ᠳ᠋ᠦᠩ ᠾᠧ ᠲᠣᠭᠤᠷᠢᠭ 2025 ᠣᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠨᠥᠬᠦᠪᠥᠷᠢ ᠶᠢᠨ ᠪᠠᠯᠠ ᠮᠥᠩᠭᠦ ᠶᠢᠨ ᠲᠥᠷᠥᠯ ᠵᠦᠢᠯ ᠢ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠲᠤᠬᠠᠶ ᠠᠯᠪᠠᠨ ᠵᠠᠷ ᠨᠡᠶᠢᠳᠡᠯᠡᠪᠡ
ᠨᠡᠶᠢᠲᠡᠯᠡᠭᠰᠡᠨ ᠴᠠᠭ᠄
2024/9/5
     ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢᠨ ᠨᠥᠬᠦᠪᠥᠷᠢ ᠶᠢᠨ ᠪᠠᠯᠠ ᠮᠥᠩᠭᠦ ᠶᠢᠨ ᠲᠥᠷᠥᠯ ᠵᠦᠢᠯ ᠢ ᠠᠬᠢᠭᠤᠯᠬᠤ ᠱᠠᠭᠠᠷᠳᠠᠯᠭ᠎ᠠ ᠶᠣᠰᠣᠭᠠᠷ᠂ ︽ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠮᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠨ ᠲᠣᠭᠲᠠᠭᠠᠵᠤ᠂ ᠡᠳᠦᠭᠡ ᠳᠣᠤᠷᠠᠬᠢ ᠲᠥᠷᠥᠯ ᠵᠦᠢᠯ ᠢ ᠳ᠋ᠦᠩ ᠾᠧ ᠲᠣᠭᠤᠷᠢᠭ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠨᠥᠬᠦᠪᠥᠷᠢ ᠶᠢᠨ ᠪᠠᠯᠠ ᠮᠥᠩᠭᠦ ᠶᠢᠨ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠪᠠᠷ ᠲᠣᠭᠲᠠᠪᠠ᠃      1. ᠳ᠋ᠦᠩ ᠾᠧ ᠲᠣᠭᠤᠷᠢᠭ ᠤᠨ ᠾᠧ ᠳ᠋ᠦᠩ ᠪᠠᠯᠭᠠᠰᠤᠨ ᠤ ᠸᠠᠩ ᠳ᠋ᠠ ᠬᠠᠨ ᠲᠣᠰᠬᠤᠨ ᠤ ᠤᠯᠠᠮᠵᠢᠯᠠᠯᠲᠤ ᠭᠠᠷ ᠤᠷᠠᠯᠠᠯ ᠤᠨ ᠪᠤᠷᠴᠠᠭ ᠤᠨ ᠦᠢᠯᠡᠳᠪᠦᠷᠢ ᠶᠢᠨ ᠶᠡᠷᠦᠩᠬᠡᠢ ᠪᠡᠯᠡ ᠣᠷᠣᠭᠤᠯᠤᠯᠲᠠ 70 ᠲᠦᠮᠡᠨ ᠲᠥᠭᠦᠷᠢᠭ᠂ 60 ᠲᠦᠮᠡᠨ ᠲᠥᠭᠦᠷᠢᠭ ᠤᠨ ᠪᠡᠯᠡ ᠮᠥᠩᠭᠦ ᠣᠯᠬᠤ ᠪᠠᠷ ᠴᠢᠷᠮᠠᠶᠢᠨ᠎ᠠ᠃      2. ᠳ᠋ᠦᠩ ᠾᠧ ᠲᠣᠭᠤᠷᠢᠭ ᠤᠨ ᠰᠠᠷᠠᠴᠢᠨ ᠪᠠᠯᠭᠠᠰᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠡᠶᠢᠲᠡ 220 ᠲᠦᠮᠡᠨ ᠲᠥᠭᠦᠷᠢᠭ ᠤᠨ ᠪᠡᠯᠡ ᠣᠷᠣᠭᠤᠯᠵᠤ᠂ 180 ᠲᠦᠮᠡᠨ ᠲᠥᠭᠦᠷᠢᠭ ᠤᠨ ᠪᠡᠯᠡ ᠮᠥᠩᠭᠦ ᠣᠯᠬᠤ ᠪᠠᠷ ᠴᠢᠷᠮᠠᠶᠢᠨ᠎ᠠ᠃      3. ᠳ᠋ᠦᠩ ᠾᠧ ᠲᠣᠭᠤᠷᠢᠭ ᠤᠨ ᠰᠠᠷᠠᠴᠢᠨ ᠪᠠᠯᠭᠠᠰᠤᠨ ᠤ ᠳ᠋ᠧᠩ ᠵᠢᠶᠠ ᠶᠢᠨ ᠽᠢ ᠲᠣᠰᠬᠤᠨ ᠤ ᠣᠷᠭᠠᠨᠢᠭ ᠪᠣᠷᠳᠣᠭᠤᠷ ᠦᠢᠯᠡᠳᠪᠦᠷᠢᠯᠡᠬᠦ ᠲᠦᠭᠦᠬᠡᠶ ᠮᠠᠲ᠋ᠧᠷᠢᠶᠠᠯ ᠬᠠᠳᠠᠭᠠᠯᠠᠬᠤ ᠦᠢᠯᠡᠳᠪᠦᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠡᠶᠢᠲᠡ 88 ᠲᠦᠮᠡᠨ ᠲᠥᠭᠦᠷᠢᠭ ᠤᠨ ᠪᠡᠯᠡ ᠣᠷᠣᠭᠤᠯᠵᠤ᠂ 48 ᠲᠦᠮᠡᠨ ᠲᠥᠭᠦᠷᠢᠭ ᠤᠨ ᠪᠡᠯᠡ ᠮᠥᠩᠭᠦ ᠣᠯᠬᠤ ᠪᠠᠷ ᠴᠢᠷᠮᠠᠶᠢᠨ᠎ᠠ᠃      4᠂ ᠳ᠋ᠦᠩ ᠾᠧ ᠲᠣᠭᠤᠷᠢᠭ ᠤᠨ ᠰᠠᠷᠠᠴᠢᠨ ᠪᠠᠯᠭᠠᠰᠤᠨ ᠤ ᠰᠠᠷᠠᠴᠢᠨ ᠬᠤᠶᠠᠳᠤᠭᠠᠷ ᠲᠣᠰᠬᠤᠨ ᠤ ᠵᠠᠮ ᠢ ᠬᠠᠲᠠᠭᠤᠷᠠᠭᠤᠯᠬᠤ ᠲᠥᠷᠥᠯ ᠵᠦᠢᠯ ᠨᠡᠶᠢᠲᠡ 20 ᠲᠦᠮᠡᠨ ᠲᠥᠭᠦᠷᠢᠭ ᠤᠨ ᠪᠠᠯᠠ ᠣᠷᠣᠭᠤᠯᠵᠤ᠂ 18 ᠲᠦᠮᠡᠨ ᠲᠥᠭᠦᠷᠢᠭ ᠤᠨ ᠪᠠᠯᠠ ᠮᠥᠩᠭᠦ ᠤᠯᠬᠤ ᠪᠠᠷ ᠴᠢᠷᠮᠠᠶᠢᠨ᠎ᠠ᠃      5. ᠳ᠋ᠦᠩ ᠾᠧ ᠲᠣᠭᠤᠷᠢᠭ ᠤᠨ ᠰᠠᠷᠠᠴᠢᠨ ᠪᠠᠯᠭᠠᠰᠤ ᠶᠢᠨ ᠲᠤᠭᠴᠢ ᠲᠣᠰᠬᠤᠨ ᠤ ᠬᠦᠷᠢᠶᠡᠯᠡᠩ ᠲᠣᠭᠤᠷᠢᠭ ᠤᠨ ᠵᠠᠮ ᠢ ᠬᠠᠲᠠᠭᠤᠷᠠᠭᠤᠯᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠥᠢᠯ ᠳᠤ ᠶᠡᠷᠦᠩᠬᠡᠶ ᠪᠠᠯᠠ ᠣᠷᠣᠭᠤᠯᠤᠯᠲᠠ ᠨᠢ 23 ᠲᠦᠮᠡᠨ ᠲᠥᠭᠦᠷᠢᠭ ᠪᠠᠶᠢᠵᠤ᠂ 20 ᠲᠦᠮᠡᠨ ᠲᠥᠭᠦᠷᠢᠭ ᠤᠨ ᠪᠠᠯᠠ ᠮᠥᠩᠭᠦ ᠤᠯᠬᠤ ᠪᠠᠷ ᠴᠢᠷᠮᠠᠶᠢᠨ᠎ᠠ᠃      ᠠᠯᠪᠠᠨ ᠵᠠᠷ ᠨᠡᠶᠢᠲᠡᠯᠡᠬᠦ ᠴᠠᠭ᠄ 2024 ᠣᠨ ᠤ 9 ᠰᠠᠷ᠎ᠠ ᠶᠢᠨ 5 ᠤ ᠡᠳᠦᠷ ᠠᠴᠠ 9 ᠰᠠᠷ᠎ᠠ ᠶᠢᠨ 14 ᠤ ᠡᠳᠦᠷ      ᠬᠡᠷᠪᠡ ᠳᠡᠭᠡᠷᠡᠬᠢ ᠨᠢᠭᠡᠴᠢ ᠪᠠ ᠲᠥᠷᠥᠯ ᠵᠦᠢᠯ ᠳᠤ ᠣᠨᠳᠣᠤ ᠰᠠᠨᠠᠯ ᠲᠠᠢ ᠪᠠᠶᠢᠪᠠᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠳ᠋ᠦᠩ ᠾᠧ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠳᠤ ᠢᠯᠡᠴᠢᠯᠡᠨ ᠮᠡᠳᠡᠭᠦᠯᠦᠭᠰᠡᠨ ᠮᠠᠲ᠋ᠧᠷᠢᠶᠠᠯ ᠢᠶᠠᠨ ᠪᠢᠴᠢᠭ ᠢᠶᠠᠷ ᠳᠤᠷᠠᠳᠴᠤ ᠪᠣᠯᠤᠨ᠎ᠠ᠃      ᠬᠠᠶ᠋ᠢᠭ᠄ ᠳ᠋ᠦᠩ ᠾᠧ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ 315 ︵ᠨᠢᠭᠡ︶ ᠠᠯᠪᠠᠨ ᠭᠡᠷ      ᠬᠠᠷᠢᠯᠴᠠᠬᠤ ᠬᠥᠮᠦᠨ᠄ ᠯᠢ ᠶᠠ ᠨᠠᠨ      ᠬᠠᠷᠢᠯᠴᠠᠬᠤ ᠤᠲᠠᠰᠤ᠄ 4388312      ᠬᠢᠨᠠᠯᠲᠠ ᠲᠠᠯᠪᠢᠬᠤ ᠤᠲᠠᠰᠤ᠄ 12317
 
ᠢᠷᠡᠯᠲᠡ᠄ ᠳ᠋ᠦᠩ ᠾᠧ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1