠ ᠶᠢᠨ 27 ᠤ ᠣᠷᠣᠶ᠂ ᠰᠠᠷᠠᠴᠢᠨ ᠪᠠᠯᠭᠠᠰᠤᠨ ᠤ ︽ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ᠂ ᠰᠠᠷᠠᠴᠢᠨ ᠰᠢᠨ᠎ᠡ ᠬᠥᠳᠡᠭᠡ ᠲᠣᠰᠬᠤᠨ ᠤ ᠴᠤᠭ ᠵᠢᠪᠬᠤᠭ᠎ᠠ ᠶᠢ ᠢᠯᠡᠷᠡᠭᠦᠯᠬᠦ︾ ᠲᠠᠷᠢᠶᠠᠴᠢᠨ ᠤ ᠪᠡᠶ᠎ᠡ ᠶᠢᠨ ᠲᠠᠮᠢᠷ ᠤᠨ  ᠬᠦᠳᠡᠯᠭᠡᠭᠡᠨ ᠪᠤᠭᠤᠲᠤ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠲᠥᠪ ᠤᠨ ᠪᠡᠶ᠎ᠡ ᠶᠢᠨ ᠲᠠᠮᠢᠷ ᠤᠨ ᠲᠠᠯᠠᠪᠠᠶ ᠳᠤ ᠵᠢᠩᠬᠢᠨᠢ ᠪᠠᠷ ᠡᠬᠢᠯᠡᠪᠡ᠃ ᠲᠣᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠠᠷᠠᠴᠢᠨ ᠪᠠᠯᠭᠠᠰᠤᠨ ᠤ ᠬᠤᠷᠢᠶ᠎ᠠ᠂ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠰᠠᠷᠠᠴᠢᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠡᠯ᠎ᠡ ᠵᠠᠰᠠᠭ ᠵᠠᠬᠢᠷᠭᠠᠨ ᠤ ᠲᠣᠰᠬᠤᠨ᠂ ᠨᠡᠶᠢᠭᠡᠮ ᠲᠣᠭᠤᠷᠢᠭ ᠠᠴᠠ ᠳᠠᠭᠠᠭᠠᠴᠢᠯᠠᠨ ᠡᠷᠭᠢᠯᠡᠵᠦ᠂ ᠡᠯ᠎ᠡ ᠲᠣᠰᠬᠤᠨ ᠤ ᠠᠷᠠᠳ ᠨᠢᠭᠡ ᠲᠠᠩᠬᠢᠮ ᠳᠤ ᠴᠤᠭᠯᠠᠷᠠᠵᠤ᠂ ᠨᠤᠲᠤᠭ ᠤᠨ ᠠᠭᠤᠷ ᠠᠮᠢᠰᠬᠤᠯ ᠪᠢᠯᠬᠠᠭᠰᠠᠨ ᠪᠠ ᠪᠠᠶᠠᠷ ᠬᠥᠷ ᠲᠠᠢ ᠠᠭᠤᠷ ᠠᠮᠢᠰᠬᠤᠯ ᠢ ᠬᠠᠮᠲᠤ ᠪᠠᠷ ᠡᠳ᠋ᠯᠡᠨ᠎ᠡ᠃      ᠶᠣᠰᠣᠯᠠᠯ ᠤᠨ ᠠᠩᠭᠢ ᠲᠠᠯᠠᠪᠠᠢ ᠳᠤ ᠣᠷᠣᠬᠤ
     ᠲᠥᠯᠥᠭᠡᠯᠡᠭᠴᠢᠳ ᠤᠨ ᠠᠩᠭᠢ ᠲᠠᠯᠠᠪᠠᠢ ᠳᠤ ᠣᠷᠣᠬᠤ
     ᠳᠠᠭᠤᠤ ᠪᠥᠵᠢᠭ ᠤᠨ ᠲᠣᠭᠯᠠᠯᠲᠠ
