ᠪᠦᠬᠦ ᠠᠷᠠᠳ ᠢᠶᠠᠷ ᠢᠶᠠᠨ ᠨᠣᠮ ᠤᠩᠰᠢᠬᠤ ᠨᠢ ᠵᠥᠪᠬᠡᠨ ᠤᠷᠢᠶ᠎ᠠ ᠲᠡᠳᠦᠢ ᠪᠢᠰᠢ᠂ ᠨᠡᠩ ᠴᠤ ᠨᠢᠭᠡ ᠵᠦᠢᠯ ᠤᠨ | ᠠᠮᠢᠳᠤᠷᠠᠯ ᠤᠨ ᠠᠷᠭ᠎ᠠ ᠬᠡᠯᠪᠡᠷᠢ ᠪᠠᠶᠢᠵᠤ᠂ ᠨᠢᠭᠡ ᠵᠦᠢᠯ ᠤᠨ ᠰᠣᠶᠣᠯ ᠤᠨ ᠬᠥᠭᠡᠭᠡᠴᠡᠯᠳᠦᠯ ᠪᠣᠯᠤᠨ᠎ᠠ᠃ | ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ 8 ᠰᠠᠷ᠎ᠠ - 10 ᠰᠠᠷ᠎ᠠ ᠪᠣᠯᠲᠠᠯ᠎ᠠ ᠬᠤᠶᠠᠷ | ᠪᠠᠯᠭᠠᠰᠤᠨ ᠤ 49 ᠲᠠᠯ᠎ᠠ ᠨᠤᠲᠤᠭ ᠤᠨ ᠨᠣᠮ ᠤᠨ ᠥᠷᠥᠭᠡ ᠶᠢ ᠵᠣᠬᠢᠶᠠᠨ ᠪᠠᠶᠢᠭᠤᠯᠵᠤ ︽· ᠰᠢᠨ᠎ᠡ ᠴᠠᠭ ᠦᠶ᠎ᠡ ᠶᠢᠨ | ᠬᠥᠳᠡᠭᠡ ᠲᠣᠰᠬᠤᠨ ᠤ ᠤᠩᠰᠢᠯᠭ᠎ᠠ ᠶᠢᠨ ᠤᠯᠠᠷᠢᠯ︾ ᠭᠡᠬᠦ ᠰᠢᠷᠢᠰ ᠨᠣᠮ ᠤᠩᠰᠢᠬᠤ ᠠᠵᠢᠯᠯᠠᠭ᠎ᠠ ᠶᠢ ᠥᠷᠨᠢᠭᠦᠯᠵᠦ᠂ | ᠨᠠᠩ ᠣᠯᠠᠨ ᠬᠥᠮᠦᠰ ᠲᠤ ᠤᠩᠰᠢᠯᠭ᠎ᠠ ᠶᠢᠨ ᠷᠢᠳᠢ ᠰᠢᠳᠢ ᠶᠢ ᠮᠡᠳᠡᠷᠡᠭᠦᠯᠪᠡ᠃ | | ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠮᠠᠷᠠᠯᠲᠠ ᠶᠢᠨ ᠬᠤᠭᠤᠴᠠᠭᠠᠨ ᠤ | ᠰᠤᠷᠤᠭᠴᠢᠳ ᠤᠨ ᠤᠩᠰᠢᠯᠭ᠎ᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠠᠯ᠎ᠠ ᠨᠤᠲᠤᠭ ᠤᠨ ᠨᠣᠮ ᠤᠨ | ᠥᠷᠥᠭᠡ ᠶᠢᠨ ᠰᠣᠶᠣᠯ ᠤᠨ ᠵᠢᠭᠰᠠᠭᠠᠯ ᠤᠨ ᠭᠠᠵᠠᠷ ᠤᠨ ᠦᠢᠯᠡᠴᠢᠯᠡᠭᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠰᠢᠨᠬᠤᠸᠠ ᠨᠣᠮ ᠤᠨ ᠳᠡᠯᠭᠡᠭᠦᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠠᠢ | ᠬᠠᠮᠲᠤᠷᠠᠨ ︽ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠩᠰᠢᠯᠭ᠎ᠠ ᠶᠢᠨ ᠤᠯᠠᠷᠢᠯ︾ ᠤᠨ ᠠᠵᠢᠯᠯᠠᠭ᠎ᠠ ᠶᠢᠨ | ᠬᠡᠯᠪᠡᠷᠢ ᠪᠠ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠪᠡ᠃ ᠰᠢᠷᠢᠰ ᠠᠵᠢᠯᠯᠠᠭ᠎ᠠ ᠶᠢᠨ ᠳᠤᠮᠳᠠ᠂ | ᠤᠨᠤᠯ ᠤᠨ ᠤᠬᠠᠭᠤᠯᠭ᠎ᠠ᠂ ᠤᠷᠠᠨ ᠰᠠᠶᠢᠬᠠᠨ ᠤ ᠲᠣᠭᠯᠠᠯᠲᠠ ᠵᠡᠷᠭᠡ ᠠᠯᠢ ᠤᠯᠠᠨ ᠤᠩᠰᠢᠯᠭ᠎ᠠ ᠶᠢᠨ ᠠᠵᠢᠯᠯᠠᠭ᠎ᠠ ᠶᠢ | ᠲᠡᠭᠦᠯᠳᠡᠷᠵᠢᠭᠦᠯᠵᠦ᠂ ᠣᠷᠣᠯᠴᠠᠭᠰᠠᠳ ᠢ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ | ᠤᠩᠰᠢᠯᠭ᠎ᠠ ᠶᠢᠨ ᠪᠠᠶᠠᠷ ᠪᠠᠭ᠋ᠠᠳᠤᠯ ᠢ ᠡᠳ᠋ᠯᠡᠭᠦᠯᠵᠦ᠂ ᠰᠣᠯᠢᠯᠴᠠᠭ᠎ᠠ ᠪᠠ ᠬᠤᠷᠰᠢᠯᠴᠠᠭ᠎ᠠ ᠶᠢ ᠨᠡᠮᠡᠭᠳᠡᠭᠦᠯᠵᠦ᠂ | ᠤᠩᠰᠢᠯᠭ᠎ᠠ ᠶᠢᠨ ᠳᠤᠷ᠎ᠠ ᠰᠣᠨᠢᠷᠬᠠᠯ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠨ᠎ᠠ᠃ | ᠲᠠᠷᠠᠭᠠᠴᠢ ᠶᠢᠨ ᠠᠯᠬᠤᠮ ᠳᠤ᠂ ᠳ᠋ᠦᠩ ᠾᠧ ᠲᠣᠭᠤᠷᠢᠭ ᠤᠨ ᠬᠢᠨ ︽ ᠰᠢᠨ᠎ᠡ ᠴᠠᠭ ᠦᠶ᠎ᠡ ᠶᠢᠨ ᠬᠥᠳᠡᠭᠡ | ᠲᠣᠰᠬᠤᠨ ᠤ ᠤᠩᠰᠢᠯᠭ᠎ᠠ ᠶᠢᠨ ᠤᠯᠠᠷᠢᠯ︾ ᠤᠨ ᠰᠢᠷᠢᠰ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠨᠠᠩ ᠣᠯᠠᠨ | ᠲᠣᠰᠬᠤᠨ ᠤ ᠠᠷᠠᠳ ᠢ ᠲᠠᠲᠠᠵᠤ ᠲᠠᠯ᠎ᠠ ᠨᠤᠲᠤᠭ ᠤᠨ ᠨᠣᠮ ᠤᠨ ᠥᠷᠥᠭᠡ ᠳᠤ ᠣᠴᠢᠭᠤᠯᠤᠨ ᠮᠡᠳᠡᠯᠭᠡ ᠰᠢᠩᠭᠡᠭᠡᠨ | ᠠᠪᠴᠤ᠂ ᠲᠥᠷᠥᠭᠳᠡᠯ ᠢᠶᠠᠨ ᠰᠣᠯᠢᠯᠴᠠᠵᠤ᠂ ᠳᠤᠷ᠎ᠠ ᠰᠣᠨᠢᠷᠬᠠᠯ ᠢ ᠬᠥᠮᠦᠵᠢᠭᠦᠯᠵᠦ᠂ ᠪᠥᠬᠦ ᠠᠷᠠᠳ ᠤᠨ | ᠤᠩᠰᠢᠯᠭ᠎ᠠ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠳᠡᠯᠭᠡᠷᠡᠭᠦᠯᠵᠦ᠂ ᠪᠣᠬᠢᠷᠲᠤᠯ ᠥᠬᠡᠶ ᠤᠩᠰᠢᠯᠭ᠎ᠠ ᠶᠢ | ᠰᠠᠨᠠᠭᠠᠴᠢᠯᠠᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠦᠨᠡᠨ ᠬᠦ ᠬᠦᠴᠦᠨ ᠨᠡᠮᠡᠷᠢᠯᠡᠨ᠎ᠡ᠃ |