ᠨᠠᠨ ᠮᠧᠨ ᠸᠠᠢ ᠵᠡᠭᠡᠯᠢ ᠭᠤᠳᠤᠮᠵᠢ ︽ᠬᠠᠬᠢᠷ ᠡᠪᠦᠯ ᠤᠨ ᠤᠯᠠᠷᠢᠯ ᠳᠤ ᠬᠠᠶᠢᠷ᠎ᠠ ᠬᠠᠯᠠᠮᠵᠢ ᠬᠦᠷᠭᠡᠵᠦ ︾ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/14
   ᠣᠶᠢᠷ᠎ᠠ ᠳᠤ᠂ ᠨᠠᠨ ᠮᠧᠨ ᠸᠠᠢ ᠵᠡᠭᠡᠯᠢ ᠭᠤᠳᠤᠮᠵᠢ ᠶᠢᠨ  ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠵᠢᠴᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠲᠠᠢ ᠭᠠᠷ ᠬᠤᠯᠪᠣᠨ ︽ᠬᠠᠬᠢᠷ ᠡᠪᠦᠯ ᠤᠨ ᠤᠯᠠᠷᠢᠯ ᠳᠤ ᠬᠠᠶᠢᠷ᠎ᠠ ᠬᠠᠯᠠᠮᠵᠢ ᠬᠦᠷᠭᠡᠬᠦ  ︾ ᠠᠵᠢᠯᠯᠠᠭ᠎ᠠ ᠥᠷᠨᠢᠭᠦᠯᠵᠦ᠂ 12 ᠠᠳᠠᠯ ᠠᠬᠤᠶ ᠶᠢᠨ ᠺᠣᠮᠫᠠᠨᠢ ᠶᠢᠨ ᠴᠡᠪᠡᠷᠴᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠲᠣᠬᠤᠨᠢᠭᠤᠯᠪᠠ᠃
   ᠠᠵᠢᠯᠯᠠᠭ᠎ᠠ ᠶᠢᠨ ᠳᠤᠮᠳᠠ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠲᠣᠬᠤᠨᠢᠭᠤᠯᠬᠤ ᠪᠣᠳᠠᠰ ᠢ ᠴᠡᠪᠡᠷᠯᠡᠭᠴᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠭᠠᠷ ᠲᠤ ᠬᠦᠷᠭᠡᠵᠦ᠂ ᠲᠡᠳᠡᠨ ᠤ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ ᠪᠠᠰᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠬᠤ ᠶᠢᠨ ᠬᠠᠮᠲᠤ ᠲᠡᠳᠡᠨ ᠢ ᠠᠵᠢᠯ ᠤᠨ ᠳᠤᠮᠳᠠ ᠪᠠᠨ ᠠᠮᠤᠷ ᠲᠦᠪᠰᠢᠨ ᠢ ᠠᠩᠬᠠᠷᠴᠤ᠂ ᠠᠵᠢᠯᠯᠠᠵᠤ ᠠᠮᠠᠷᠠᠬᠤ ᠪᠠᠨ ᠤᠶᠠᠯᠳᠤᠭᠤᠯᠵᠤ᠂ ᠭᠠᠳᠠᠨ᠎ᠠ ᠬᠦᠢᠲᠡᠨ ᠠᠴᠠ ᠰᠡᠷᠭᠡᠶᠢᠯᠡᠵᠦ ᠬᠥᠯᠳᠡᠬᠦ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠲᠣᠰ ᠪᠡᠶ᠎ᠡ ᠶᠢᠨ ᠠᠮᠤᠷ ᠲᠦᠪᠰᠢᠨ ᠪᠠ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ ᠭᠡᠵᠦ ᠵᠠᠬᠢᠪᠠ᠃    ᠳᠠᠷᠠᠭᠠᠴᠢ ᠶᠢᠨ ᠠᠯᠬᠤᠮ ᠳᠤ᠂ ᠨᠠᠨ ᠮᠧᠨ ᠸᠠᠢ ᠵᠡᠭᠡᠯᠢ ᠭᠤᠳᠤᠮᠵᠢ  ᠦᠷᠭᠦᠯᠵᠢᠯᠡᠨ ᠰᠠᠭᠤᠷᠢ ᠪᠠᠨ ᠪᠠᠲᠤᠳᠬᠠᠨ ᠦᠨᠳᠦᠰᠦ ᠪᠠᠨ ᠪᠠᠬᠢᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠥᠯᠥᠭᠡᠯᠡᠭᠴᠢ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠲᠠᠪᠴᠠᠩ ᠪᠠᠶᠢᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠠᠵᠢᠯ ᠤᠨ ᠦᠷᠭᠦᠯᠵᠢᠯᠡᠨ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠤᠨ᠎ᠠ᠃
 
ᠢᠷᠡᠯᠲᠡ᠄ ᠦᠨᠦᠳᠦᠷ ᠦᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1