     ᠲᠠᠷᠢᠶᠠᠯᠠᠩ ᠤᠨ ᠪᠦᠲᠦᠭᠡᠭᠳᠡᠭᠦᠨ ᠤ ᠲᠡᠯᠭᠡᠨ ᠦᠵᠡᠭᠦᠯᠬᠦ ᠲᠣᠭᠤᠷᠢᠭ      ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠰᠠᠷᠠᠴᠢᠨ ᠪᠠᠯᠭᠠᠰᠤ ᠪᠠᠰᠠ ᠲᠠᠯᠠᠪᠠᠢ ᠶᠢᠨ ᠳᠣᠲᠣᠷ᠎ᠠ ᠭᠠᠳᠠᠨ᠎ᠠ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ ᠭᠠᠷᠭᠠᠵᠤ᠂ ᠰᠠᠷᠠᠴᠢᠨ ᠪᠠᠯᠭᠠᠰᠤᠨ ᠤ ᠲᠠᠷᠢᠶᠠᠯᠠᠩ ᠤᠨ ᠬᠥᠭᠵᠢᠯᠲᠡ ᠶᠢᠨ ᠠᠮᠵᠢᠯᠲᠠ ᠪᠦᠲᠦᠮᠵᠢ ᠪᠣᠯᠤᠨ ᠬᠥᠳᠡᠭᠡ ᠲᠣᠰᠬᠤᠨ ᠤ ᠰᠣᠶᠣᠯ ᠤᠨ ᠷᠢᠳᠢ ᠰᠢᠳᠢ ᠶᠢ ᠳᠡᠯᠭᠡᠨ ᠦᠵᠡᠭᠦᠯᠪᠡ᠃
      ᠲᠣᠰ ᠤᠳᠠᠭᠠᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠨᠢ 9 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ ᠪᠤᠭᠤᠲᠤ ᠬᠤᠲᠠ ᠶᠢᠨ ᠠᠷᠪᠠᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠵᠤ᠂ ᠤᠷᠤᠯᠳᠤᠭᠠᠨ ᠤ ᠲᠥᠷᠥᠯ ᠵᠥᠢᠯ ᠨᠢ ᠲᠠᠷᠢᠶᠠᠯᠠᠩ ᠤᠨ ᠥᠢᠯᠡᠳᠪᠦᠷᠢᠯᠡᠯ ᠤᠨ ᠬᠦᠴᠦᠨ ᠵᠥᠢᠯ ᠢᠶᠠᠷ ᠣᠨᠴᠠᠯᠢᠭ ᠪᠣᠯᠭᠠᠨ᠂ ︽ᠬᠥᠳᠡᠭᠡ ᠲᠣᠰᠬᠤᠨ ᠤ ᠬᠥᠳᠡᠯᠮᠦᠷᠢ︾ ᠶᠢᠨ ᠤᠤᠯ ᠬᠡᠯᠪᠡᠷᠢ ᠶᠢ ᠰᠣᠨᠢᠷᠬᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠥᠢᠯ ᠪᠣᠯᠭᠠᠨ ᠬᠤᠪᠢᠷᠠᠭᠤᠯᠵᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠥᠷᠢᠰᠦᠯᠳᠦᠬᠦ ᠴᠢᠨᠠᠷ ᠢ ᠴᠢᠬᠤᠯᠠᠴᠢᠯᠠᠬᠤ ᠮᠥᠷᠲᠡᠭᠡᠨ ᠪᠠᠰᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠣᠨᠢᠷᠬᠠᠯᠲᠤ ᠴᠢᠨᠠᠷ ᠢ ᠢᠯᠡᠷᠡᠭᠦᠯᠵᠦ᠂ ᠪᠣᠶ ᠪᠥᠬᠦᠶ ᠤᠷᠤᠯᠳᠤᠭᠠᠨ ᠤ ᠲᠥᠷᠥᠯ ᠵᠥᠢᠯ ᠨᠢ ᠴᠥᠮ ᠬᠥᠳᠡᠭᠡ ᠲᠣᠰᠬᠤᠨ ᠤ ᠡᠳᠦᠷ ᠲᠤᠲᠤᠮ ᠤᠨ ᠠᠮᠢᠳᠤᠷᠠᠯ ᠠᠴᠠ ᠢᠷᠡᠯᠳᠡ ᠲᠠᠢ᠂ ᠳᠦᠷᠢᠮ ᠨᠢ ᠳᠥᠭᠦᠮ᠂ ᠰᠣᠨᠢᠷᠬᠠᠯ ᠢᠶᠠᠷ ᠳᠦᠭᠦᠷᠴᠦ᠂ ᠥᠷᠭᠡᠨ ᠣᠯᠠᠨ ᠲᠠᠷᠢᠶᠠᠴᠢᠳ ᠤᠨ ᠠᠮᠢᠳᠤᠷᠠᠯ ᠪᠠ ᠥᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠮᠠᠰᠢ ᠣᠶᠢᠷᠠᠲᠤᠵᠤ᠂ ᠬᠥᠳᠡᠭᠡ ᠲᠣᠰᠬᠤᠨ ᠤ ᠥᠪᠡᠷᠮᠢᠴᠡ ᠣᠨᠴᠠᠯᠢᠭ ᠲᠠᠢ ᠶᠤᠮ᠃ ᠤᠷᠤᠯᠳᠤᠭᠠᠨ ᠳᠤ ᠣᠷᠣᠯᠴᠠᠭᠰᠠᠳ ᠤᠷᠤᠯᠳᠤᠭᠠᠨ ᠤ ᠲᠠᠯᠠᠪᠤᠷ ᠲᠤ ᠬᠦᠴᠦ ᠬᠥᠯᠥᠰᠥ ᠪᠠᠨ ᠤᠷᠤᠰᠬᠠᠨ᠂ ᠬᠤᠷᠳᠤᠴᠠ ᠪᠠ ᠬᠦᠴᠦᠨ ᠢᠶᠠᠨ ᠠᠳᠠᠯᠢᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠪᠠ ᠰᠠᠶᠢᠨ ᠰᠠᠶᠢᠬᠠᠨ ᠠᠮᠢᠳᠤᠷᠠᠯ ᠤᠨ ᠬᠥᠭᠡᠭᠡᠴᠡᠯᠳᠦᠯ ᠢ ᠲᠠᠶᠢᠯᠪᠤᠷᠢᠯᠠᠨ᠎ᠠ᠃ ᠲᠣᠰ ᠤᠳᠠᠭᠠᠨ ᠤ ᠰᠠᠷᠠᠴᠢᠨ ᠪᠠᠯᠭᠠᠰᠤᠨ ᠤ ᠲᠠᠷᠢᠶᠠᠴᠢᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠡᠷᠬᠢᠯᠡᠭᠰᠡᠨ ᠨᠢ ᠲᠠᠷᠢᠶᠠᠴᠢᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠳᠠᠮᠵᠢᠭᠤᠯᠤᠭᠰᠠᠨ ᠢᠶᠠᠷ ᠪᠠᠷᠠᠬᠤ ᠦᠭᠡᠢ᠂ ᠵᠠᠭᠤᠨ ᠵᠢᠯ ᠤᠨ ᠲᠠᠷᠢᠶᠠᠯᠠᠬᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠪᠠᠰᠠ ᠰᠢᠨ᠎ᠡ ᠴᠠᠭ ᠦᠶ᠎ᠡ ᠶᠢᠨ ᠲᠠᠷᠢᠶᠠᠴᠢᠳ ᠤᠨ ᠢᠳᠡᠪᠬᠢᠲᠡᠶ ᠪᠠᠷ ᠤᠷᠤᠭᠰᠢᠯᠠᠨ ᠳᠠᠪᠰᠢᠬᠤ᠂ ᠥᠷᠨᠢᠭᠦᠨ ᠬᠥᠭᠵᠢᠬᠦ᠂ ᠪᠦᠯᠬᠦᠮᠳᠡᠨ ᠬᠠᠪᠰᠤᠷᠤᠯᠴᠠᠬᠤ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠪᠡᠶ᠎ᠡ ᠶᠢᠨ ᠲᠠᠮᠢᠷ ᠤᠨ ᠬᠦᠳᠡᠯᠭᠡᠭᠡᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ
 
ᠢᠷᠡᠯᠲᠡ᠄ ᠥᠨᠥᠳᠦᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1